ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠪᠣᠯᠲᠠᠯ᠎ᠠ᠂ ᠪᠦᠬᠦ ᠥᠪᠡᠷᠲᠡᠭᠡᠨ ᠵᠠᠰᠠᠬᠤ ᠣᠷᠣᠨ ᠤ ᠡᠨᠡ ᠵᠢᠯ ᠤᠨ | ᠰᠢᠨ᠎ᠡ ᠪᠠᠷ ᠨᠡᠮᠡᠭᠳᠡᠭᠰᠡᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠢ | 374.96 ᠲᠦᠮᠡᠨ ᠮᠦ ᠪᠠᠶᠢᠵᠦ᠂ 2016 ᠣᠨ ᠠᠴᠠ ᠡᠬᠢᠯᠡᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠲᠠᠯᠠᠪᠠᠢ | ᠨᠡᠶᠢᠲᠡ 4968.83 ᠲᠦᠮᠡᠨ ᠮᠦ ᠳᠤ ᠬᠦᠷᠴᠦ᠂ ᠶᠡᠷᠦᠩᠬᠡᠢ ᠡᠭᠦᠷᠭᠡ ᠶᠢᠨ 104.7% ᠶᠢ ᠡᠵᠡᠯᠡᠵᠦ᠂ 1 ᠵᠢᠯ | ᠤᠷᠢᠳᠴᠢᠯᠠᠨ ᠥᠭᠡᠷᠡᠴᠢᠯᠡᠯᠲᠡ ᠶᠢᠨ ᠡᠭᠦᠷᠭᠡ ᠪᠠᠨ ᠪᠡᠶᠡᠯᠡᠭᠦᠯᠪᠡ᠃ | ᠥᠪᠥᠷ ᠮᠣᠩᠭᠤᠯ ᠪᠣᠯ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠣᠮᠣ ᠣᠷᠣᠨ ᠪᠣᠯᠬᠤ | ᠪᠥᠭᠡᠳ ᠲᠠᠷᠢᠶᠠᠯᠠᠩ ᠳᠤ ᠬᠡᠷᠡᠭᠯᠡᠬᠦ ᠤᠰᠤᠨ ᠤ ᠬᠡᠮᠵᠢᠶ᠎ᠡ ᠨᠢ ᠪᠦᠬᠦ ᠥᠪᠡᠷᠲᠡᠭᠡᠨ ᠵᠠᠰᠠᠬᠤ ᠣᠷᠣᠨ ᠤ ᠤᠰᠤ ᠬᠡᠷᠡᠭᠯᠡᠬᠦ | ᠶᠡᠷᠦᠩᠬᠡᠶ ᠬᠡᠮᠵᠢᠶ᠎ᠡ ᠶᠢᠨ 60% ᠠᠴᠠ ᠳᠡᠭᠡᠭᠰᠢᠬᠢ ᠶᠢ ᠡᠵᠡᠯᠡᠵᠦ ᠪᠤᠶ᠃ ᠥᠪᠥᠷ ᠮᠣᠩᠭᠤᠯ ᠣᠶᠢᠷ᠎ᠠ ᠶᠢᠨ | ᠵᠢᠯ ᠤᠳ ᠲᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠶᠡᠭᠡ ᠪᠠᠷ | ᠠᠬᠢᠭᠤᠯᠵᠤ᠂ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠳᠠᠯᠳᠠ ᠬᠦᠴᠦᠨ ᠢ ᠭᠦᠨ ᠠᠭᠤᠳᠠᠯᠵᠤ᠂ | ᠲᠠᠷᠢᠶᠠᠯᠠᠩ ᠳᠤ ᠬᠡᠷᠡᠭᠯᠡᠬᠦ ᠤᠰᠤ ᠶᠢ ᠪᠦᠳᠦᠭᠦᠯᠢᠭ ᠪᠥᠭᠡᠳ ᠳᠣᠤᠷ᠎ᠠ ᠦᠷ᠎ᠡ ᠠᠰᠢᠭ ᠠᠴᠠ ᠠᠷᠪᠢᠲᠠᠶ ᠪᠥᠭᠡᠳ | ᠡᠷᠴᠢᠮᠯᠢᠭ ᠲᠡᠶᠢᠰᠢ ᠬᠤᠪᠢᠷᠠᠭᠤᠯᠬᠤ ᠶᠢ ᠠᠬᠢᠭᠤᠯᠪᠠ᠃ 2024 ᠣᠨ ᠠᠴᠠ ᠨᠠᠭᠠᠰᠢ᠂ ᠥᠪᠥᠷ ᠮᠣᠩᠭᠤᠯ ᠴᠠᠭ | ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠶᠡᠭᠡ ᠪᠠᠷ ᠠᠬᠢᠭᠤᠯᠪᠠ᠃ | ᠣᠳᠣᠬᠠᠨ ᠳᠤ᠂ ᠥᠭᠡᠷᠡᠴᠢᠯᠡᠯᠲᠡ ᠳᠤ ᠬᠤᠯᠪᠣᠭᠳᠠᠭᠰᠠᠨ 82 ᠬᠤᠰᠢᠭᠤ ᠰᠢᠶᠠᠨ ᠬᠤᠲᠠ ᠲᠣᠭᠤᠷᠢᠭ ᠲᠤ ᠴᠥᠮ | ᠲᠠᠷᠢᠶᠠᠯᠠᠩ ᠳᠤ ᠬᠡᠷᠡᠭᠯᠡᠬᠦ ᠤᠰᠤᠨ ᠤ ᠬᠠᠮᠢᠶᠠᠷᠤᠯᠲᠠ᠂ ᠲᠠᠷᠢᠶᠠᠯᠠᠩ ᠤᠨ ᠤᠰᠤᠨ ᠤ ᠦᠨ᠎ᠡ ᠶᠢᠨ ᠪᠦᠷᠢᠯᠳᠦᠯ᠂ | ᠨᠠᠷᠢᠯᠢᠭ ᠣᠨᠣᠴᠠᠲᠠᠶ ᠨᠥᠬᠦᠪᠥᠷᠢ ᠪᠠ ᠤᠰᠤ ᠠᠷᠪᠢᠯᠠᠬᠤ ᠱᠠᠩᠨᠠᠯ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ | ᠪᠠ ᠬᠠᠮᠢᠶᠠᠷᠤᠯᠲᠠ ᠬᠠᠮᠠᠭᠠᠯᠠᠯᠲᠠ ᠵᠡᠷᠭᠡ 4 ᠵᠦᠢᠯ ᠤᠨ ᠲᠣᠭᠲᠠᠴᠠ ᠶᠢ ᠪᠠᠶᠢᠭᠤᠯᠪᠠ᠃ ᠳᠠᠷᠠᠭᠠᠴᠢ ᠶᠢᠨ | ᠠᠯᠬᠤᠮ ᠳᠤ᠂ ᠥᠪᠥᠷ ᠮᠣᠩᠭᠤᠯ ᠤᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠪᠠᠬᠢᠵᠢᠭᠦᠯᠦᠨ ᠳᠡᠭᠡᠭᠰᠢᠯᠡᠭᠦᠯᠬᠦ ᠱᠠᠲᠤᠨ ᠳᠤ ᠣᠷᠣᠨ᠎ᠠ᠃ | | ︵︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾ ᠠᠴᠠ ᠰᠢᠯᠵᠢᠭᠦᠯᠪᠡ︶ | |