11 ᠳ᠋ᠦ᠋ᠭᠡᠷ ᠰᠠᠷ᠎ᠠ ᠶᠢᠨ 23 ᠤ ᠡᠳᠦᠷ᠂ 2024 ᠣᠨ ᠤ ︽ᠠᠵᠢᠯᠴᠢᠨ ᠤ ᠡᠪᠯᠡᠯ ᠬᠠᠪᠰᠤᠷᠤᠨ ᠠᠵᠢᠯ | ᠣᠯᠭᠤᠬᠤ︾ ᠪᠡᠭᠡᠵᠢᠩ ᠲᠢᠶᠠᠨᠵᠢᠨ ᠡᡁᠧᠪᠸᠢ ᠥᠪᠥᠷ ᠮᠣᠩᠭᠤᠯ ᠤᠨ ᠠᠵᠢᠯᠴᠢᠨ ᠤ ᠡᠪᠯᠡᠯ ᠠᠵᠢᠯ ᠣᠯᠭᠤᠵᠤ | ᠦᠢᠯᠡᠰ ᠪᠣᠰᠬᠠᠬᠤ ᠬᠠᠮᠵᠢᠯᠴᠠᠭᠠᠨ ᠤ ᠥᠪᠥᠷ ᠮᠣᠩᠭᠤᠯ ᠤᠨ ᠲᠤᠰᠬᠠᠶ ᠲᠠᠯᠠᠪᠤᠷ ᠠᠵᠢᠯᠲᠠᠨ ᠡᠯᠰᠡᠬᠦ ᠠᠵᠢᠯᠯᠠᠭ᠎ᠠ | ᠬᠥᠬᠡᠬᠤᠲᠠ ᠳᠤ ᠡᠬᠢᠯᠡᠪᠡ᠃ | ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠨᠢ ᠰᠦᠯᠵᠢᠶ᠎ᠡ ᠪᠠᠷ ᠪᠠ ᠰᠦᠯᠵᠢᠶᠡᠨ ᠠᠴᠠ | ᠭᠠᠳᠠᠭᠤᠷᠬᠢ ᠶᠢ ᠬᠠᠷᠢᠯᠴᠠᠨ ᠤᠶᠠᠯᠳᠤᠭᠤᠯᠵᠤ᠂ ᠰᠦᠯᠵᠢᠶᠡᠨ ᠠᠴᠠ ᠭᠠᠳᠠᠭᠤᠷᠬᠢ ᠠᠵᠢᠯᠯᠠᠭ᠎ᠠ ᠳᠤ ᠠᠵᠢᠯᠲᠠᠨ | ᠡᠯᠰᠡᠬᠦ ᠵᠡᠭᠡᠯᠢ ᠲᠣᠭᠤᠷᠢᠭ᠂ ᠰᠢᠭᠤᠳ ᠨᠡᠪᠲᠡᠷᠡᠭᠦᠯᠬᠦ ᠵᠡᠭᠡᠯᠢ ᠲᠣᠭᠤᠷᠢᠭ᠂ ᠤᠶᠤᠨᠲᠤ ᠵᠡᠭᠡᠯᠢ ᠲᠣᠭᠤᠷᠢᠭ᠂ | ᠦᠢᠯᠡᠴᠢᠯᠡᠭᠡᠨ ᠤ ᠵᠡᠭᠡᠯᠢ ᠲᠣᠭᠤᠷᠢᠭ᠂ ᠰᠢᠨ᠎ᠡ ᠶᠢ ᠡᠭᠦᠳᠴᠦ ᠦᠢᠯᠡᠰ ᠪᠣᠰᠬᠠᠬᠤ ᠵᠡᠭᠡᠯᠢ ᠲᠣᠭᠤᠷᠢᠭ᠂ | ᠠᠮᠢᠳᠤᠯᠢᠭ ᠢᠶᠠᠷ ᠠᠵᠢᠯ ᠣᠯᠭᠤᠬᠤ ᠵᠡᠭᠡᠯᠢ ᠲᠣᠭᠤᠷᠢᠭ ᠵᠡᠷᠭᠡ ᠵᠢᠷᠭᠤᠭᠠᠨ ᠶᠡᠭᠡ ᠵᠡᠭᠡᠯᠢ ᠲᠣᠭᠤᠷᠢᠭ ᠢ | ᠳᠣᠬᠢᠷᠠᠭᠤᠯᠵᠤ᠂ ︽ᠠᠬᠤᠢ ᠲᠠᠯᠠᠪᠠᠢ ᠳᠤ ᠠᠵᠢᠯᠲᠠᠨ ᠡᠯᠰᠡᠬᠦ + ᠡᠭᠦᠯᠡᠨ ᠦᠵᠦᠭᠦᠷ ᠢᠶᠠᠷ ᠰᠢᠭᠤᠳ ᠨᠡᠪᠲᠡᠷᠡᠭᠦᠯᠬᠦ | + ᠳ᠋ᠢᠭᠢᠲᠴᠢᠯᠡᠯᠲᠡ ᠪᠠᠷ ᠠᠵᠢᠯ ᠣᠯᠭᠤᠬᠤ + ᠵᠠᠬᠢᠶᠠᠯᠠᠭ᠎ᠠ ᠪᠠᠷ ᠦᠢᠯᠡᠴᠢᠯᠡᠬᠦ + ᠦᠢᠯᠡᠰ ᠪᠣᠰᠬᠠᠬᠤ ᠪᠠᠷ | ᠲᠠᠨᠢᠯᠴᠠᠭᠤᠯᠬᠤ︾ ᠶᠢ ᠬᠠᠷᠢᠯᠴᠠᠨ ᠠᠭᠤᠰᠤᠯᠴᠠᠭᠤᠯᠬᠤ ᠬᠡᠯᠪᠡᠷᠢ ᠪᠠᠷ ᠥᠷᠨᠢᠭᠦᠯᠪᠡ᠃ | ᠪᠡᠭᠡᠵᠢᠩ ᠲᠢᠶᠠᠨᠵᠢᠨ ᠾᠧᠪᠸᠢ ᠥᠪᠥᠷ ᠮᠣᠩᠭᠤᠯ ᠳᠥᠷᠪᠡᠨ ᠭᠠᠵᠠᠷ ᠠᠴᠠ ᠢᠷᠡᠭᠰᠡᠨ 585 ᠡᠷᠦᠬᠡ ᠠᠵᠤ | ᠠᠬᠤᠶᠢᠯᠠᠯ ᠨᠡᠶᠢᠲᠡ 1900 ᠭᠠᠷᠤᠶ ᠠᠵᠢᠯ ᠤᠨ ᠪᠠᠶᠢᠷᠢ ᠬᠠᠩᠭᠠᠵᠤ᠂ ᠡᠯᠰᠡᠬᠦ ᠬᠦᠮᠦᠨ ᠤ ᠲᠤᠭ᠎ᠠ ᠨᠢ 11000 | ᠰᠢᠬᠠᠮ ᠬᠥᠮᠦᠨ ᠳᠤ ᠬᠦᠷᠪᠡ᠃ ᠡᠨᠧᠷᠭᠢ ᠬᠢᠮᠢ ᠶᠢᠨ ᠠᠵᠤ ᠦᠢᠯᠡᠳᠪᠦᠷᠢ᠂ ᠦᠢᠯᠡᠳᠪᠦᠷᠢᠯᠡᠯ ᠤᠨ ᠠᠵᠢᠯᠯᠠᠭ᠎ᠠ᠂ | ᠰᠤᠷᠭᠠᠨ ᠬᠥᠮᠦᠵᠢᠯ ᠤᠨ ᠪᠣᠯᠪᠠᠰᠤᠷᠠᠯ᠂ ᠮᠥᠩᠭᠦᠨ ᠭᠦᠢᠯᠭᠡᠭᠡ ᠳᠠᠭᠠᠳᠬᠠᠯ᠂ ᠦᠢᠯᠡᠴᠢᠯᠡᠭᠡᠨ ᠤ ᠦᠢᠯᠡᠰ᠂ ᠰᠣᠶᠣᠯ | ᠤᠷᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠡᠮᠴᠢᠯᠡᠭᠡ᠂ ᠮᠠᠯ ᠲᠠᠷᠢᠶᠠᠯᠠᠩ ᠣᠢ ᠰᠢᠭᠤᠢ᠂ ᠲᠤᠰᠠᠯᠠᠬᠤ ᠵᠢᠭᠠᠰᠤᠨ ᠤ | ᠠᠵᠤ ᠠᠬᠤᠢ ᠵᠡᠷᠭᠡ ᠠᠵᠢᠯ ᠲᠦᠷᠦᠯ ᠤᠳ ᠢ ᠬᠠᠮᠤᠷᠴᠤ᠂ ᠠᠵᠢᠯ ᠤᠨ ᠪᠠᠶᠢᠷᠢ ᠰᠢᠯᠵᠢᠭᠰᠡᠨ ᠪᠠ ᠠᠵᠢᠯ ᠤᠨ ᠪᠠᠶᠢᠷᠢ | ᠬᠦᠯᠢᠶᠡᠵᠦ ᠪᠠᠶᠢᠭ᠎ᠠ ᠠᠵᠢᠯᠳᠠᠨ ᠠᠵᠢᠯᠴᠢᠨ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ᠂ | ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠬᠦᠴᠢᠷᠳᠡᠯᠲᠡᠢ ᠠᠵᠢᠯᠲᠠᠨ ᠠᠵᠢᠯᠴᠢᠳ ᠤᠨ ᠭᠡᠷ ᠪᠦᠯᠢ ᠶᠢᠨ | ᠭᠡᠰᠢᠭᠦᠳ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠠᠵᠢᠯ ᠡᠷᠢᠭᠰᠡᠳ ᠲᠤ ᠴᠢᠨᠠᠷ ᠰᠠᠶᠢᠲᠠᠢ ᠠᠵᠢᠯ | ᠣᠯᠭᠤᠯᠲᠠ ᠳᠤ ᠬᠦᠴᠦᠨ ᠨᠡᠮᠡᠷᠢᠯᠡᠪᠡ᠃ | ᠠᠵᠢᠯᠲᠠᠨ ᠡᠯᠰᠡᠬᠦ ᠬᠤᠷᠠᠯ ᠤᠨ ᠠᠬᠤᠢ ᠲᠠᠯᠠᠪᠠᠢ ᠳᠤ ᠪᠡᠭᠡᠵᠢᠩ ᠲᠢᠶᠠᠨᠵᠢᠨ ᠾᠧᠪᠧᠶ ᠥᠪᠥᠷ ᠮᠣᠩᠭᠤᠯ | ᠳᠥᠷᠪᠡᠨ ᠭᠠᠵᠠᠷ ᠠᠴᠠ ᠢᠷᠡᠭᠰᠡᠨ ᠠᠵᠢᠯ ᠣᠯᠭᠤᠬᠤ ᠦᠢᠯᠡᠰ ᠪᠣᠰᠬᠠᠬᠤ ᠵᠢᠯᠣᠭᠤᠳᠤᠭᠴᠢ ᠪᠠᠭᠰᠢ ᠶᠢ ᠤᠷᠢᠵᠤ | ᠠᠵᠢᠯ ᠣᠯᠭᠤᠬᠤ ᠦᠢᠯᠡᠰ ᠪᠣᠰᠬᠠᠬᠤ ᠲᠠᠯ᠎ᠠ ᠶᠢᠨ ᠬᠤᠪᠢᠶᠠᠯᠴᠠᠯᠭ᠎ᠠ ᠬᠢᠯᠭᠡᠵᠦ᠂ ᠪᠠᠰᠠ ︽ᠠᠵᠢᠯ ᠣᠯᠬᠤ ᠳᠤ ᠨᠢ | ᠬᠦᠷᠭᠡᠬᠦ ᠤᠯᠠᠭ᠎ᠠ ᠥᠷᠲᠡᠭᠡ︾ ᠳᠣᠬᠢᠷᠠᠭᠤᠯᠵᠤ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠪᠠ ᠠᠵᠢᠯ | ᠡᠷᠢᠭᠰᠡᠳ ᠲᠤ ᠪᠦᠬᠦ ᠲᠠᠯ᠎ᠠ ᠶᠢᠨ ᠠᠵᠢᠯ ᠣᠯᠭᠤᠬᠤ ᠦᠢᠯᠡᠴᠢᠯᠡᠭᠡ ᠬᠠᠩᠭᠠᠪᠠ᠃ ᠲᠤᠬᠠᠶ ᠶᠢᠨ ᠡᠳᠦᠷ ᠲᠤ᠂ | ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠯᠲᠡ ᠳᠤ ᠨᠡᠶᠢᠲᠡ 9000 ᠭᠠᠷᠤᠶ ᠬᠥᠮᠦᠨ ᠠᠬᠤᠢ ᠲᠠᠯᠠᠪᠠᠶ ᠳᠤ | ᠬᠦᠷᠦᠯᠴᠡᠨ ᠢᠷᠡᠵᠦ᠂ 1.4 ᠲᠦᠮᠡ ᠭᠠᠷᠤᠶ ᠲᠣᠪᠴᠢ ᠨᠠᠮᠲᠠᠷ ᠢ ᠬᠦᠯᠢᠶᠡᠨ ᠠᠪᠴᠤ᠂ ᠰᠦᠯᠵᠢᠶ᠎ᠡ ᠪᠠᠷ ᠠᠵᠢᠯᠲᠠᠨ | ᠡᠯᠰᠡᠭᠰᠡᠨ ᠠᠵᠢᠯᠯᠠᠭ᠎ᠠ ᠲᠠᠢ ᠪᠠᠨ ᠨᠡᠶᠢᠯᠡᠭᠡᠳ ᠨᠡᠶᠢᠲᠡ 4.7 ᠲᠦᠮᠡᠨ ᠬᠥᠮᠦᠨ ᠤᠳᠠᠭ᠎ᠠ ᠣᠷᠣᠯᠴᠠᠪᠠ᠃ | ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠪᠣᠯ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ | ᠶᠡᠷᠦᠩᠬᠡᠶ ᠡᠪᠯᠡᠯ ᠤᠨ ᠵᠢᠯᠣᠭᠤᠳᠣᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ | ᠨᠢ ᠪᠡᠭᠡᠵᠢᠩ ᠲᠢᠶᠠᠨᠵᠢᠨ ᠾᠧᠪᠧᠶ ᠭᠤᠷᠪᠠᠨ ᠭᠠᠵᠠᠷ ᠤᠨ ᠠᠵᠢᠯᠴᠢᠨ ᠤ ᠡᠪᠯᠡᠯ ᠯᠦᠭᠡ ᠭᠠᠷ ᠬᠤᠯᠪᠣᠯᠴᠠᠵᠤ᠂ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠵᠡᠷᠭᠡ ᠨᠢᠭᠡᠴᠢ ᠨᠦᠭᠦᠳ ᠲᠠᠢ ᠬᠠᠮᠲᠤᠷᠠᠨ ᠬᠠᠮᠲᠤ ᠪᠠᠷ ᠵᠣᠬᠢᠶᠠᠨ | ᠪᠠᠶᠢᠭᠤᠯᠤᠨ ᠥᠷᠨᠢᠭᠦᠯᠪᠡ᠂ ᠲᠤᠰ ᠤᠳᠠᠭᠠᠨ ᠤ ᠠᠵᠢᠯᠯᠠᠭ᠎ᠠ ᠨᠢ 12 ᠳ᠋ᠤᠭᠠᠷ ᠰᠠᠷ᠎ᠠ ᠶᠢᠨ 23 ᠤ ᠡᠳᠦᠷ ᠪᠣᠯᠲᠠᠯ᠎ᠠ | ᠶᠠᠪᠤᠭᠳᠠᠬᠤ ᠪᠣᠯᠣᠨ᠎ᠠ᠃ ᠡᠨᠡ ᠬᠦ ᠬᠤᠭᠤᠴᠠᠭᠠᠨ ᠳᠤ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ | ᠡᠪᠯᠡᠯ ᠤᠨ ︽ᠠᠵᠢᠯᠲᠠᠨ ᠠᠵᠢᠯᠴᠢᠨ ᠤ ᠬᠡᠷ︾ APP᠂ ᠥᠪᠥᠷ ᠮᠣᠩᠭᠤᠯ ᠤᠨ ᠠᠵᠢᠯᠴᠢᠨ ᠤ ᠶᠡᠷᠦᠩᠬᠡᠶ | ᠡᠪᠯᠡᠯ ᠤᠨ ᠣᠯᠠᠨ ᠨᠡᠶᠢᠲᠡ ᠶᠢᠨ ᠸᠢᠴᠠᠲ ᠲᠠᠪᠴᠠᠩ ᠤᠨ ︽ᠡᠭᠦᠯᠡᠨ ᠠᠵᠢᠯᠲᠠᠨ ᠡᠯᠰᠡᠬᠦ︾ ᠵᠢᠴᠢ ᠪᠡᠭᠡᠵᠢᠩ | ᠲᠢᠶᠠᠨᠵᠢᠨ ᠾᠧᠪᠧᠢ ᠭᠤᠷᠪᠠᠨ ᠭᠠᠵᠠᠷ ᠤᠨ ᠠᠵᠢᠯᠴᠢᠨ ᠤ ᠡᠪᠯᠡᠯ ᠤᠨ ᠠᠵᠢᠯ ᠣᠯᠭᠤᠯᠲᠠ ᠶᠢᠨ ᠲᠠᠪᠴᠠᠩ᠂ ᠥᠪᠥᠷ | ᠮᠣᠩᠭᠤᠯ ᠤᠨ 24365 ᠤᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠤᠳ ᠲᠤ | ᠵᠡᠷᠭᠡ ᠳᠤ ᠨᠢ ᠲᠤᠰᠬᠠᠶ ᠲᠠᠯᠠᠪᠤᠷ ᠲᠣᠬᠢᠷᠠᠭᠤᠯᠤᠨ ᠠᠵᠢᠯᠲᠠᠨ ᠡᠯᠰᠡᠬᠦ ᠠᠵᠢᠯ ᠢ ᠥᠷᠨᠢᠭᠦᠯᠬᠦ ᠪᠣᠯᠣᠨ᠎ᠠ᠃ | | |