ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠬᠡᠷᠡᠭᠵᠢᠭᠦᠯᠵᠦ ᠥᠪᠥᠷ ᠮᠣᠩᠭᠤᠯ ᠤᠰᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠭᠤᠷᠪᠠᠨ ᠱᠠᠲᠤᠨ ᠤ ᠭᠦᠢᠴᠡᠳᠭᠡᠯ ᠲᠤᠭᠠᠨ ᠤ ᠲᠤᠭᠲᠠᠯᠴᠠᠭ᠎ᠠ ᠶᠢ ᠪᠦᠬᠦ ᠲᠠᠯ᠎ᠠ ᠪᠠᠷ ᠪᠠᠶᠢᠭᠤᠯᠪᠠ
ᠨᠡᠶᠢᠲᠡᠯᠡᠭᠰᠡᠨ ᠴᠠᠭ᠄
2024/11/26
  ᠰᠤᠷᠪᠤᠯᠵᠢᠯᠠᠭᠴᠢ ᠲᠦᠷᠦᠭᠦᠬᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠤᠯᠤᠰ ᠠᠴᠠ ᠪᠠᠭᠤᠯᠭᠠᠭᠰᠠᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠦᠨᠳᠦᠰᠦᠯᠡᠨ᠂ ᠥᠪᠥᠷ ᠮᠣᠩᠭᠤᠯ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠶᠢ ᠬᠠᠮᠤᠷᠤᠭᠰᠠᠨ ᠤᠰᠤ ᠬᠡᠷᠡᠭᠯᠡᠬᠦ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢᠨ ᠲᠤᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠬᠤ ᠶᠢᠨ ᠬᠠᠮᠲᠤ ᠤᠰᠤᠨ ᠤ ᠡᠬᠢ ᠰᠤᠷᠪᠤᠯᠵᠢ᠂ ᠠᠵᠢᠯ ᠲᠥᠷᠥᠯ ᠬᠤᠪᠢᠶᠠᠨ ᠨᠠᠷᠢᠯᠢᠭᠵᠢᠭᠤᠯᠤᠨ ᠦᠨᠳᠦᠰᠦᠨ ᠤᠰᠤ ᠬᠡᠷᠡᠭᠯᠡᠬᠦ ᠡᠷᠦᠬᠡ ᠳᠤ ᠬᠦᠷᠲᠡᠯ᠎ᠡ ᠬᠤᠪᠢᠶᠠᠷᠢᠯᠠᠵᠤ᠂ ᠣᠷᠣᠨ ᠪᠦᠰᠡ ᠠᠴᠠ ᠬᠡᠲᠦᠷᠡᠭᠰᠡᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠵᠢᠴᠢ ᠤᠰᠤᠨ ᠤ ᠦᠷ᠎ᠡ ᠠᠰᠢᠭ᠂ ᠤᠰᠤᠨ ᠤ ᠬᠤᠷᠣᠭᠳᠠᠯ ᠨᠢ ᠪᠠᠷᠢᠮᠵᠢᠶ᠎ᠠ ᠳᠤ ᠬᠦᠷᠬᠦ ᠦᠭᠡᠢ ᠲᠥᠷᠥᠯ ᠵᠦᠢᠯ ᠳᠤ ᠴᠥᠮ ᠤᠰᠤ ᠠᠪᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠦᠭᠡᠢ ᠭᠡᠵᠦ ᠲᠣᠳᠣᠷᠬᠠᠶᠢᠯᠠᠪᠠ᠃  ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ︽ᠤᠰᠤ ᠪᠠᠷ ᠳᠥᠷᠪᠡᠨ ᠵᠦᠢᠯ ᠲᠣᠭᠲᠠᠭᠠᠬᠤ ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ ᠨᠠᠶᠢᠳᠠᠪᠤᠷᠢᠵᠢᠭᠤᠯᠬᠤ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠬᠤ᠂ ︽ᠠᠷᠠᠳ ᠢᠷᠭᠡᠳ ᠤᠨ ᠤᠰᠤ ᠶᠢ ᠠᠷᠪᠢᠲᠠᠢ ᠬᠡᠷᠡᠭᠯᠡᠬᠦ ᠦᠶᠯᠡ ᠠᠵᠢᠯᠯᠠᠭ᠎ᠠ ᠶᠢᠨ ᠵᠢᠷᠤᠮᠵᠢᠯ︾ ᠵᠡᠷᠭᠡ ᠭᠤᠷᠪᠠᠨ ᠲᠠᠯ᠎ᠠ ᠪᠠᠷ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠣᠯᠣᠨ᠎ᠠ᠃ ︽ᠤᠰᠤ ᠪᠠᠷ ᠳᠥᠷᠪᠡᠨ ᠵᠦᠢᠯ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠦᠨᠳᠦᠰᠦᠯᠡᠨ ᠬᠤᠲᠠ ᠶᠢᠨ ᠬᠡᠪᠴᠢᠶ᠎ᠡ ᠪᠠ ᠬᠥᠭᠵᠢᠯᠲᠡ ᠶᠢᠨ ᠴᠢᠭᠯᠡᠯ ᠢ ᠲᠣᠭᠲᠠᠭᠠᠵᠤ᠂ ᠤᠰᠤᠨ ᠤ ᠡᠬᠢ ᠪᠠᠶᠠᠯᠢᠭ ᠤᠨ ᠠᠰᠢᠭᠯᠠᠵᠤ ᠪᠣᠯᠬᠤ ᠬᠡᠮᠵᠢᠶ᠎ᠡ ᠶᠢ ᠦᠨᠳᠦᠰᠦᠯᠡᠨ ᠭᠠᠵᠠᠷ ᠰᠢᠷᠣᠢ ᠶᠢ ᠨᠡᠭᠡᠭᠡᠨ ᠠᠰᠢᠭᠯᠠᠬᠤ ᠬᠡᠪᠴᠢᠶ᠎ᠡ ᠪᠠ ᠠᠷᠭ᠎ᠠ ᠮᠠᠶ᠋ᠢᠭ ᠢ ᠲᠣᠭᠲᠠᠭᠠᠵᠤ᠂ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠦᠨᠳᠦᠰᠦᠯᠡᠨ ᠬᠥᠮᠥᠨ ᠠᠮᠠ ᠶᠢᠨ ᠬᠥᠭᠵᠢᠯᠲᠡ᠂ ᠠᠵᠤ ᠦᠢᠯᠡᠰ ᠤᠨ ᠪᠠᠶᠢᠷᠢᠰᠢᠭᠤᠯᠤᠯᠲᠠ ᠪᠠ ᠬᠡᠪᠴᠢᠶ᠎ᠡ ᠶᠢ ᠵᠦᠢ ᠵᠣᠬᠢᠰᠲᠠᠢ ᠲᠥᠯᠥᠪᠵᠢᠭᠦᠯᠦᠨ᠎ᠡ︔ ᠲᠠᠷᠢᠶᠠᠯᠠᠩ ᠤᠨ ᠤᠰᠤ ᠠᠷᠪᠢᠯᠠᠬᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠭᠠᠳᠠᠭᠰᠢᠯᠠᠭᠤᠯᠤᠯᠲᠠ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠬᠤ᠂ ᠬᠤᠬᠢᠷᠠᠯ ᠢ ᠪᠠᠭᠠᠰᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠲᠣᠰ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ︔ ᠡᠭᠦᠨ ᠤ ᠬᠠᠮᠲᠤ ︽ᠠᠷᠠᠳ ᠢᠷᠭᠡᠳ ᠤᠨ ᠤᠰᠤ ᠠᠷᠪᠢᠯᠠᠨ ᠬᠡᠷᠡᠭᠯᠡᠬᠦ ᠦᠢᠯᠡ ᠠᠵᠢᠯᠯᠠᠭ᠎ᠠ ᠶᠢᠨ ᠵᠢᠷᠤᠮᠵᠢᠯ︾  ᠢ ᠭᠦᠨᠵᠡᠭᠡᠢ ᠤᠬᠠᠭᠤᠯᠵᠤ᠂ ᠣᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠤᠰᠤ ᠠᠷᠪᠢᠯᠠᠬᠤ ᠦᠵᠡᠯᠲᠡ ᠶᠢ ᠤᠯᠠᠮ ᠨᠢᠭᠡ ᠠᠯᠬᠤᠮ ᠪᠣᠶ ᠪᠣᠯᠭᠠᠬᠤ ᠬᠡᠷᠡᠭᠲᠡᠢ᠃    ︵︽ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ︾  ᠠᠴᠠ ᠰᠢᠯᠵᠢᠭᠦᠯᠪᠡ︶ 
 
ᠢᠷᠡᠯᠲᠡ᠄ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号