ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠪᠤᠭᠤᠲᠤ ᠣᠷᠣᠨ ᠤ 2 × 66 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠤ ᠲᠥᠷᠥᠯ ᠵᠦᠢᠯ ᠤᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠦᠪᠰᠢᠶᠡᠷᠡᠬᠦ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/11/12
ᠬᠡᠯᠬᠢᠶᠡᠰᠦᠨ ᠨᠣᠮᠧᠷ᠄ 000014348/2024 — 06735ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 66 ᠳ᠋ᠤᠭᠠᠷ ᠲᠣᠭᠠᠲᠤᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 10 ᠳ᠋ᠤᠭᠠᠷ ᠰᠠᠷ᠎ᠠ ᠶᠢᠨ 20 ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ  ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠪᠤᠭᠤᠲᠤ ᠶᠢᠨ ᠰᠢ ᠭᠦᠢ ᠲᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠄  ᠮᠠᠨ ᠤ ᠲᠢᠩᠬᠢᠮ 2024 ᠣᠨ ᠤ 8 ᠳ᠋ᠤᠭᠠᠷ ᠰᠠᠷ᠎ᠠ ᠶᠢᠨ 28 ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠪᠤᠭᠤᠲᠤ ᠣᠷᠣᠨ ᠤ 2 × 66 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠤ ᠲᠥᠷᠥᠯ ᠵᠦᠢᠯ ᠤᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠬᠦ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ ᠃ ᠬᠢᠨᠠᠨ ᠪᠠᠶᠢᠴᠠᠭᠠᠭᠠᠳ ᠂ ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠵᠦ ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢ ᠵᠥᠪᠰᠢᠶᠡᠷᠡᠬᠦ ᠪᠠᠷ ᠲᠣᠭᠲᠠᠪᠠ ᠃  ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠪᠤᠭᠤᠲᠤ ᠣᠷᠣᠨ ᠤ 2 × 66 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠤ ᠲᠥᠷᠥᠯ ᠵᠦᠢᠯ ᠨᠢ ᠪᠤᠭᠤᠲᠤ ᠬᠤᠲᠠ ᠶᠢᠨ ᠰᠢᠭᠤᠶᠢᠲᠤ ᠲᠤᠭᠤᠷᠢᠭ ᠤᠨ ᠬᠢᠯᠢ ᠳᠤ ᠪᠠᠶᠢᠷᠢᠯᠠᠵᠤ ᠂ 66 ᠲᠦᠮᠡᠨ ᠺᠢᠯᠣᠸᠠᠲ ᠤᠨ ᠥᠨᠳᠥᠷ ᠪᠦᠲᠦᠮᠵᠢᠲᠡᠶ ᠬᠡᠲᠦ ᠵᠠᠭᠠᠭ ᠂ ᠨᠢᠭᠡ ᠤᠳᠠᠭ᠎ᠠ ᠳᠤ ᠳᠠᠬᠢᠨ ᠬᠠᠯᠠᠭᠠᠬᠤ ᠂ ᠳᠠᠮ ᠢᠶᠠᠷ ᠠᠭᠠᠷ ᠢᠶᠠᠷ ᠬᠥᠷᠥᠭᠡᠬᠦ ᠂ ᠴᠠᠷᠴᠠᠮᠠᠯ ᠠᠭᠤᠷ ᠤᠨ ᠲᠦᠷᠪᠢᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ 2 ᠰᠠᠤᠷᠢ ᠪᠠᠶᠢᠭᠤᠯᠵᠤ ᠂ ᠤᠲᠤᠭ᠎ᠠ ᠬᠡᠢ ᠶᠢᠨ ᠬᠦᠬᠦᠷ ᠦᠭᠡᠶᠢᠳᠡᠭᠦᠯᠬᠦ ᠵᠢᠴᠢ ᠱᠡᠦ ᠦᠭᠡᠶᠢᠳᠡᠭᠦᠯᠬᠦ ᠪᠡᠯᠡᠳᠬᠡᠮᠵᠢ ᠶᠢ ᠵᠡᠷᠭᠡ ᠳᠤᠨᠢ ᠪᠦᠲᠦᠭᠡᠨ ᠪᠠᠶᠢᠭᠤᠯᠬᠤ ᠶᠢᠨ ᠬᠠᠮᠲᠤ ᠥᠷᠭᠡᠳᠬᠡᠨ ᠪᠠᠶᠢᠭᠤᠯᠬᠤ ᠨᠥᠬᠦᠴᠡᠯ ᠦᠯᠡᠳᠡᠭᠡᠨ᠎ᠡ ᠃ ᠢᠨᠵᠧᠨᠧᠷᠢᠩ ᠤᠨ ᠠᠵᠢᠯ ᠪᠦᠷᠢᠯᠳᠦᠭᠦᠨ ᠳᠤ ᠦᠢᠯᠡᠳᠪᠦᠷᠢ ᠶᠢᠨ ᠲᠣᠭᠤᠷᠢᠭ ᠂ ᠪᠠᠷᠢᠯᠭ᠎ᠠ ᠶᠢᠨ ᠦᠢᠯᠡᠳᠪᠦᠷᠢᠯᠡᠯ ᠠᠮᠢᠳᠤᠷᠠᠯ ᠤᠨ ᠲᠣᠭᠤᠷᠢᠭ ᠂ ᠦᠢᠯᠡᠳᠪᠦᠷᠢ ᠶᠢᠨ ᠭᠠᠳᠠᠨᠠᠬᠢ ᠵᠠᠮ ᠂ ᠨᠡᠭᠦᠷᠡᠰᠦ ᠳᠠᠮᠵᠢᠭᠤᠯᠬᠤ ᠬᠥᠭᠡᠷᠭᠡ ᠵᠢᠴᠢ ᠴᠠᠬᠢᠯᠭᠠᠨ ᠬᠠᠩᠭᠠᠬᠤ ᠱᠤᠭᠤᠮ ᠵᠡᠷᠭᠡ ᠶᠢ ᠪᠠᠭᠲᠠᠭᠠᠨ᠎ᠠ ᠃ ᠢᠨᠵᠧᠨᠧᠷᠢᠩ ᠤᠨ ᠶᠡᠷᠦᠩᠭᠡᠢ ᠳᠠᠯᠠᠪᠠᠢ ᠨᠢ 69.87 ᠾᠧᠺᠲ᠋ᠠᠷ ᠪᠠᠶᠢᠵᠦ ᠂ ᠰᠢᠷᠣᠢ ᠶᠢᠨ ᠴᠢᠯᠠᠭᠤ ᠶᠢᠨ ᠶᠡᠷᠦᠩᠬᠡᠢ ᠬᠡᠮᠵᠢᠶ᠎ᠡ ᠨᠢ 65.78 ᠲᠦᠮᠡᠨ ᠪᠤᠰᠤᠭ᠎ᠠ ᠲᠦᠷᠪᠡᠯᠵᠢᠨ ᠮᠧᠲᠷ ᠪᠠᠶᠢᠪᠠ ᠃ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ 64.05 ᠳ᠋ᠦᠩᠰᠢᠭᠤᠷ ᠲᠥᠭᠦᠷᠢᠭ ᠲᠤ ᠬᠦᠷᠴᠡᠢ ᠃ ᠢᠨᠵᠧᠨᠧᠷᠢᠩ ᠨᠢ 2024 ᠣᠨ ᠤ 11 ᠳ᠋ᠦ᠋ᠭᠡᠷ ᠰᠠᠷ᠎ᠠ ᠳᠤ ᠠᠵᠢᠯ ᠢᠶᠠᠨ ᠡᠬᠢᠯᠡᠭᠦᠯᠵᠦ ᠂ 2027 ᠣᠨ ᠤ 3 ᠳ᠋ᠤᠭᠠᠷ ᠰᠠᠷ᠎ᠠ ᠳᠤ ᠠᠵᠢᠯ ᠢᠶᠠᠨ ᠳᠠᠭᠤᠰᠬᠠᠵᠤ ᠂ ᠶᠡᠷᠦᠩᠬᠡᠢ ᠪᠠᠷᠢᠯᠭ᠎ᠠ ᠶᠢᠨ ᠬᠤᠭᠤᠴᠠᠭ᠎ᠠ ᠨᠢ 29 ᠰᠠᠷ᠎ᠠ ᠪᠣᠯᠤᠨ᠎ᠠ ᠃  ᠨᠢᠭᠡ ᠂ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ 69.87 ᠾᠧᠺᠲ᠋ᠠᠷ ᠪᠣᠯᠤᠨ᠎ᠠ ᠃  ︵ᠬᠤᠶᠠᠷ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠳᠤ ᠪᠠᠷᠠᠭᠤᠨ ᠬᠤᠶᠢᠲᠦ ᠶᠢᠨ ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠦᠪᠰᠢᠶᠡᠷᠡᠨ᠎ᠡ ᠃  ︵ᠭᠤᠷᠪᠠ︶ ᠵᠢᠯ ᠤᠨ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢ ᠦᠨᠳᠦᠰᠦᠨ ᠳᠤ ᠪᠠᠨ ᠵᠥᠪᠰᠢᠶᠡᠷᠡᠪᠡ᠄ ᠤᠰᠤ ᠬᠦᠷᠦᠰᠦ ᠶᠢᠨ ᠢᠳᠡᠭᠳᠡᠯ ᠢ ᠵᠠᠰᠠᠬᠤ ᠬᠡᠮᠵᠢᠶ᠎ᠡ 93% ᠂ ᠤᠰᠤ ᠬᠦᠷᠦᠰᠦ ᠶᠢᠨ ᠢᠳᠡᠭᠳᠡᠯ ᠢ ᠬᠢᠵᠠᠭᠠᠷᠯᠠᠬᠤ ᠨᠣᠷᠮ᠎ᠠ 0.8% ᠂ ᠬᠤᠭ ᠰᠢᠷᠣᠶ ᠶᠢᠨ ᠰᠡᠷᠭᠡᠶᠢᠯᠡᠨ ᠬᠠᠮᠠᠭᠠᠯᠠᠬᠤ ᠨᠣᠷᠮ᠎ᠠ 92% ᠂ ᠤᠰᠤ ᠬᠦᠷᠦᠰᠦ ᠶᠢᠨ ᠬᠠᠮᠠᠭᠠᠯᠠᠯᠲᠠ ᠶᠢᠨ ᠨᠣᠷᠮ᠎ᠠ 90% ᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ 95% ᠂ ᠣᠶ ᠰᠢᠭᠤᠶ ᠡᠪᠡᠰᠦᠨ ᠤ ᠪᠦᠷᠬᠦᠴᠡ ᠶᠢᠨ ᠨᠣᠷᠮ᠎ᠠ 24% ᠪᠣᠯᠤᠨ᠎ᠠ ᠃  ︵ᠲᠦᠷᠪᠡ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ ᠃  ︵ᠲᠠᠪᠤ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠠᠬᠢ ᠤᠰᠤ ᠬᠦᠷᠦᠰᠦ ᠶᠢ ᠬᠠᠮᠠᠭᠠᠯᠠᠬᠤ ᠨᠥᠬᠦᠪᠥᠷᠢ ᠮᠥᠩᠭᠦ 118.779 ᠲᠦᠮᠡᠨ ᠲᠥᠭᠦᠷᠢᠭ ᠢ ᠦᠨᠳᠦᠰᠦᠨ ᠳᠤ ᠪᠠᠨ ᠵᠥᠪᠰᠢᠶᠡᠷᠡᠪᠡ ᠃  ᠬᠤᠶᠠᠷ ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠬᠦᠷᠦᠰᠦ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠤᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄  ︵ᠨᠢᠭᠡ︶ ᠵᠥᠪᠰᠢᠶᠡᠷᠡᠭᠰᠡᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠶᠣᠰᠣᠭᠠᠷ ᠂ ᠤᠰᠤ ᠬᠦᠷᠦᠰᠦ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ ᠬᠢᠵᠦ ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠂ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠬᠦᠷᠦᠰᠦ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠡᠵᠡᠯᠡᠬᠦ ᠂ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ ᠂ ᠤᠰᠤ ᠬᠦᠷᠦᠰᠦ ᠶᠢ ᠰᠠᠯᠭᠠᠬᠤ ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠬᠦᠷᠦᠰᠦ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ ᠬᠦᠷᠦᠰᠦ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ ᠃  ︵ᠭᠤᠷᠪᠠ︶ ᠤᠰᠤ ᠬᠦᠷᠦᠰᠦ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ ᠂ ᠤᠰᠤ ᠬᠦᠷᠦᠰᠦ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠪᠤᠭᠤᠲᠤ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠳᠤ ᠬᠢᠨᠠᠨ ᠬᠡᠮᠵᠢᠯᠲᠡ ᠶᠢᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ ᠃  ︵ᠲᠦᠷᠪᠡ︶ ᠤᠰᠤ ᠬᠦᠷᠦᠰᠦ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ ᠂ ᠤᠰᠤ ᠬᠦᠷᠦᠰᠦ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠬᠤ ᠬᠡᠷᠡᠭᠲᠡᠶ ᠃  ︵ᠲᠠᠪᠤ︶ ᠤᠰᠤ ᠬᠦᠷᠦᠰᠦ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳ ᠲᠤᠭ᠎ᠠ ᠪᠠᠷ ᠲᠤᠰᠢᠶᠠᠨ᠎ᠠ ᠃  ᠭᠤᠷᠪᠠ ᠂ ᠲᠤᠰ ᠵᠦᠢᠯ ᠤᠨ ᠭᠠᠵᠠᠷ ᠣᠷᠣᠨ ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠤᠶᠤ ᠤᠰᠤ ᠬᠦᠷᠦᠰᠦ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠬᠦᠷᠦᠰᠦ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯ ᠤᠰᠤ ᠬᠦᠷᠦᠰᠦ ᠶᠢ ᠬᠠᠮᠠᠭᠠᠯᠠᠬᠤ ᠲᠥᠰᠦᠯ ᠳᠤ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ       ᠬᠡᠷᠡᠭᠲᠡᠶ︔ ᠰᠢᠭᠠᠷᠤ ᠬᠠᠶᠠᠬᠤ ᠲᠠᠯᠠᠪᠤᠷ ᠢ ᠰᠢᠨ᠎ᠡ ᠪᠠᠷ ᠪᠠᠶᠢᠭᠤᠯᠬᠤ ᠴᠢᠬᠤᠯᠠ ᠲᠠᠢ ᠪᠣᠯ ᠰᠢᠭᠠᠷᠤ ᠬᠠᠶᠠᠬᠤ ᠠᠴᠠ ᠪᠠᠨ ᠡᠮᠦᠨ᠎ᠡ ᠤᠰᠤ ᠬᠦᠷᠦᠰᠦ ᠶᠢ ᠬᠠᠮᠠᠭᠠᠯᠠᠬᠤ ᠲᠥᠰᠥᠯ ᠤᠨ ᠨᠥᠬᠦᠪᠦᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ ᠃  ᠳᠥᠷᠪᠡ ᠂ ᠲᠠᠨ ᠤ ᠨᠢᠭᠡᠴᠢ ᠪᠣᠯ ᠲᠤᠰ ᠲᠥᠷᠥᠯ ᠵᠦᠢᠯ ᠤᠨ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ ᠂ ᠲᠤᠰ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ ᠂ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ ᠃ ᠡᠵᠡᠨ ᠮᠡᠳᠡᠨ ᠰᠢᠯᠭᠠᠨ ᠠᠪᠬᠤ ᠳᠤ ᠤᠰᠤ ᠬᠦᠷᠦᠰᠦ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠂ ᠪᠠᠷᠢᠮᠵᠢᠶ᠎ᠠ ᠶᠢᠨ ᠵᠢᠷᠤᠮᠵᠢᠯ ᠂ ᠤᠰᠤ ᠬᠦᠷᠦᠰᠦ ᠶᠢ ᠬᠠᠮᠠᠭᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ ᠂ ᠤᠰᠤ ᠬᠦᠷᠦᠰᠦ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ ᠂ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ ᠃ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠂ ᠠᠯᠪᠠᠨ ᠤ ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶᠢᠲᠡ ᠶᠢᠨ ᠣᠯᠵᠤ ᠮᠡᠳᠡᠭᠰᠡᠨ ᠨᠧᠲ ᠲᠤ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡᠯᠡᠵᠦ ᠂ ᠢᠯᠡ ᠨᠡᠶᠢᠲᠡᠯᠡᠬᠦ ᠴᠠᠭ ᠬᠤᠭᠤᠴᠠᠭ᠎ᠠ ᠶᠢ ᠨᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠨ ᠰᠢᠯᠭᠠᠨ ᠠᠪᠴᠤ ᠥᠩᠭᠡᠷᠡᠭᠰᠡᠨ ᠤ ᠳᠠᠷᠠᠭ᠎ᠠ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠨᠢ ᠰᠢᠯᠭᠠᠨ ᠠᠪᠬᠤ ᠶᠢ ᠳᠠᠮᠵᠢᠭᠰᠠᠨ ᠦᠭᠡᠶ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ ᠃  ᠲᠠᠪᠤ ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ ᠪᠦᠬᠦᠢ ᠬᠤᠭᠤᠴᠠᠭ᠎ᠠ ᠨᠢ 3 ᠵᠢᠯ ᠪᠣᠯᠤᠨ᠎ᠠ ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠪᠣᠯ ᠦᠢᠯᠡᠳᠪᠦᠷᠢᠯᠡᠵᠦ ᠪᠦᠲᠦᠭᠡᠨ ᠪᠠᠶᠢᠭᠤᠯᠬᠤ ᠨᠢᠭᠡᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 30 ᠠᠵᠢᠯᠯᠠᠬᠤ ᠡᠳᠦᠷ ᠤᠨ ᠡᠮᠦᠨ᠎ᠡ ᠮᠠᠨ ᠤ ᠲᠢᠩᠬᠢᠮ ᠳᠤ ᠳᠠᠬᠢᠨ ᠬᠢᠨᠠᠭᠤᠯᠬᠤ ᠪᠠᠷ ᠭᠤᠶᠤᠴᠢᠯᠠᠬᠤ ᠬᠡᠷᠡᠭᠲᠡᠶ ᠃ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ ᠪᠠᠷ ᠭᠤᠶᠤᠴᠢᠯᠠᠭᠰᠠᠨ ᠦᠭᠡᠶ ᠪᠤᠶᠤ ᠭᠤᠶᠤᠴᠢᠯᠠᠯ ᠢ ᠳᠠᠬᠢᠵᠤ ᠬᠢᠨᠠᠨ ᠬᠠᠷᠭᠤᠭᠤᠯᠬᠤ ᠪᠠᠷ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ ᠪᠣᠯᠤᠨ᠎ᠠ ᠃    ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ  2024 ᠣᠨ ᠤ 10 ᠳ᠋ᠤᠭᠠᠷ ᠰᠠᠷ᠎ᠠ ᠶᠢᠨ 8 ᠤ ᠡᠳᠦᠷ    ᠳᠠᠭᠠᠯᠳᠤᠭᠤᠯᠤᠯ᠄  ᠪᠤᠭᠤᠲᠤ ᠶᠢᠨ ᠨᠡᠭᠦᠷᠡᠰᠦ ᠴᠠᠬᠢᠯᠭᠠᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ︵ᠮᠡᠳᠡᠭᠦᠯᠦᠨ ᠵᠥᠪᠰᠢᠶᠡᠷᠡᠭᠦᠯᠬᠦ ᠨᠣᠤᠷᠠᠭ︶ ᠤᠨ ᠮᠡᠳᠡᠭᠦᠯᠦᠯᠲᠡ .pdf  ︽ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠪᠤᠭᠤᠲᠤ ᠣᠷᠣᠨ ᠤ 2 × 66 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠤ ᠲᠥᠷᠥᠯ ᠵᠦᠢᠯ ᠤᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ .pdf

 

 

 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号