ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠣᠶᠢᠷ᠎ᠠ ᠶᠢᠨ ᠵᠢᠯ ᠳᠤ ᠭᠠᠵᠠᠷ ᠳᠣᠣᠷᠠᠬᠢ ᠤᠰᠤ ᠶᠢ ᠬᠡᠲᠦ | ᠮᠠᠯᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠭᠠᠵᠠᠷ ᠳᠣᠣᠷᠠᠬᠢ ᠤᠰᠤ ᠶᠢ ᠬᠢᠨᠠᠨ | ᠬᠡᠮᠵᠢᠬᠦ ᠬᠤᠳᠳᠤᠭ ᠢ 2600 ᠭᠠᠷᠤᠢ ᠲᠠᠯᠪᠢᠵᠤ᠂ ︽ᠴᠠᠬᠢᠯᠭᠠᠨ ᠢᠶᠠᠷ ᠤᠰᠤ ᠶᠢ ᠨᠤᠭᠤᠯᠤᠨ ᠪᠤᠳᠤᠬᠤ︾ ᠵᠡᠷᠭᠡ | ᠠᠷᠭ᠎ᠠ ᠬᠡᠯᠪᠡᠷᠢ ᠪᠠᠷ ᠬᠤᠳᠳᠤᠭ ᠤᠨ ᠤᠰᠤᠯᠠᠯᠲᠠ ᠳᠤ ᠲᠠᠷᠢᠶᠠᠯᠠᠩ ᠤᠨ ᠬᠡᠷᠡᠭᠯᠡᠬᠦ ᠤᠰᠤᠨ ᠤ ᠬᠡᠮᠵᠢᠯᠲᠡ ᠶᠢ ᠪᠦᠷᠢᠨ | ᠪᠦᠷᠬᠦᠭᠦᠯᠬᠦ ᠶᠢ ᠪᠡᠶᠡᠯᠡᠭᠦᠯᠪᠡ᠃ ᠣᠳᠣᠬᠠᠨ ᠳᠤ᠂ ᠥᠪᠥᠷ ᠮᠣᠩᠭᠤᠯ ᠤᠨ ᠭᠠᠵᠠᠷ ᠳᠣᠣᠷᠠᠬᠢ ᠤᠰᠤ ᠶᠢ ᠲᠠᠲᠠᠵᠤ | ᠬᠡᠷᠡᠭᠯᠡᠬᠦ ᠬᠢᠨᠠᠨ ᠬᠡᠮᠵᠢᠯᠲᠡ ᠶᠢᠨ ᠲᠣᠣᠷ ᠰᠦᠯᠵᠢᠶ᠎ᠡ ᠦᠨᠳᠦᠰᠦᠨ ᠳᠡᠭᠡᠨ ᠪᠦᠷᠢᠯᠳᠦᠪᠡ᠃ | ᠥᠪᠥᠷ ᠮᠣᠩᠭᠤᠯ ᠣᠶᠢᠷ᠎ᠠ ᠶᠢᠨ ᠵᠢᠯ ᠤᠳ ᠲᠤ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ | ᠦᠷᠭᠦᠯᠵᠢᠯᠡᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠪᠠ | ᠬᠠᠮᠢᠶᠠᠷᠬᠤ ᠳᠦᠷᠢᠮ ᠢ ᠨᠡᠶᠢᠲᠡᠯᠡᠵᠦ᠂ ᠭᠠᠵᠠᠷ ᠳᠣᠣᠷᠠᠬᠢ ᠤᠰᠤᠨ ᠤ ᠲᠦᠪᠰᠢᠨ ᠢ ᠨᠡᠪᠲᠡᠷᠡᠭᠦᠯᠬᠦ ᠳᠦᠷᠢᠮ ᠢ | ᠪᠠᠶᠢᠭᠤᠯᠤᠨ᠂ ᠭᠠᠵᠠᠷ ᠳᠣᠣᠷᠠᠬᠢ ᠤᠰᠤᠨ ᠤ ᠬᠡᠮᠵᠢᠶ᠎ᠡ᠂ ᠤᠰᠤᠨ ᠤ ᠲᠦᠪᠰᠢᠨ ᠢ ︽ᠬᠤᠤᠰ ᠡᠵᠡᠮᠳᠡᠬᠦ︾ ᠦᠨᠡᠯᠡᠨ | ᠵᠢᠱᠢᠬᠦ ᠶᠢ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠶᠢ ᠵᠦᠢ ᠵᠣᠬᠢᠰᠲᠠᠢ ᠨᠡᠭᠡᠭᠡᠨ ᠠᠰᠢᠭᠯᠠᠬᠤ ᠪᠠ ᠦᠷᠭᠦᠯᠵᠢᠯᠡᠨ | ᠠᠰᠢᠭᠯᠠᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠪᠠ᠃ ︽ᠴᠠᠬᠢᠯᠭᠠᠨ ᠢᠶᠠᠷ ᠤᠰᠤ ᠶᠢ ᠨᠤᠭᠤᠯᠤᠨ ᠪᠤᠳᠤᠬᠤ︾ | ᠬᠢᠨᠠᠨ ᠬᠡᠮᠵᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠥᠪᠥᠷ ᠮᠣᠩᠭᠤᠯ ᠪᠥᠬᠦ ᠥᠪᠡᠷᠲᠡᠭᠡᠨ | ᠵᠠᠰᠠᠬᠤ ᠣᠷᠣᠨ ᠤ ᠭᠠᠵᠠᠷ ᠳᠣᠣᠷᠠᠬᠢ ᠤᠰᠤᠨ ᠤ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠵᠦ᠂ | ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠨᠠᠶᠢᠳᠠᠪᠤᠷᠢᠵᠢᠭᠤᠯᠬᠤ ᠳᠤ ᠰᠠᠭᠤᠷᠢ ᠲᠤᠯᠭᠠᠭᠤᠷᠢᠯᠠᠯ | ᠬᠠᠩᠭᠠᠪᠠ᠃ | ︵︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾ ᠠᠴᠠ ᠰᠢᠯᠵᠢᠭᠦᠯᠪᠡ︶ | |