ᠬᠡᠯᠬᠢᠶᠡᠰᠦᠨ ᠨᠣᠮᠧᠷ᠄ 000014348/2024 — 07062 | ᠭᠤᠣᠯ ᠰᠡᠳᠦᠪ ᠤᠨ ᠠᠩᠭᠢᠯᠠᠯ᠄ ᠤᠰᠤᠨ ᠠᠰᠢᠭᠯᠠᠯᠲᠠ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 29 ᠳ᠋ᠦ᠋ᠭᠡᠷ | ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 8 ᠳ᠋ᠤᠭᠠᠷ ᠰᠠᠷ᠎ᠠ ᠶᠢᠨ 3 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠥᠪᠥᠷ ᠮᠣᠩᠭᠤᠯ ᠤᠨ ᠰᠢᠨ ᠴᠧᠩ ᠸᠧᠶ ᠶᠧ ᠬᠢᠮᠢ ᠶᠢᠨ ᠬᠢᠵᠠᠭᠠᠷᠲᠤ ᠺᠣᠮᠫᠠᠨᠢ᠄ | ︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ | ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠶ | ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠤ ᠡᠬᠢ ᠪᠠᠶᠠᠯᠢᠭ ᠬᠠᠮᠢᠶᠠᠷᠤᠯᠲᠠ ﹇2020﹈ | 280 ᠳ᠋ᠤᠭᠠᠷ ᠲᠣᠭᠠᠲᠤ︶ ᠂ ︽ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠲᠠᠲᠠᠵᠤ ᠬᠡᠷᠡᠭᠯᠡᠬᠦ ᠲᠥᠷᠥᠯ | ᠵᠦᠢᠯ ᠤᠨ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢ ᠰᠢᠯᠵᠢᠭᠦᠯᠦᠨ ᠲᠤᠰᠢᠶᠠᠬᠤ ᠲᠤᠬᠠᠶ ᠬᠠᠲᠤᠨ | ᠭᠤᠤᠯ ᠤᠨ ᠤᠰᠤᠨ ᠤ ᠡᠬᠢ ᠪᠠᠶᠠᠯᠢᠭ ᠤᠨ ᠲᠣᠪᠴᠢᠶ᠎ᠠ ᠶᠢᠨ ᠵᠠᠬᠢᠳᠠᠯ︾ ︵ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ﹇2023﹈ 33 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ ᠂ | ᠮᠠᠨ ᠤ ᠲᠢᠩᠬᠢᠮ ᠲᠠᠨ ᠤ ᠺᠣᠮᠫᠠᠨᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠲᠥᠷᠥᠯ | ᠵᠦᠢᠯ ᠤᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ ᠃ ᠬᠢᠨᠠᠨ | ᠪᠠᠶᠢᠴᠠᠭᠠᠭᠰᠠᠨ ᠢᠶᠠᠷ ᠂ ᠲᠠᠨ ᠤ ᠺᠣᠮᠫᠠᠨᠢ ᠵᠥᠪᠰᠢᠶᠡᠷᠡᠯ ᠣᠯᠤᠭᠰᠠᠨ ᠦᠭᠡᠢ ᠪᠠᠷ ᠳᠤᠷ᠎ᠠ ᠪᠠᠷ ᠢᠶᠠᠨ ᠤᠰᠤ ᠠᠪᠤᠭᠰᠠᠨ | ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢᠭᠡᠨᠲᠡ ᠪᠠᠶᠢᠴᠠᠭᠠᠨ ᠰᠢᠢᠳᠪᠦᠷᠢᠯᠡᠵᠦ ᠂ ᠭᠤᠶᠤᠴᠢᠯᠠᠯ ᠨᠢ | ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ ᠃ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ | ᠨᠢᠭᠡᠳᠦᠭᠡᠷ ᠵᠤᠷᠪᠤᠰ ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ | ᠬᠤᠶᠠᠳᠤᠭᠠᠷ ᠵᠦᠢᠯ ︵ᠨᠢᠭᠡᠳᠦᠭᠡᠷ︶ ᠵᠤᠷᠪᠤᠰ ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ | ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ | ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ ᠂ ᠤᠰᠤ ᠲᠠᠲᠠᠬᠤ ᠵᠥᠪᠰᠢᠶᠡᠷᠡᠯ ᠤᠨ ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ ᠃ | ᠨᠢᠭᠡ ᠂ ᠥᠪᠥᠷ ᠮᠣᠩᠭᠤᠯ ᠤᠨ ᠰᠢᠨ ᠴᠧᠩ ᠸᠧᠶ ᠶᠧ ᠬᠢᠮᠢ ᠶᠢᠨ ᠬᠢᠵᠠᠭᠠᠷᠲᠤ ᠺᠣᠮᠫᠠᠨᠢ ᠶᠢᠨ ᠨᠠᠷᠢᠯᠢᠭ | ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠲᠥᠷᠥᠯ ᠵᠦᠢᠯ ᠠᠯᠠᠱᠠ ᠶᠢᠨ ᠲᠩᠷᠢ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠩᠷᠢ ᠡᠮᠦᠨ᠎ᠡ ᠬᠡᠰᠡᠭ ᠲᠤ ᠪᠠᠶᠢᠷᠢᠯᠠᠵᠤ ᠂ 3 ᠲᠥᠷᠥᠯ ᠵᠦᠢᠯ ᠢ | ᠪᠠᠭᠲᠠᠭᠠᠵᠤ ᠂ ᠲᠣᠰ ᠲᠣᠰ 2014 ᠣᠨ ᠤ 12 ᠳ᠋ᠤᠭᠠᠷ ᠰᠠᠷ᠎ᠠ ᠂ 2016 ᠣᠨ ᠤ 12 ᠳ᠋ᠤᠭᠠᠷ ᠰᠠᠷ᠎ᠠ ᠂ | 2019 ᠣᠨ ᠤ 4 ᠳ᠋ᠦ᠋ᠭᠡᠷ ᠰᠠᠷ᠎ᠠ ᠳᠤ ᠠᠯᠠᠱᠠ ᠶᠢᠨ ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢᠨ ᠲᠣᠪᠴᠢᠶ᠎ᠠ ᠠᠴᠠ ᠳᠠᠩᠰᠠᠯᠠᠪᠠ ᠃ 3 ᠲᠥᠷᠥᠯ ᠵᠦᠢᠯ ᠢ | ᠵᠢᠯ ᠳᠤ ᠬᠤᠵᠢᠷᠯᠢᠭ ᠴᠢᠨᠠᠷᠲᠠᠢ ᠰᠠᠷᠭᠠᠢ ᠶᠢᠨ ᠣᠬᠢ 3000 ᠲᠣᠨ ᠂ ᠵᠠᠪᠰᠠᠷ ᠤᠨ ᠤᠰᠤᠮᠠᠭ N-N-ᠬᠤᠶᠠᠷ | ᠡᠲ᠋ᠢᠯᠲᠦ ᠪᠧᠨ᠋ᠽᠧᠨ᠋ᠲᠦ ᠠᠮᠢᠨ 2500 ᠲᠣᠨ ᠂ ᠬᠦᠴᠢᠯᠯᠢᠭ ᠴᠢᠨᠠᠷᠲᠠᠢ ᠪᠡᠭᠡ ᠶᠢᠨ ᠬᠦᠬᠡ 100 ᠲᠣᠨ ᠂ ᠠᠷᠭ᠎ᠠ | ᠢᠶᠣᠨ ᠤ ᠤᠯᠠᠭᠠᠨ X — GRL 200 ᠲᠣᠨ ᠂ ᠠᠷᠭ᠎ᠠ ᠢᠶᠣᠨ ᠤ ᠬᠥᠬᠡ X-BL200 ᠲᠣᠨ ᠪᠣᠯᠣᠨ᠎ᠠ ᠃ | 2024 ᠣᠨ ᠤ 8 ᠳ᠋ᠤᠭᠠᠷ ᠰᠠᠷ᠎ᠠ ᠳᠤ ᠂ ᠠᠯᠠᠱᠠ ᠶᠢᠨ ᠬᠤᠶᠠᠷᠬᠤᠳᠳᠤᠭ ᠤᠨ ᠬᠦᠳᠡᠭᠡ ᠶᠢᠨ ᠠᠮᠢ ᠠᠬᠤᠶ ᠶᠢᠨ | ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ 3 ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ | ᠪᠠᠶᠢᠳᠠᠯ ᠤᠨ ᠬᠤᠯᠪᠣᠭᠳᠠᠯ ᠪᠦᠬᠦᠢ ᠲᠣᠳᠣᠷᠬᠠᠶᠢᠯᠠᠯᠲᠠ ᠬᠢᠵᠦ ᠂ ᠲᠠᠨ ᠤ ᠺᠣᠮᠫᠠᠨᠢ ᠶᠢᠨ ᠪᠣᠳᠠᠲᠠᠢ ᠪᠠᠶᠢᠭᠤᠯᠤᠨ | ᠪᠦᠲᠦᠭᠡᠵᠦ ᠦᠢᠯᠡᠳᠪᠦᠷᠢᠯᠡᠬᠦ ᠶᠢ ᠵᠥᠪᠰᠢᠶᠡᠷᠡᠵᠦ ᠂ ᠪᠤᠰᠤᠳ ᠦᠢᠯᠡᠳᠬᠦᠨ ᠢ ᠲᠦᠷ ᠴᠠᠭ ᠪᠦᠳᠦᠭᠡᠨ ᠪᠠᠶᠢᠭᠤᠯᠬᠤ ᠶᠢ | ᠵᠥᠪᠰᠢᠶᠡᠷᠡᠪᠡ ᠃ | ᠬᠤᠶᠠᠷ ᠂ ᠲᠥᠷᠥᠯ ᠵᠦᠢᠯ ᠤᠨ ᠦᠢᠯᠡᠳᠪᠦᠷᠢᠯᠡᠯ ᠂ ᠠᠮᠢᠳᠤᠷᠠᠯ ᠤᠨ ᠤᠰᠤ ᠲᠠᠲᠠᠬᠤ ᠤᠰᠤᠨ ᠤ ᠡᠬᠢ | ᠰᠤᠷᠪᠤᠯᠵᠢ ᠨᠢ ᠬᠠᠲᠤᠨ ᠭᠤᠤᠯ ᠤᠨ ᠭᠤᠤᠯ ᠤᠷᠤᠰᠬᠠᠯ ᠤᠨ ᠭᠠᠵᠠᠷ ᠳᠡᠭᠡᠷᠡᠬᠢ ᠤᠰᠤ ︵ᠠᠶᠢᠮᠠᠭ ᠬᠤᠲᠠ | ᠠᠯᠤᠰᠯᠠᠭᠰᠠᠨ ᠨᠢᠭᠡᠳᠦᠭᠡᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠴᠦ ᠰᠢᠢᠳᠪᠦᠷᠢᠯᠡᠬᠦ ᠤᠮᠠᠷᠠᠲᠤ | ᠣᠷᠣᠨ ᠤ ᠰᠤᠯᠠ ᠪᠠᠶᠢᠭ᠎ᠠ ᠬᠠᠲᠤᠨ ᠭᠤᠤᠯ ᠤᠨ ᠤᠰᠤᠨ ᠤ ᠭᠦᠢᠴᠡᠳᠬᠡᠯ ᠲᠤᠭ᠎ᠠ ᠪᠣᠯᠤᠨ᠎ᠠ ᠂ ᠠᠯᠠᠱᠠ ᠠᠶᠢᠮᠠᠭ ᠤᠨ | ᠫᠦ᠋ ᠲᠣᠣ ᠳ᠋ᠦᠨ — ᠲᠩᠷᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠢᠨᠵᠧᠨᠧᠷᠢᠩ | ᠬᠢᠭᠡᠳ ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠤᠰᠤ ᠬᠠᠩᠭᠠᠬᠤ ᠢᠨᠵᠧᠨᠧᠷᠢᠩ ᠤᠨ | ᠬᠠᠮᠲᠤᠷᠠᠨ ᠤᠰᠤ ᠬᠠᠩᠭᠠᠬᠤ︶ ᠂ ᠤᠰᠤ ᠲᠠᠲᠠᠬᠤ ᠠᠮᠠᠰᠠᠷ ᠨᠢ ᠲᠥᠷᠥᠯ ᠵᠦᠢᠯ ᠤᠨ ᠦᠢᠯᠡᠳᠪᠦᠷᠢ ᠶᠢᠨ | ᠲᠣᠭᠤᠷᠢᠭ ᠤᠨ ᠪᠠᠷᠠᠭᠤᠨ ᠬᠤᠶᠢᠲᠤ ᠲᠠᠯ᠎ᠠ ᠶᠢᠨ ᠬᠠᠲᠤᠨ ᠭᠤᠤᠯ ᠤᠨ ᠬᠤᠭᠤᠯᠠᠶ ᠶᠢᠨ ᠲᠣᠤᠷ ᠢ ᠵᠠᠯᠭᠠᠬᠤ ᠴᠡᠭ ᠲᠤ | ᠪᠠᠶᠢᠵᠤ ᠂ ᠪᠠᠶᠢᠷᠢᠰᠢᠯ ᠨᠢ ᠤᠮᠠᠷᠠᠲᠤ ᠥᠷᠭᠡᠷᠢᠭ ᠤᠨ 37°35'56'' ᠂ ᠵᠡᠭᠦᠨ ᠤᠷᠲᠤᠷᠢᠭ ᠤᠨ 105°02' | 50'' ᠤᠨ ᠬᠤᠭᠤᠷᠣᠨᠳᠣ ᠪᠣᠶ ᠃ | ᠭᠤᠷᠪᠠ ᠂ ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ ᠢ ᠪᠣᠳᠣᠯᠬᠢᠯᠠᠭᠰᠠᠨ ᠤ ᠳᠠᠷᠠᠭ᠎ᠠ ᠂ ᠲᠣᠰ | ᠲᠥᠷᠥᠯ ᠵᠦᠢᠯ ᠤᠨ ᠶᠡᠷᠦᠩᠬᠡᠶ ᠤᠰᠤ ᠠᠪᠬᠤ ᠬᠡᠮᠵᠢᠶ᠎ᠡ 3.99 ᠲᠦᠮᠡᠨ m3/a ᠪᠠᠶᠢᠬᠤ ᠶᠢ ᠬᠢᠨᠠᠨ | ᠲᠣᠭᠲᠠᠭᠠᠵᠤ ᠂ ᠡᠭᠦᠨ ᠳᠤ ᠦᠢᠯᠡᠳᠪᠦᠷᠢᠯᠡᠯ ᠤᠨ ᠤᠰᠤ ᠲᠠᠲᠠᠬᠤ ᠬᠡᠮᠵᠢᠶ᠎ᠡ 3.77 ᠲᠦᠮᠡᠨ m3/a ᠂ | ᠠᠮᠢᠳᠤᠷᠠᠯ ᠤᠨ ᠤᠰᠤ ᠲᠠᠲᠠᠬᠤ ᠬᠡᠮᠵᠢᠶ᠎ᠡ 0.22 ᠲᠦᠮᠡᠨ m3/a ᠪᠠᠶᠢᠨ᠎ᠠ ᠃ ᠲᠤᠰ ᠲᠦᠷᠦᠯ ᠵᠦᠢᠯ ᠤᠨ | ᠨᠢᠭᠡᠴᠢ ᠶᠢᠨ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ ᠨᠢ ᠲᠤᠰ ᠪᠦᠷᠢ ᠬᠤᠵᠢᠷᠯᠢᠭ ᠴᠢᠨᠠᠷᠲᠠᠢ ᠰᠠᠷᠭᠠᠢ ᠶᠢᠨ | ᠣᠬᠢ 7.37m3/t ᠂ ᠵᠠᠪᠰᠠᠷ ᠤᠨ ᠤᠰᠤᠮᠠᠭ — N-N-ᠬᠤᠶᠠᠷ ᠡᠲ᠋ᠢᠯᠲᠦ ᠪᠧᠨ᠋ᠽᠧᠨ᠋ᠲᠦ ᠠᠮᠢᠨ 3. | 86m3/t ᠂ ᠬᠦᠴᠢᠯᠯᠢᠭ ᠴᠢᠨᠠᠷᠲᠠᠢ ᠪᠡᠭᠡ ᠶᠢᠨ ᠬᠦᠬᠡ 3.65m3/t ᠂ ᠠᠷᠭ᠎ᠠ ᠢᠶᠤᠨ ᠤ ᠤᠯᠠᠭᠠᠨ X — | GRL9.36m3/t ᠂ ᠠᠷᠭ᠎ᠠ ᠢᠶᠤᠨ ᠤ ᠬᠦᠬᠡ X-BL9.56m3/t ᠪᠤᠯᠤᠨ᠎ᠠ ᠃ ᠥᠪᠡᠷᠲᠡᠭᠡᠨ ᠵᠠᠰᠠᠬᠤ | ᠣᠷᠣᠨ ᠪᠠ ᠤᠯᠤᠰ ᠤᠨ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠨᠢ ᠴᠥᠮ ᠳᠡᠭᠡᠷᠡᠬᠢ | ᠦᠢᠯᠡᠳᠭᠦᠨ ᠤ ᠬᠠᠮᠢᠶ᠎ᠠ ᠪᠥᠬᠦᠶ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠲᠣᠭᠲᠠᠭᠠᠯ ᠥᠬᠡᠶ ᠠᠴᠠ ᠪᠣᠯᠵᠣ ᠂ ︽ | ᠹᠦᠵᠢᠶᠠᠨ ᠮᠤᠵᠢ ᠶᠢᠨ ᠣᠷᠣᠨ ᠨᠤᠲᠤᠭ ᠤᠨ ᠪᠠᠷᠢᠮᠵᠢᠶ᠎ᠠ — ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ | ᠨᠣᠷᠮ᠎ᠠ︾ ︵DB35/T772 — 2023︶ ᠶᠢᠨ ᠪᠤᠳᠤᠭ ᠤᠨ ᠦᠢᠯᠡᠳᠭᠡᠯ — ᠪᠤᠳᠤᠭ — ᠲᠡᠷᠢᠭᠦᠨ ᠤ | ᠬᠡᠮᠵᠢᠭᠳᠡᠯ 10m3/t ᠪᠠᠶᠢᠭᠰᠠᠨ ᠠᠴᠠ ᠦᠢᠯᠡᠳᠪᠦᠷᠢᠯᠡᠯ ᠤᠨ ᠤᠷ᠎ᠠ ᠮᠡᠷᠭᠡᠰᠢᠯ ᠤᠨ ᠵᠦᠶ ᠶᠣᠰᠣᠴᠢ ᠴᠢᠨᠠᠷ ᠂ | ᠭᠤᠤᠯ ᠪᠣᠯᠬᠤ ᠤᠰᠤ ᠬᠡᠷᠡᠭᠯᠡᠬᠦ ᠨᠢᠭᠡᠴᠢ ᠶᠢᠨ ᠤᠰᠤ ᠬᠡᠷᠡᠭᠯᠡᠬᠦ ᠵᠦᠶ ᠶᠣᠰᠣᠴᠢ ᠴᠢᠨᠠᠷ ᠲᠠᠢ ᠤᠶᠠᠯᠳᠤᠭᠤᠯᠤᠨ | ᠵᠠᠳᠠᠯᠤᠯᠲᠠ ᠬᠢᠵᠦ ᠂ ᠲᠣᠰ ᠲᠥᠷᠥᠯ ᠵᠦᠢᠯ ᠤᠨ ᠡᠯ᠎ᠡ ᠦᠢᠯᠡᠳᠬᠦᠨ ᠤ ᠨᠢᠭᠡᠴᠢ ᠶᠢᠨ ᠦᠢᠯᠡᠳᠬᠦᠨ ᠤ ᠰᠢᠨ᠎ᠡ | ᠤᠰᠤᠨ ᠤ ᠬᠡᠮᠵᠢᠶ᠎ᠡ ᠵᠦᠶ ᠵᠣᠬᠢᠰᠲᠠᠶ ᠪᠠᠶᠢᠨ᠎ᠠ ᠃ ᠠᠵᠢᠯᠲᠠᠨ ᠠᠵᠢᠯᠴᠢᠨ ᠤ ᠠᠮᠢᠳᠤᠷᠠᠯ ᠤᠨ ᠤᠰᠤ ᠬᠡᠷᠡᠭᠯᠡᠬᠦ | ᠶᠡᠷᠦᠩᠬᠡᠶᠢᠯᠡᠭᠰᠡᠨ ᠭᠦᠢᠴᠡᠳᠬᠡᠬᠦ ᠲᠤᠭ᠎ᠠ ᠨᠢ 104.59L / ︵ᠬᠥᠮᠦᠨ · d︶ ᠨᠢ ᠥᠪᠡᠷᠲᠡᠭᠡᠨ ᠵᠠᠰᠠᠬᠤ | ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠶ ᠃ ᠤᠰᠤ ᠲᠠᠲᠠᠵᠤ ᠬᠡᠷᠡᠭᠯᠡᠬᠦ ᠨᠢ ᠦᠨᠳᠦᠰᠦᠨ ᠳᠡᠭᠡᠨ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠵᠢᠴᠢ ︽ᠭᠤᠷᠪᠠᠨ ᠵᠤᠷᠪᠤᠰ ᠤᠯᠠᠭᠠᠨ ᠱᠤᠭᠤᠮ︾ ᠤᠨ ᠭᠦᠢᠴᠡᠳᠬᠡᠬᠦ ᠲᠤᠭ᠎ᠠ ᠶᠢᠨ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ ᠃ | ᠳᠥᠷᠪᠡ ᠂ ᠲᠣᠰ ᠲᠥᠷᠥᠯ ᠵᠦᠢᠯ ᠤᠨ ᠦᠢᠯᠡᠳᠪᠦᠷᠢᠯᠡᠯ ᠤᠨ ᠬᠠᠶᠠᠭᠳᠠᠮᠠᠯ ᠤᠰᠤ ᠶᠢ ᠰᠢᠢᠳᠪᠦᠷᠢᠯᠡᠭᠰᠡᠨ ᠤ | ᠳᠠᠷᠠᠭ᠎ᠠ ᠪᠦᠬᠦᠨ ᠢ ᠦᠢᠯᠡᠳᠪᠦᠷᠢᠯᠡᠯ ᠳᠤ ᠬᠡᠷᠡᠭᠯᠡᠵᠦ ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠭᠰᠡᠨ ᠤ | ᠳᠠᠷᠠᠭ᠎ᠠ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠵᠠᠯᠠᠨ ᠣᠷᠣᠭᠤᠯᠪᠠ ᠃ | ᠲᠠᠪᠤ ᠂ ᠲᠥᠷᠥᠯ ᠵᠦᠢᠯ ᠳᠤ ᠳᠤᠷᠠᠳᠤᠭᠰᠠᠨ ᠤᠰᠤ ᠠᠷᠪᠢᠯᠠᠬᠤ ᠶᠢ ᠦᠨᠡᠯᠡᠬᠦ ᠬᠠᠮᠢᠶ᠎ᠠ ᠪᠦᠬᠦᠢ ᠠᠭᠤᠯᠭ᠎ᠠ ᠶᠢ | ᠦᠨᠳᠦᠰᠦᠨ ᠳᠤᠨᠢ ᠵᠥᠪᠰᠢᠶᠡᠷᠡᠨ᠎ᠡ ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠤ ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ | ᠥᠷᠨᠢᠭᠦᠯᠵᠦ ᠂ ᠤᠯᠤᠰ ᠠᠴᠠ ᠵᠣᠷᠢᠭᠵᠢᠭᠤᠯᠵᠤ ᠪᠠᠶᠢᠭ᠎ᠠ ᠤᠰᠤ ᠠᠷᠪᠢᠯᠠᠬᠤ ᠤᠷ᠎ᠠ ᠮᠡᠷᠭᠡᠰᠢᠯ ᠂ ᠮᠡᠷᠭᠡᠵᠢᠯ ᠪᠣᠯᠤᠨ | ᠲᠣᠨᠤᠭ ᠲᠥᠬᠦᠭᠡᠷᠦᠮᠵᠢ ᠶᠢ ᠡᠩ ᠲᠡᠷᠢᠭᠦᠨ ᠳᠤ ᠬᠡᠷᠡᠭᠯᠡᠵᠦ ᠂ ᠤᠰᠤ ᠬᠡᠷᠡᠭᠯᠡᠬᠦ ᠬᠢᠷᠢ ᠲᠦᠪᠰᠢᠨ ᠢ ᠠᠳᠠᠯᠢ ᠠᠵᠢᠯ | ᠲᠥᠷᠥᠯ ᠤᠨ ᠲᠡᠷᠢᠭᠦᠨ ᠤ ᠬᠢᠷᠢ ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ ᠃ | ᠵᠢᠷᠭᠤᠭ᠎ᠠ ᠂ ᠲᠠᠨ ᠤ ᠺᠣᠮᠫᠠᠨᠢ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ | ᠲᠣᠭᠲᠠᠭᠠᠯ ᠪᠠ ︽ᠤᠰᠤ ᠠᠪᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠳᠦᠷᠢᠮ︾ ︵GB/T28714 | — 2023︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠂ ᠤᠰᠤ ᠠᠪᠬᠤ ᠬᠡᠮᠵᠢᠯᠲᠡ ᠶᠢᠨ ᠪᠡᠯᠡᠳᠬᠡᠮᠵᠢ ᠪᠠ | ᠰᠦᠯᠵᠢᠶᠡᠨ ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠬᠡᠪ ᠤᠨ | ᠠᠵᠢᠯᠯᠠᠭᠠᠨ ᠢ ᠪᠠᠲᠤᠯᠠᠵᠤ ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ | ᠣᠷᠣᠨ ᠤ ᠤᠰᠤ ᠠᠪᠬᠤ ᠬᠠᠮᠢᠶᠠᠷᠤᠯᠲᠠ ᠶᠢᠨ ᠲᠠᠪᠴᠠᠩ ᠳᠤ ᠲᠣᠭᠲᠠᠭᠤᠨ ᠢᠶᠠᠷ ᠳᠠᠮᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ ᠃ ᠲᠣᠰ ᠲᠥᠷᠥᠯ ᠵᠦᠢᠯ ᠢ ᠨᠢᠭᠡᠨᠲᠡ ᠪᠠᠶᠢᠭᠤᠯᠤᠭᠰᠠᠨ ᠪᠥᠭᠡᠳ ᠠᠰᠢᠭᠯᠠᠯᠲᠠ ᠳᠤ | ᠣᠷᠣᠭᠤᠯᠤᠭᠰᠠᠨ ᠪᠠᠶᠢᠳᠠᠯ ᠢ ᠦᠨᠳᠦᠰᠦᠯᠡᠨ ᠂ ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ | ᠵᠠᠷᠤᠳᠠᠯ ᠢ ᠲᠠᠲᠠᠪᠤᠷᠢᠯᠠᠬᠤ ᠬᠠᠮᠢᠶᠠᠷᠤᠯᠲᠠ ᠶᠢᠨ ᠲᠦᠷᠢᠮ︾ ᠪᠠ ︽ᠤᠰᠤ ᠠᠪᠬᠤ ᠵᠥᠪᠰᠢᠶᠡᠷᠡᠯ ᠤᠨ | ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠂ ᠲᠠᠨ ᠤ ᠺᠣᠮᠫᠠᠨᠢ ᠲᠣᠰ | ᠴᠣᠬᠤᠯᠠᠪᠤᠷᠢ ᠶᠢ ᠣᠯᠤᠭᠰᠠᠨ ᠤ ᠳᠠᠷᠠᠭ᠎ᠠ ᠳᠠᠷᠤᠶ ᠲᠦᠷᠭᠡᠨ ᠮᠠᠨ ᠤ ᠲᠢᠩᠬᠢᠮ ᠳᠤ ᠬᠤᠯᠪᠣᠭᠳᠠᠯ ᠪᠥᠬᠦᠶ | ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ ᠂ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠪᠠᠷ | ᠭᠤᠶᠤᠴᠢᠯᠠᠪᠠ ᠃ | | ᠳᠠᠭᠠᠯᠳᠤᠭᠤᠯᠤᠯ᠄ 1 ᠂ ᠥᠪᠥᠷ ᠮᠣᠩᠭᠤᠯ ᠤᠨ ᠰᠢᠨ ᠴᠧᠩ ᠸᠧᠢ ᠶᠧ ᠬᠢᠮᠢ ᠶᠢᠨ ᠬᠢᠵᠠᠭᠠᠷᠲᠤ ᠺᠣᠮᠫᠠᠨᠢ ᠶᠢᠨ | ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ | ᠨᠤᠲᠠᠯᠠᠯᠲᠠ ᠶᠢᠨ ᠮᠡᠳᠡᠭᠦᠯᠦᠯᠲᠡ ᠶᠢᠨ ᠬᠦᠰᠦᠨᠦᠭᠲᠦ ᠶᠢ ᠬᠢᠨᠠᠨ ᠪᠠᠶᠢᠴᠠᠭᠠᠭᠰᠠᠨ ᠲᠤᠬᠠᠢ ᠮᠡᠳᠡᠭᠦᠯᠦᠯᠲᠡ ︵ | ᠳᠠᠭᠠᠯᠳᠤᠭᠤᠯᠤᠯ ᠪᠠᠭᠲᠠᠨ᠎ᠠ︶ .pdf | 2024 ᠣᠨ ᠤ 11 ᠳ᠋ᠦ᠋ᠭᠡᠷ ᠰᠠᠷ᠎ᠠ ᠶᠢᠨ 20 ᠤ ᠡᠳᠦᠷ | | |