︽9 + 5 + 3︾ ᠪᠠᠶᠢᠷᠢᠰᠢᠯ ᠢ ᠪᠤᠶ ᠪᠣᠯᠭᠠᠵᠤ ᠮᠠᠨ ᠤ ᠣᠷᠣᠨ ︽ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠵᠤ ᠢᠷᠡᠭᠡᠳᠦᠶ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/11/25
  ᠢᠷᠡᠭᠡᠳᠦᠶ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶ ᠪᠣᠯᠭᠠᠬᠤ ᠶᠢ ᠠᠬᠢᠭᠤᠯᠬᠤ ᠶᠢᠨ ᠲᠤᠰᠠᠳᠠ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠰᠤᠷᠭᠠᠨ ᠬᠥᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠵᠡᠷᠭᠡ ᠨᠠᠢᠮᠠᠨ ᠰᠠᠯᠠᠭ᠎ᠠ ᠮᠥᠴᠢᠷ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠷᠡᠭᠡᠳᠦᠶ ᠶᠢᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠭᠦᠯᠬᠦ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠪᠠ᠃  ︽ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠠᠰ ᠤᠨ ᠲᠠᠰ ᠳᠡᠪᠰᠢᠬᠦ ᠪᠠ ᠬᠤᠰᠢᠭᠤᠷᠠᠯ ᠮᠡᠷᠭᠡᠵᠢᠯ ᠤᠨ ᠠᠵᠤ ᠦᠢᠯᠡᠰᠵᠢᠭᠦᠯᠦᠨ ᠨᠠᠶᠢᠳᠠᠪᠤᠷᠢᠵᠢᠭᠤᠯᠬᠤ ᠪᠠᠷ ᠭᠤᠤᠯ ᠰᠢᠵᠢᠮ ᠪᠣᠯᠭᠠᠵᠤ᠂ ᠨᠡᠭᠦᠷᠡᠰᠦᠲᠥ᠋ᠷᠥᠭᠴᠢ ᠶᠢᠨ ᠰᠠᠭᠤᠷᠢ ᠰᠢᠨ᠎ᠡ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ᠂ ᠤᠰᠤᠲᠥ᠋ᠷᠥᠭᠴᠢ ᠶᠢᠨ ᠡᠨᠧᠷᠭᠢ᠂ ᠰᠢᠨ᠎ᠡ ᠨᠢᠭᠡ ᠦᠶ᠎ᠡ ᠶᠢᠨ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ ᠪᠤᠳᠤᠬᠤ ᠬᠦᠴᠦᠨ ᠤ ᠰᠦᠯᠵᠢᠶ᠎ᠡ᠂ ᠳᠣᠤᠷ᠎ᠠ ᠠᠭᠠᠷ ᠤᠨ ᠠᠵᠤ ᠠᠬᠤᠶ᠂ ᠨᠡᠶᠢᠯᠡᠮᠡᠯ ᠠᠮᠢᠳᠤ ᠪᠣᠳᠠᠰ ᠵᠡᠷᠭᠡ 9 ᠶᠡᠭᠡ ᠳᠠᠪᠠᠭᠤᠯᠢᠭ ᠬᠡᠯᠪᠡᠷᠢ ᠶᠢᠨ ᠠᠵᠤ ᠦᠢᠯᠡᠰ ᠢ ᠤᠷᠢᠳᠠᠪᠠᠷ ᠬᠥᠭᠵᠢᠭᠦᠯᠵᠦ᠂ ᠠᠮᠢᠳᠤ ᠪᠣᠳᠠᠰ ᠤᠨ ᠪᠣᠬᠢᠷᠲᠤᠯ ᠥᠬᠡᠶ ᠡᠨᠧᠷᠭᠢ᠂ ᠮᠠᠲ᠋ᠧᠷᠢᠶᠠᠯ ᠨᠡᠮᠡᠵᠦ ᠦᠢᠯᠡᠳᠬᠦ᠂ ᠤᠶᠤᠨᠴᠢ ᠮᠠᠰᠢᠨ ᠬᠥᠮᠦᠨ᠂ ᠵᠣᠬᠢᠶᠠᠮᠠᠯ ᠣᠶᠤᠨ ᠴᠢᠳᠠᠪᠤᠷᠢ᠂ ᠰᠠᠨᠰᠠᠷ ᠤᠨ ᠠᠶᠠᠯᠠᠯ ᠤᠨ ᠠᠵᠤ ᠦᠢᠯᠡᠰ ᠵᠡᠷᠭᠡ 5 ᠶᠡᠭᠡ ᠳᠠᠯᠳᠠ ᠬᠦᠴᠦᠨ ᠤ ᠬᠡᠯᠪᠡᠷᠢ ᠶᠢᠨ ᠠᠵᠤ ᠦᠢᠯᠡᠰ ᠢ ᠲᠦᠷᠭᠡᠪᠴᠢᠯᠡᠨ ᠪᠤᠶᠢᠵᠢᠭᠤᠯᠵᠤ᠂ ︽9 + 5 + 3︾ ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ 2030 ᠣᠨ ᠪᠤᠯᠳᠡᠯ᠎ᠠ᠂ ᠨᠢᠭᠡ ᠪᠦᠯᠥᠭ ᠵᠠᠩᠬᠢᠯᠠᠭ᠎ᠠ ᠶᠢᠨ ᠭᠤᠤᠯᠯᠠᠬᠤ ᠮᠡᠷᠭᠡᠵᠢᠯ ᠢ ᠰᠢᠪᠳᠣᠯᠥᠨ᠂ ᠨᠢᠭᠡ ᠪᠦᠯᠥᠭ ᠪᠡᠯᠭᠡ ᠳᠡᠮᠳᠡᠭ ᠤᠨ ᠴᠢᠨᠡᠷᠳᠡᠢ ᠦᠢᠯᠡᠳᠬᠦᠨ ᠢ ᠪᠦᠷᠢᠯᠳᠦᠬᠦᠯᠵᠦ᠂ ᠨᠢᠭᠡ ᠪᠦᠯᠥᠭ ᠭᠡᠷᠡᠭᠯᠡᠭᠡᠨ ᠤ ᠵᠢᠱᠢᠶ᠎ᠠ ᠦᠵᠡᠬᠦᠯᠬᠦ ᠦᠵᠡᠭᠳᠡᠯ ᠢ ᠳᠡᠯᠭᠡᠷᠡᠬᠦᠯᠥᠨ᠂ ᠨᠢᠭᠡ ᠪᠦᠯᠥᠭ ᠳᠠᠭᠠᠭᠤᠯᠥᠠᠠᠴᠢ ᠠᠵᠦ ᠠᠬᠤᠶᠢᠯᠠᠯ ᠢ ᠪᠤᠶᠢᠵᠢᠭᠤᠯᠵᠦ᠂ ᠨᠢᠭᠡ ᠪᠦᠯᠥᠭ ᠲᠤᠷᠰᠢᠯᠳᠡ ᠬᠢᠵᠦ ᠰᠢᠯᠭᠠᠨ ᠭᠡᠷᠡᠴᠢᠯᠡᠬᠦ ᠪᠠ ᠣᠯᠡᠨ ᠨᠡᠶᠢᠲᠡ ᠶᠢᠨ ᠦᠢᠯᠡᠴᠢᠯᠡᠭᠡᠨ ᠤ ᠳᠡᠪᠴᠠᠩ ᠢ ᠪᠠᠶᠢᠭᠤᠯᠵᠦ᠂ 3 — 5 ᠦᠨᠳᠣᠷ ᠬᠢᠷᠢ ᠳᠥᠪᠰᠢᠨ ᠲᠠᠢ ᠢᠷᠡᠭᠡᠳᠦᠢ ᠶᠢᠨ ᠠᠵᠦ ᠦᠢᠯᠡᠰ ᠤᠨ ᠬᠤᠰᠢᠭᠤᠴᠢ ᠣᠷᠣᠨ ᠢ ᠪᠠᠶᠢᠭᠤᠯᠪᠠ᠃  ︽ᠬᠡᠷᠡᠭᠵᠢᠭᠦᠯᠬᠦ ᠲᠥᠰᠦᠯ︾ ᠨᠢ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰᠵᠢᠭᠦᠯᠬᠦ ᠶᠢ ᠲᠦᠷᠭᠡᠳᠬᠡᠬᠦ᠂ ᠪᠡᠯᠭᠡ ᠲᠡᠮᠳᠡᠭ ᠤᠨ ᠴᠢᠨᠠᠷᠲᠠᠶ ᠦᠢᠯᠡᠳᠬᠦᠨ ᠢ ᠪᠤᠶᠢᠵᠢᠭᠤᠯᠬᠤ᠂ ᠬᠡᠷᠡᠭᠯᠡᠭᠡᠨ ᠤ ᠪᠠᠶᠢᠳᠠᠯ ᠢ ᠥᠷᠭᠡᠳᠬᠡᠬᠦ᠂ ᠠᠵᠤ ᠦᠢᠯᠡᠰ ᠤᠨ ᠭᠤᠤᠯ ᠴᠣᠭᠴᠠ ᠶᠢ ᠪᠤᠵᠠᠭᠠᠶᠢᠷᠠᠭᠤᠯᠬᠤ᠂ ᠤᠨᠴᠠᠯᠢᠬᠳᠤ ᠠᠵᠤ ᠦᠢᠯᠡᠰ ᠤᠨ ᠥᠨᠳᠦᠷᠯᠢᠭ ᠢ ᠴᠣᠭᠴᠠᠯᠠᠬᠤ ᠵᠡᠷᠭᠡ 5 ᠲᠠᠯ᠎ᠠ ᠪᠠᠷ ᠭᠤᠤᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠬᠤ ᠶᠢᠨ ᠬᠠᠮᠲᠤ ᠠᠯᠢ ᠣᠯᠠᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠡᠯ᠎ᠡ ᠵᠦᠢᠯ ᠤᠨ ᠡᠭᠦᠷᠭᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠪᠠ᠃ ︽ᠬᠡᠷᠡᠭᠵᠢᠭᠦᠯᠬᠦ ᠲᠥᠰᠥᠯ︾ ᠳᠤ᠂ ᠥᠪᠡᠷᠲᠡᠭᠡᠨ ᠵᠠᠰᠠᠬᠤ ᠣᠷᠣᠨ ᠤ ᠢᠷᠡᠭᠡᠳᠦᠢ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠲᠣᠭᠲᠠᠴᠠ ᠶᠢ ᠪᠠᠶᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠭᠤᠯᠭ᠎ᠠ ᠪᠠᠨ ᠴᠢᠩᠭᠠᠳᠬᠠᠵᠤ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃ ᠢᠷᠡᠭᠡᠳᠦᠶ ᠶᠢᠨ ᠠᠵᠤ ᠦᠢᠯᠡᠰ ᠤᠨ ᠣᠷᠣᠭᠤᠯᠤᠯᠲᠠ ᠶᠢ ᠨᠡᠮᠡᠭᠳᠡᠭᠦᠯᠬᠦ ᠲᠣᠭᠲᠠᠴᠠ ᠶᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠠᠩᠬᠢ ᠪᠣᠯᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠳᠠᠭᠠᠭᠤᠯᠤᠭᠴᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠶᠡᠬᠡᠪᠡᠷ ᠣᠷᠣᠭᠤᠯᠵᠤ ᠮᠠᠨ ᠤ ᠣᠷᠣᠨ ᠳᠤ ᠬᠤᠰᠢᠭᠤᠷᠠᠯ ᠮᠡᠷᠭᠡᠵᠢᠯ ᠤᠨ ᠰᠤᠳᠤᠯᠤᠨ ᠨᠡᠭᠡᠭᠡᠬᠦ ᠮᠡᠷᠭᠡᠵᠢᠯ ᠤᠨ ᠲᠥᠪ ᠪᠠᠶᠢᠭᠤᠯᠵᠤ᠂ ᠢᠷᠡᠭᠡᠳᠦᠶ ᠶᠢᠨ ᠠᠵᠤ ᠦᠢᠯᠡᠰ ᠤᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠠᠵᠤ ᠦᠢᠯᠡᠰᠴᠢᠯᠡᠯᠲᠡ ᠶᠢᠨ ᠬᠡᠷᠡᠭᠯᠡᠯᠲᠡ ᠶᠢ ᠲᠦᠯᠬᠢᠨ ᠠᠬᠢᠭᠤᠯᠪᠠ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号