ᠳᠠᠭ᠎ᠠ ᠶᠢᠨ ᠨᠠᠭᠤᠷ ᠤᠨ ᠤᠰᠤᠨ ᠭᠠᠳᠠᠷᠭᠤ ᠶᠢᠨ ᠠᠭᠤᠷᠰᠢᠯᠳᠠ ᠶᠢᠨ ᠲᠤᠷᠰᠢᠯᠲᠠ ᠶᠢᠨ ᠥᠷᠲᠡᠭᠡ᠄ ᠰᠢᠨᠵᠢᠯᠡᠬᠦ ᠤᠬᠠᠭᠠᠨ ᠤ ᠰᠤᠳᠤᠯᠭᠠᠨ ᠬᠢᠵᠦ ᠠᠮᠢ ᠠᠬᠤᠶ ᠶᠢ ᠶᠡᠷᠦᠩᠬᠡᠶᠢᠯᠡᠨ ᠵᠠᠰᠠᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/11/21
  ᠡᠪᠦᠯ ᠤᠨ ᠡᠬᠢᠨ ᠤ ᠡᠪᠦᠯ ᠤᠨ ᠤᠯᠠᠷᠢᠯ ᠳᠤ᠂ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠤᠰᠤᠨ ᠭᠠᠳᠠᠷᠭᠤ ᠶᠢᠨ ᠠᠭᠤᠷᠰᠢᠯᠲᠠ ᠶᠢᠨ ᠲᠤᠷᠰᠢᠯᠲᠠ ᠶᠢᠨ ᠥᠷᠲᠡᠭᠡ ᠨᠠᠮᠤᠭᠤᠬᠠᠨ ᠪᠥᠭᠡᠳ ᠴᠡᠪᠡᠷ ᠰᠠᠶᠢᠬᠠᠨ ᠪᠠᠶᠢᠵᠤ᠂ ᠲᠤᠷᠰᠢᠯᠲᠠ ᠶᠢᠨ ᠲᠠᠯᠠᠪᠤᠷ ᠳᠣᠲᠣᠷᠠᠬᠢ ᠲᠡᠷᠢ ᠲᠡᠭᠰᠢ ᠲᠣᠨᠤᠭ ᠲᠥᠬᠦᠭᠡᠷᠦᠮᠵᠢ ᠨᠢ ᠨᠡᠷᠡᠨ ᠤ ᠭᠡᠷᠡᠯ ᠤᠨ ᠳᠣᠣᠷ᠎ᠠ ᠠᠵᠢᠯ ᠤᠨ ᠪᠠᠶᠢᠷᠢ ᠪᠠᠨ ᠪᠠᠲᠤ ᠰᠠᠬᠢᠵᠤ᠂ ᠤᠰᠤᠨ ᠠᠭᠤᠷ ᠨᠢᠭᠡᠪᠦᠷᠢ ᠶᠢᠨ ᠬᠤᠪᠢᠷᠠᠯᠲᠠ ᠶᠢ ᠨᠠᠷᠢᠨ ᠲᠡᠮᠳᠡᠭᠯᠡᠵᠦ᠂ ᠤᠰᠤᠨ ᠰᠢᠨᠵᠢᠯᠡᠭᠡᠨ ᠤ ᠠᠵᠢᠯᠲᠠᠨ ᠰᠢᠭ ᠢᠶᠠᠷ᠂ ᠨᠢᠭᠡ ᠲᠠᠯ᠎ᠠ ᠶᠢᠨ ᠭᠤᠤᠯ ᠤᠨ ᠤᠰᠤ ᠶᠢ ᠬᠠᠮᠠᠭᠠᠯᠠᠬᠤ ᠶᠢᠨ ᠲᠥᠯᠥᠭᠡ ᠥᠪᠡᠷ ᠤᠨ ᠴᠢᠷᠮᠠᠶᠢᠯᠭ᠎ᠠ ᠪᠠᠨ ᠭᠠᠷᠭᠠᠵᠤ ᠪᠠᠶᠢᠯ᠎ᠠ᠃    ᠣᠶᠢᠷ᠎ᠠ ᠳᠤ᠂ ᠰᠤᠷᠪᠤᠯᠵᠢᠯᠠᠭᠴᠢ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠤᠰᠤᠨ ᠭᠠᠳᠠᠷᠭᠤ ᠶᠢᠨ ᠠᠭᠤᠷᠰᠢᠯᠲᠠ ᠶᠢᠨ ᠲᠤᠷᠰᠢᠯᠲᠠ ᠶᠢᠨ ᠥᠷᠲᠡᠭᠡ ᠳᠤ ᠬᠦᠷᠴᠦ᠂ ᠲᠤᠷᠰᠢᠯᠲᠠ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ᠂ ᠡᠵᠡᠩᠨᠡᠯᠲᠡ ᠵᠢᠴᠢ ᠳᠠᠭ᠎ᠠ ᠶᠢᠨ ᠨᠠᠭᠤᠷ ᠤᠨ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠳᠤ ᠦᠵᠡᠭᠦᠯᠦᠭᠰᠡᠨ ᠬᠤᠪᠢ ᠨᠡᠮᠡᠷᠢ ᠶᠢ ᠣᠶᠢᠯᠠᠭᠠᠪᠠ᠃  ᠳᠠᠭ᠎ᠠ ᠶᠢᠨ ᠨᠠᠭᠤᠷ ᠤᠨ ᠤᠰᠤᠨ ᠭᠠᠳᠠᠷᠭᠤ ᠶᠢᠨ ᠠᠭᠤᠷᠰᠢᠯᠳᠠ ᠶᠢᠨ ᠲᠤᠷᠰᠢᠯᠲᠠ ᠶᠢᠨ ᠥᠷᠲᠡᠭᠡ ᠶᠢ 2021 ᠣᠨ ᠤ 12 ᠳ᠋ᠤᠭᠠᠷ ᠰᠠᠷ᠎ᠠ ᠳᠤ ᠡᠬᠢᠯᠡᠨ ᠪᠠᠶᠢᠭᠤᠯᠵᠤ᠂ 2023 ᠣᠨ ᠤ 3 ᠳ᠋ᠤᠭᠠᠷ ᠰᠠᠷ᠎ᠠ ᠳᠤ ᠪᠥᠬᠦ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠲᠤᠷᠰᠢᠯᠲᠠ ᠶᠢᠨ ᠥᠷᠲᠡᠭᠡ ᠶᠢ ᠨᠢᠭᠡᠨᠲᠡ 21 ᠰᠠᠷ᠎ᠠ ᠳᠠᠷᠠᠭᠠᠯᠠᠨ ᠠᠵᠢᠭᠯᠠᠵᠤ᠂ ᠨᠡᠶᠢᠲᠡ 27 ᠲᠦᠮᠡᠨ ᠵᠤᠷᠪᠤᠰ ᠲᠤᠭ᠎ᠠ ᠪᠠᠷᠢᠮᠲᠠ ᠴᠤᠭᠯᠠᠭᠤᠯᠵᠤ᠂ ᠡᠯ᠎ᠡ ᠲᠥᠬᠦᠭᠡᠷᠦᠮᠵᠢ ᠴᠥᠮ ᠬᠡᠪ ᠤᠨ ᠶᠣᠰᠣᠭᠠᠷ ᠠᠵᠢᠯᠯᠠᠵᠤ ᠪᠠᠶᠢᠨ᠎ᠠ᠃ ᠲᠤᠷᠰᠢᠯᠲᠠ ᠶᠢᠨ ᠥᠷᠲᠡᠭᠡ ᠶᠢᠨ ᠣᠲᠣ ᠶᠢᠨ ᠪᠠᠶᠢᠭ᠎ᠠ ᠵᠢᠩᠬᠢᠨᠢ ᠠᠵᠢᠯᠲᠠᠨ ᠵᠢᠷᠭᠤᠭᠠᠨ ᠨᠡᠷᠡᠰ᠂ ᠲᠡᠳᠡᠨ ᠤ ᠡᠳᠦᠷ ᠪᠦᠷᠢ ᠶᠢᠨ ᠭᠤᠤᠯ ᠠᠵᠢᠯ ᠳᠤ ᠲᠥᠬᠦᠭᠡᠷᠦᠮᠵᠢ ᠶᠢᠨ ᠠᠵᠢᠭᠯᠠᠯᠲᠠ᠂ ᠪᠡᠯᠡᠳᠬᠡᠮᠵᠢ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠬᠤ ᠵᠢᠴᠢ ᠪᠠᠶᠢᠴᠠᠭᠠᠨ ᠬᠠᠮᠢᠶᠠᠷᠬᠤ ᠶᠢ ᠪᠠᠭᠲᠠᠭᠠᠵᠤ᠂ ᠰᠠᠭᠤᠷᠢ ᠪᠡᠯᠡᠳᠬᠡᠮᠵᠢ ᠵᠢᠴᠢ ᠲᠥᠬᠦᠭᠡᠷᠦᠮᠵᠢ ᠶᠢᠨ ᠬᠡᠪ ᠤᠨ ᠬᠡᠷᠡᠭᠯᠡᠯᠲᠡ ᠶᠢ ᠬᠢᠨᠠᠨ ᠬᠡᠮᠵᠢᠵᠦ᠂ ᠣᠷᠴᠢᠨ ᠲᠣᠭᠤᠷᠢᠨ ᠢ ᠡᠪᠳᠡᠬᠦ ᠥᠬᠡᠶ ᠪᠠᠶᠢᠬᠤ ᠶᠢ ᠦᠨᠡᠨ ᠬᠦ ᠪᠠᠲᠤᠯᠠᠪᠠ᠃  ᠲᠤᠷᠰᠢᠯᠲᠠ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠨᠢ ᠳᠠᠭ᠎ᠠ ᠶᠢᠨ ᠨᠠᠭᠤᠷ ᠤᠨ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠳᠤ ᠬᠦᠴᠦᠲᠡᠶ ᠮᠡᠷᠭᠡᠵᠢᠯ ᠤᠨ ᠳᠡᠮᠵᠢᠯᠭᠡ ᠪᠠ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠭᠰᠠᠨ ᠪᠠᠶᠢᠨ᠎ᠠ᠃ ᠬᠠᠭᠤᠷᠠᠶ ᠳᠡᠭᠡᠷᠡᠬᠢ ᠤᠰᠤᠨ ᠭᠠᠳᠠᠷᠭᠤ ᠶᠢᠨ ᠠᠭᠤᠷᠰᠢᠯᠲᠠ ᠶᠢᠨ ᠲᠤᠷᠰᠢᠯᠲᠠ ᠶᠢᠨ ᠲᠠᠯᠠᠪᠠᠶ᠂ ᠭᠠᠵᠠᠷ ᠤᠨ ᠳᠤᠮᠳᠠᠬᠢ ᠠᠭᠤᠷᠰᠢᠯᠲᠠ ᠶᠢᠨ ᠲᠤᠷᠰᠢᠯᠲᠠ ᠶᠢᠨ ᠲᠠᠯᠠᠪᠠᠶ ᠵᠡᠷᠭᠡ ᠪᠠᠷ ᠳᠠᠮᠵᠢᠭᠤᠯᠤᠨ᠂ ᠲᠤᠷᠰᠢᠯᠲᠠ ᠶᠢᠨ ᠥᠷᠲᠡᠭᠡ ᠨᠢ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠳᠣᠲᠣᠷᠠᠬᠢ ᠤᠰᠤᠨ ᠭᠠᠳᠠᠷᠭᠤ ᠶᠢᠨ ᠠᠭᠤᠷᠰᠢᠯᠲᠠ ᠶᠢᠨ ᠵᠢᠮ᠎ᠡ ᠶᠣᠰᠣ ᠶᠢ ᠰᠤᠳᠤᠯᠵᠤ᠂ ᠴᠠᠭ ᠠᠭᠤᠷ ᠤᠨ ᠬᠦᠴᠦᠨ ᠵᠦᠢᠯ ᠤᠨ ᠤᠰᠤᠨ ᠤ ᠭᠠᠳᠠᠷᠭᠤ ᠠᠭᠤᠷᠰᠢᠬᠤ ᠪᠠ ᠤᠰᠤ ᠬᠦᠷᠦᠰᠦ ᠶᠢᠨ ᠤᠰᠤᠨ ᠤ ᠠᠭᠤᠯᠤᠭᠳᠠᠴᠠ ᠵᠡᠷᠭᠡ ᠣᠯᠠᠨ ᠬᠦᠴᠦᠨ ᠵᠦᠢᠯ ᠤᠨ ᠨᠥᠯᠥᠭᠡᠯᠡᠬᠦ ᠵᠢᠮ᠎ᠡ ᠶᠣᠰᠣ ᠵᠢᠴᠢ ᠬᠠᠷᠢᠴᠠᠭ᠎ᠠ ᠶᠢ ᠵᠠᠳᠠᠯᠪᠠ᠃ ᠡᠳᠡᠭᠡᠷ ᠰᠤᠳᠤᠯᠭᠠᠨ ᠨᠢ ᠠᠭᠤᠷᠰᠢᠯᠲᠠ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠰᠦᠪᠡᠭᠴᠢᠯᠡᠨ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠬᠦ ᠳᠤ ᠨᠢ ᠠᠰᠢᠭᠲᠠᠢ ᠪᠠᠶᠢᠳᠠᠭ᠃ ᠡᠭᠦᠨ ᠤ ᠬᠠᠮᠲᠤ᠂ ᠲᠤᠷᠰᠢᠯᠲᠠ ᠶᠢᠨ ᠥᠷᠲᠡᠭᠡ ᠪᠠᠰᠠ ᠤᠷᠭᠤᠮᠠᠯ ᠤᠨ ᠬᠤᠴᠢᠯᠭ᠎ᠠ ᠶᠢᠨ ᠤᠰᠤ ᠠᠷᠪᠢᠯᠠᠬᠤ ᠵᠢᠮ᠎ᠡ ᠶᠣᠰᠣᠨ ᠤ ᠰᠤᠳᠤᠯᠤᠯᠲᠠ ᠪᠠᠷ ᠳᠠᠮᠵᠢᠭᠤᠯᠤᠨ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠪᠠ ᠤᠰᠤ ᠬᠦᠷᠦᠰᠦ ᠶᠢ ᠬᠠᠮᠠᠭᠠᠯᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠭᠰᠠᠨ ᠪᠠᠶᠢᠨ᠎ᠠ᠃   ᠮᠡᠷᠭᠡᠵᠢᠯ ᠤᠨ ᠲᠠᠯ᠎ᠠ ᠪᠠᠷ ᠲᠤᠷᠰᠢᠯᠲᠠ ᠶᠢᠨ ᠥᠷᠲᠡᠭᠡ ᠪᠠᠰᠠ ᠳᠣᠪᠤᠶᠢᠮ᠎ᠠ ᠠᠮᠵᠢᠯᠲᠠ ᠣᠯᠵᠠᠶ᠃ ᠵᠢᠱᠢᠶᠡᠯᠡᠪᠡᠯ ᠂ ᠬᠠᠭᠤᠷᠠᠢ ᠲᠡᠬᠡᠷᠡᠭᠢ ᠤᠰᠤᠨ ᠤ ᠠᠭᠤᠷᠰᠢᠯᠲᠠ ᠶᠢ ᠪᠠᠭᠠᠰᠬᠠᠬᠤ ᠲᠤᠷᠰᠢᠯᠲᠠ ᠶᠢᠨ ᠲᠠᠯᠠᠪᠠᠢ ᠶᠢᠨ ᠰᠤᠲᠤᠯᠭᠠᠨ ᠠᠴᠠ ᠦᠵᠡᠪᠡᠯ᠂ 8 ᠰᠠᠨᠲ᠋ᠢᠮᠧᠲᠷ ᠬᠠᠷ᠎ᠠ PE ᠪᠦᠮᠪᠦᠭᠡ ᠨᠢ ᠤᠰᠤᠨ ᠤ ᠭᠠᠳᠠᠷᠭᠤ ᠳᠤ ᠠᠭᠤᠷᠰᠢᠭᠰᠠᠨ ᠢ ᠬᠤᠷᠢᠬᠯᠠᠬᠤ ᠦᠷ᠎ᠡ ᠳ᠋ᠦᠩ ᠨᠢ ᠬᠠᠮᠤᠭ ᠰᠠᠶᠢᠨ ᠪᠠᠶᠢᠳᠠᠭ᠃ ᠬᠡᠷᠪᠡ 2021 ᠣᠨ ᠤ 7 ᠳ᠋ᠤᠭᠠᠷ ᠰᠠᠷ᠎ᠠ ᠠᠴᠠ 2023 ᠣᠨ ᠤ 10 ᠳ᠋ᠤᠭᠠᠷ ᠰᠠᠷ᠎ᠠ ᠪᠣᠯᠲᠠᠯᠠᠬᠢ ᠬᠤᠭᠤᠴᠠᠭᠠᠨ ᠳᠤ ᠲᠣᠰ ᠮᠠᠲ᠋ᠧᠷᠢᠶᠠᠯ ᠢ ᠬᠡᠷᠡᠭᠯᠡᠨ ᠳᠠᠭ᠎ᠠ ᠶᠢᠨ ᠨᠠᠭᠤᠷ ᠲᠤ ᠪᠦᠷᠬᠦᠭᠦᠯᠪᠡᠯ᠂ ᠵᠢᠱᠢᠯᠲᠡ ᠪᠠᠷ 0.81 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠠᠭᠤᠷᠰᠢᠯᠲᠠ ᠶᠢᠨ ᠤᠰᠤᠨ ᠤ ᠬᠡᠮᠵᠢᠶ᠎ᠡ ᠶᠢ ᠪᠠᠭᠠᠰᠬᠠᠵᠤ ᠪᠣᠯᠤᠨ᠎ᠠ᠃ ᠡᠨᠡ ᠬᠦ ᠦᠷ᠎ᠡ ᠪᠦᠲᠦᠭᠡᠯ ᠨᠢ ᠳᠠᠭ᠎ᠠ ᠶᠢᠨ ᠨᠠᠭᠤᠷ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠠᠮᠢ ᠠᠬᠤᠶ ᠶᠢ ᠶᠡᠷᠦᠩᠬᠡᠶᠢᠯᠡᠨ ᠵᠠᠰᠠᠬᠤ ᠳᠤ ᠬᠦᠴᠦᠲᠡᠶ ᠮᠡᠷᠭᠡᠵᠢᠯ ᠤᠨ ᠳᠡᠮᠵᠢᠯᠭᠡ ᠬᠠᠩᠭᠠᠭᠰᠠᠨ ᠪᠠᠶᠢᠨ᠎ᠠ᠃   ᠲᠤᠷᠰᠢᠯᠲᠠ ᠶᠢᠨ ᠥᠷᠲᠡᠭᠡ ᠪᠠᠶᠢᠭᠤᠯᠤᠭᠳᠠᠭᠰᠠᠨ ᠠᠴᠠ ᠨᠠᠭᠠᠰᠢ ᠣᠯᠵᠤ ᠮᠡᠳᠡᠭᠰᠡᠨ ᠳᠠᠭ᠎ᠠ ᠶᠢᠨ ᠨᠠᠭᠤᠷ ᠤᠨ ᠤᠰᠤᠨ ᠤ ᠠᠭᠤᠷᠰᠢᠯᠲᠠ ᠶᠢᠨ ᠵᠢᠮ᠎ᠡ ᠶᠣᠰᠣᠨ ᠤ ᠲᠤᠬᠠᠢ ᠶᠠᠷᠢᠬᠤ ᠳᠠᠭᠠᠨ᠂ ᠲᠤᠷᠰᠢᠯᠲᠠ ᠶᠢᠨ ᠥᠷᠲᠡᠭᠡᠨ ᠤ ᠠᠵᠢᠯᠲᠠᠨ ᠨᠢᠩ ᠬᠤᠸᠠᠢ ᠢᠦᠶ ᠠᠴᠠ᠂ ᠡᠳᠦᠷ ᠤᠨ ᠠᠭᠤᠷᠰᠢᠯᠲᠠ ᠶᠢᠨ ᠬᠡᠮᠵᠢᠶᠡᠨ ᠤ ᠬᠤᠪᠢᠷᠠᠯᠲᠠ ᠨᠢ ᠭᠤᠣᠯᠳᠠᠭᠤ ᠬᠠᠮᠤᠭ ᠤᠨ ᠥᠨᠳᠥᠷ ᠠᠭᠠᠷ ᠤᠨ ᠳᠤᠯᠠᠭᠠᠨ ᠠᠴᠠ ᠲᠣᠭᠲᠠᠭᠠᠭᠳᠠᠵᠤ᠂ ᠬᠠᠷᠢᠨ ᠳᠤᠮᠳᠠᠴᠢ ᠬᠠᠷᠢᠴᠠᠩᠭᠤᠢ ᠴᠢᠬᠢᠭ ᠤᠨ ᠬᠡᠮᠵᠢᠶ᠎ᠡ ᠨᠢ ᠤᠰᠤᠨ ᠠᠭᠤᠷ ᠤᠨ ᠠᠭᠤᠯᠤᠭᠳᠠᠴᠠ ᠪᠠ ᠠᠭᠤᠷᠰᠢᠯᠲᠠ ᠶᠢᠨ ᠬᠡᠮᠵᠢᠶ᠎ᠡ ᠶᠢ ᠬᠡᠮᠵᠢᠬᠦ ᠬᠠᠷᠢᠴᠠᠭᠠᠨ ᠳᠤ ᠨᠡᠩ ᠲᠥᠯᠥᠭᠡᠯᠡᠬᠦ ᠴᠢᠨᠠᠷ ᠲᠠᠢ ᠶᠤᠮ᠃ ᠡᠭᠦᠨ ᠠᠴᠠ ᠭᠠᠳᠠᠨ᠎ᠠ᠂ ᠰᠠᠯᠬᠢᠨ ᠤ ᠬᠤᠷᠳᠤᠴᠠ ᠨᠢ ᠤᠯᠠᠮ ᠶᠡᠭᠡ᠂ ᠠᠭᠤᠷᠰᠢᠯᠲᠠ ᠶᠢᠨ ᠬᠡᠮᠵᠢᠶ᠎ᠡ ᠨᠢ ᠤᠯᠠᠮ ᠶᠡᠭᠡ ᠪᠣᠯᠳᠠᠭ᠂ ᠭᠦᠨ ᠳᠠᠪᠬᠤᠷᠭ᠎ᠠ ᠶᠢᠨ ᠭᠠᠵᠠᠷ ᠤᠨ ᠭᠠᠳᠠᠷᠭᠤ ᠶᠢᠨ ᠳᠤᠯᠠᠭᠠᠨ ᠤ ᠬᠡᠮᠵᠢᠶ᠎ᠡ ᠳᠡᠭᠡᠭᠰᠢᠯᠡᠬᠦ ᠦᠶ᠎ᠡ ᠳᠤ ᠠᠭᠤᠷᠰᠢᠬᠤ ᠬᠡᠮᠵᠢᠶ᠎ᠡ ᠨᠢ ᠪᠠᠭᠠᠰᠳᠠᠭ᠂ ᠭᠠᠵᠠᠷ ᠤᠨ ᠭᠠᠳᠠᠷᠭᠤ ᠶᠢᠨ ᠳᠤᠯᠠᠭᠠᠨ ᠤ ᠬᠡᠮᠵᠢᠶ᠎ᠡ ᠳᠡᠭᠡᠭᠰᠢᠯᠡᠬᠦ ᠦᠶ᠎ᠡ ᠳᠤ ᠠᠭᠤᠷᠰᠢᠬᠤ ᠬᠡᠮᠵᠢᠶ᠎ᠡ ᠨᠢ ᠢᠯᠡᠳᠲᠡ ᠨᠡᠮᠡᠭᠳᠡᠨ᠎ᠡ᠃ ᠡᠳᠡᠭᠡᠷ ᠵᠢᠮ᠎ᠡ ᠶᠣᠰᠣ ᠨᠢ ᠳᠠᠭ᠎ᠠ ᠶᠢᠨ ᠨᠠᠭᠤᠷ ᠤᠨ ᠤᠰᠤᠨ ᠤ ᠡᠬᠢ ᠰᠤᠷᠪᠤᠯᠵᠢ ᠶᠢ ᠨᠡᠩ ᠰᠠᠶᠢᠲᠤᠷ ᠣᠶᠢᠯᠠᠭᠠᠨ ᠬᠠᠮᠠᠭᠠᠯᠠᠬᠤ ᠳᠤ ᠴᠢᠬᠤᠯᠠ ᠦᠨᠳᠦᠰᠦᠯᠡᠯ ᠬᠠᠩᠭᠠᠵᠠᠢ᠃   ᠲᠤᠷᠰᠢᠯᠲᠠ ᠶᠢᠨ ᠥᠷᠲᠡᠭᠡᠨ ᠤ ᠠᠵᠢᠯᠲᠠᠨ ᠸᠠᠩ ᠸᠧᠨ ᠡᠾᠦ᠋ᠢ ᠠᠮᠢᠳᠤᠯᠢᠭ ᠵᠢᠱᠢᠶ᠎ᠡ ᠪᠠᠷ ᠳᠠᠮᠵᠢᠭᠤᠯᠤᠨ ᠤᠩᠰᠢᠭᠴᠢᠳ ᠲᠤ ᠲᠤᠷᠰᠢᠯᠲᠠ ᠶᠢᠨ ᠥᠷᠲᠡᠭᠡᠨ ᠤ ᠠᠵᠢᠯ ᠤᠨ ᠦᠨᠳᠦᠰᠦᠨ ᠤᠭ ᠶᠣᠰᠣ ᠶᠢ ᠲᠠᠨᠢᠯᠴᠠᠭᠤᠯᠪᠠ᠃ ᠲᠡᠷᠡ ᠲᠤᠷᠰᠢᠯᠲᠠ ᠶᠢᠨ ᠥᠷᠲᠡᠭᠡ ᠨᠢ ᠶᠠᠭ ᠨᠢᠭᠡ ᠲᠣᠮᠣ ᠬᠡᠯᠪᠡᠷᠢ ᠶᠢᠨ ︽ᠵᠢᠭᠠᠰᠤᠨ ᠭᠠᠩ︾ ᠵᠢᠴᠢ ︽ᠬᠤᠸᠠᠷ ᠤᠨ ᠫᠧᠩᠰᠡ︾᠎ ᠲᠠᠢ ᠠᠳᠠᠯᠢ ᠪᠠᠶᠢᠵᠤ᠂ ᠡᠳᠦᠷ ᠪᠦᠷᠢ ᠶᠢᠨ ᠠᠭᠤᠷᠰᠢᠭᠰᠠᠨ ᠤᠰᠤᠨ ᠤ ᠬᠡᠮᠵᠢᠶ᠎ᠡ ᠶᠢ ᠬᠡᠮᠵᠢᠬᠦ᠂ ᠰᠠᠯᠬᠢᠨ ᠤ ᠴᠢᠭᠯᠡᠯ᠂ ᠰᠠᠯᠬᠢᠨ ᠤ ᠬᠤᠷᠳᠤᠴᠠ᠂ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ ᠵᠡᠷᠭᠡ ᠴᠠᠭ ᠠᠭᠤᠷ ᠤᠨ ᠬᠦᠴᠦᠨ ᠵᠦᠢᠯ ᠢ ᠲᠡᠮᠳᠡᠭᠯᠡᠬᠦ ᠪᠠᠷ ᠳᠠᠮᠵᠢᠭᠤᠯᠤᠨ ᠢᠳᠡᠭ ᠢᠳᠡᠭ ᠢᠶᠠᠷ ᠠᠭᠠᠷ ᠲᠤ ᠬᠡᠷᠬᠢᠨ ᠠᠷᠢᠯᠬᠤ ᠨᠢᠭᠤᠴᠠ ᠶᠢ ᠬᠠᠷᠠᠭᠤᠯᠳᠠᠭ᠃ ᠡᠨᠡ ᠨᠢ ᠳᠠᠭ᠎ᠠ ᠶᠢᠨ ᠨᠠᠭᠤᠷ ᠤᠨ ᠤᠰᠤᠨ ᠤ ᠵᠦᠢ ᠶᠢᠨ ᠤᠷᠴᠢᠯ ᠤᠨ ᠵᠢᠮ᠎ᠡ ᠶᠣᠰᠣ ᠶᠢ ᠣᠶᠢᠯᠠᠭᠠᠵᠤ ᠡᠵᠡᠮᠰᠢᠬᠦ ᠶᠢᠨ ᠤᠯᠠᠮ ᠢᠶᠠᠷ ᠬᠤᠪᠣᠷ ᠨᠠᠨᠳᠢᠨ ᠤᠰᠤᠨ ᠤ ᠡᠬᠢ ᠪᠠᠶᠠᠯᠢᠭ ᠢ ᠨᠡᠩ ᠰᠠᠶᠢᠲᠤᠷ ᠬᠠᠮᠠᠭᠠᠯᠠᠨ ᠠᠰᠢᠭᠯᠠᠬᠤ ᠳᠤ ᠠᠰᠢᠭᠲᠠᠢ ᠶᠤᠮ᠃   ᠵᠠᠯᠠᠭᠤ ᠨᠢᠭᠡ ᠦᠶ᠎ᠡ ᠶᠢᠨ ᠠᠵᠢᠯᠲᠠᠨ ᠭᠦᠸᠧ ᠤᠤ ᠥᠪᠡᠷ ᠤᠨ ᠤᠰᠤᠨ ᠤ ᠠᠵᠢᠯ ᠤᠨ ᠲᠤᠬᠠᠢ ᠲᠠᠨᠢᠯᠲᠠ ᠪᠠ ᠣᠶᠢᠯᠠᠭᠠᠯᠲᠠ ᠪᠠᠨ ᠬᠤᠪᠢᠶᠠᠯᠴᠠᠪᠠ᠃ ᠲᠡᠷᠡ᠂ ᠬᠡᠳᠦ᠋ᠢᠪᠡᠷ ᠤᠰᠤᠨ ᠵᠦᠢ ᠶᠢᠨ ᠠᠵᠢᠯ ᠨᠢ ᠦᠵᠡᠬᠦ ᠳᠤ ᠦᠭᠡ ᠳᠠᠭᠤᠨ ᠦᠭᠡᠢ ᠰᠢᠭ ᠪᠣᠯᠪᠠᠴᠤ ᠲᠡᠷᠡ ᠨᠢ ᠤᠯᠤᠰ ᠤᠨ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠶᠤᠮ᠃ ᠲᠡᠷᠡ ᠪᠣᠯ ᠤᠯᠤᠰ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠦᠨᠳᠦᠰᠦᠯᠡᠯ ᠮᠥᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠᠲᠤ ᠴᠢᠩᠭ᠎ᠠ ᠰᠡᠷᠭᠡᠶᠢᠯᠡᠯᠲᠡ ᠶᠢᠨ ᠱᠤᠭᠤᠮ ᠮᠥᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠢᠬᠤᠯᠠ ᠲᠤᠯᠭᠠᠭᠤᠷᠢᠯᠠᠯ ᠮᠥᠨ᠂ ᠨᠡᠩ ᠴᠤ ᠤᠯᠤᠰ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠬᠦᠴᠦᠲᠡᠢ ᠪᠠᠲᠤᠯᠠᠭ᠎ᠠ ᠮᠥᠨ᠃   ᠬᠤᠪᠢᠶᠠᠷᠢ ᠲᠥᠪ ᠤᠨ ᠰᠦᠯᠵᠢᠶᠡᠨ ᠤ ᠰᠠᠯᠠᠭᠠᠨ ᠤ ᠳᠠᠷᠤᠭ᠎ᠠ ᠸᠠᠩ ᠴᠧᠨ ᠴᠧᠨ ᠠᠴᠠ ᠲᠤᠷᠰᠢᠯᠲᠠ ᠶᠢᠨ ᠥᠷᠲᠡᠭᠡ ᠶᠢᠨ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠯᠡᠭᠡ ᠶᠢ ᠲᠠᠨᠢᠯᠴᠠᠭᠤᠯᠪᠠ᠃ ᠲᠡᠷᠡ᠂ ᠲᠤᠷᠰᠢᠯᠲᠠ ᠶᠢᠨ ᠥᠷᠲᠡᠭᠡ ᠨᠢ ᠪᠦᠯᠬᠦᠮ ᠨᠡᠶᠢᠲᠡ ᠶᠢᠨ ᠪᠠᠶᠢᠭᠤᠯᠤᠯᠲᠠ ᠬᠢᠭᠡᠳ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ︔ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠰᠢᠨ᠎ᠡ ᠶᠢ ᠡᠭᠦᠳᠬᠦ ᠶᠢ ᠴᠢᠩᠭᠠᠳᠬᠠᠵᠤ᠂ ᠬᠤᠰᠢᠭᠤᠷᠠᠯ ᠮᠡᠷᠭᠡᠵᠢᠯ ᠤᠨ ᠬᠥᠳᠡᠯᠦᠯ ᠪᠠᠶᠢᠳᠠᠯ ᠢ ᠠᠩᠬᠠᠷᠴᠤ᠂ ᠰᠢᠨ᠎ᠡ ᠮᠡᠷᠭᠡᠵᠢᠯ᠂ ᠰᠢᠨ᠎ᠡ ᠠᠷᠭ᠎ᠠ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠬᠤ ᠪᠠ ᠬᠡᠷᠡᠭᠯᠡᠨ᠎ᠡ︔ ᠰᠢᠨᠵᠢᠯᠡᠭᠡᠨ ᠤ ᠰᠠᠯᠠᠭ᠎ᠠ ᠮᠥᠴᠢᠷ ᠠᠯᠤᠰᠯᠠᠨ ᠰᠤᠳᠤᠯᠬᠤ ᠶᠢ ᠥᠷᠨᠢᠭᠦᠯᠵᠦ᠂ ᠴᠠᠭ ᠠᠭᠤᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠬᠤᠯᠪᠣᠭᠠᠯᠠᠨ ᠬᠥᠳᠡᠯᠦᠯᠴᠡᠬᠦ ᠪᠠ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ ᠭᠡᠵᠦ ᠢᠯᠡᠳᠬᠡᠵᠡᠢ᠃ ᠡᠳᠡᠭᠡᠷ ᠲᠥᠯᠥᠪᠯᠡᠭᠡ ᠪᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠲᠤᠷᠰᠢᠯᠲᠠ ᠶᠢᠨ ᠥᠷᠲᠡᠭᠡ ᠨᠢ ᠲᠡᠭᠦᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠰᠢᠨ᠎ᠡ ᠶᠢ ᠡᠭᠦᠳᠬᠦ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ᠃  ᠲᠠᠭ᠎ᠠ ᠶᠢᠨ ᠨᠠᠭᠤᠷ ᠤᠨ ᠤᠰᠤᠨ ᠭᠠᠳᠠᠷᠭᠤ ᠶᠢᠨ ᠠᠭᠤᠷᠰᠢᠯᠲᠠ ᠶᠢᠨ ᠲᠤᠷᠰᠢᠯᠲᠠ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠨᠢ ᠠᠳᠠᠯᠢ ᠥᠷᠭᠡᠷᠢᠭ ᠤᠨ ᠤᠰᠤᠨ ᠰᠢᠨᠵᠢᠯᠡᠭᠡᠨ ᠤ ᠲᠤᠷᠰᠢᠯᠲᠠ ᠶᠢᠨ ᠥᠷᠲᠡᠭᠡ ᠶᠢᠨ ᠬᠢᠨᠠᠨ ᠬᠡᠮᠵᠢᠯᠲᠡ ᠶᠢᠨ ᠬᠤᠭᠤᠰᠣᠨ ᠢ ᠨᠥᠬᠦᠪᠥᠷᠢᠯᠡᠭᠰᠡᠨ ᠢᠶᠠᠷ ᠪᠠᠷᠠᠬᠤ ᠥᠬᠡᠶ᠂ ᠲᠠᠭ᠎ᠠ ᠶᠢᠨ ᠨᠠᠭᠤᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠳᠤ ᠬᠦᠴᠦᠲᠡᠶ ᠮᠡᠷᠭᠡᠵᠢᠯ ᠤᠨ ᠳᠡᠮᠵᠢᠯᠭᠡ ᠪᠠ ᠰᠢᠨᠵᠢᠯᠡᠬᠦ ᠤᠬᠠᠭᠠᠨ ᠤ ᠦᠨᠳᠦᠰᠦᠯᠡᠯ ᠬᠠᠩᠭᠠᠭᠰᠠᠨ ᠪᠠᠶᠢᠨ᠎ᠠ᠃ ᠢᠷᠡᠭᠡᠳᠦᠢ ᠳᠤ ᠲᠤᠷᠰᠢᠯᠲᠠ ᠶᠢᠨ ᠥᠷᠲᠡᠭᠡ ᠨᠢ ᠦᠷᠭᠦᠯᠵᠢᠯᠡᠨ ᠴᠢᠬᠤᠯᠠ ᠦᠢᠯᠡᠳᠦᠯ ᠦᠵᠡᠭᠦᠯᠵᠦ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃    ︽ᠲᠠᠯ᠎ᠠ ᠨᠤᠲᠤᠭ ᠤᠨ ᠡᠭᠦᠯᠡ︾᠎ ᠠᠴᠠ ᠰᠢᠯᠵᠢᠭᠦᠯᠪᠡᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠡᠵᠡᠩᠨᠡᠯᠲᠡ ᠶᠢᠨ ᠦᠢᠯᠡᠴᠢᠯᠡᠭᠡᠨ ᠤ ᠲᠥᠪ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠡᠵᠡᠩᠨᠡᠯᠲᠡ ᠶᠢᠨ ᠦᠢᠯᠡᠴᠢᠯᠡᠭᠡᠨ ᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号