ᠬᠡᠯᠬᠢᠶᠡᠰᠦᠨ ᠨᠣᠮᠧᠷ᠄ 000014348/2024 — 06737 | ᠭᠤᠣᠯ ᠰᠡᠳᠦᠪ ᠤᠨ ᠠᠩᠭᠢᠯᠠᠯ᠄ ᠪᠤᠰᠤᠳ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤᠨ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 70 ᠳ᠋ᠤᠭᠠᠷ | ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 10 ᠳ᠋ᠤᠭᠠᠷ ᠰᠠᠷ᠎ᠠ ᠶᠢᠨ 11 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠦᠬᠠᠶ ᠶᠢᠨ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠄ | ᠮᠠᠨ ᠤ ᠲᠢᠩᠬᠢᠮ 2024 ᠣᠨ ᠤ 8 ᠳ᠋ᠤᠭᠠᠷ ᠰᠠᠷ᠎ᠠ ᠶᠢᠨ 23 ᠤ ᠡᠳᠦᠷ ᠲᠠᠨ ᠤ ᠺᠣᠮᠫᠠᠨᠢ ᠶᠢᠨ | ᠳᠤᠷᠠᠳᠤᠭᠰᠠᠨ ᠮᠤᠨᠠ ᠠᠭᠤᠯᠠ ᠶᠢᠨ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠢᠨᠵᠧᠨᠧᠷᠢᠩ ᠤᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠭᠥᠯᠢᠶᠡᠨ | ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ | ᠨᠥᠬᠦᠴᠡᠯ ᠳᠤ ᠨᠡᠶᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ | ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ | ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢ ᠵᠥᠪᠰᠢᠶᠡᠷᠡᠬᠦ ᠪᠠᠷ ᠲᠣᠭᠲᠠᠪᠠ᠃ | ᠮᠤᠨᠠ ᠠᠭᠤᠯᠠ ᠤᠨ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ | ᠥᠪᠥᠷ ᠮᠣᠩᠭᠤᠯ ᠤᠨ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠬᠢᠯᠢ ᠳᠤ ᠪᠠᠶᠢᠷᠢᠯᠠᠳᠠᠭ᠃ | ᠢᠨᠵᠧᠨᠧᠷᠢᠩ ᠤᠨ ᠶᠡᠷᠦᠩᠭᠡᠢ ᠲᠠᠳᠠᠪᠤᠷᠢᠯᠠᠭᠰᠠᠨ ᠳᠠᠯᠠᠪᠠᠢ ᠨᠢ 44.27 ᠾᠧᠺᠲ᠋ᠠᠷ ᠪᠠᠶᠢᠵᠦ᠂ ᠰᠢᠷᠣᠢ ᠶᠢᠨ | ᠴᠢᠯᠠᠭᠤ ᠶᠢᠨ ᠶᠡᠷᠦᠩᠬᠡᠢ ᠬᠡᠮᠵᠢᠶ᠎ᠡ ᠨᠢ 24.80 ᠲᠦᠮᠡᠨ ᠪᠤᠰᠤᠭ᠎ᠠ ᠲᠦᠷᠪᠡᠯᠵᠢᠨ ᠮᠧᠲᠷ᠂ ᠢᠨᠵᠧᠨᠧᠷᠢᠩ ᠤᠨ | ᠶᠡᠷᠦᠩᠬᠡᠢ ᠪᠡᠯᠡ ᠤᠷᠤᠭᠤᠯᠤᠯᠳᠠ ᠨᠢ 59409 ᠲᠦᠮᠡᠨ ᠲᠦᠭᠦᠷᠢᠭ ᠲᠤ ᠬᠦᠷᠴᠡᠢ᠃ ᠢᠨᠵᠧᠨᠧᠷᠢᠩ ᠨᠢ 2025 | ᠣᠨ ᠤ 5 ᠳ᠋ᠤᠭᠠᠷ ᠰᠠᠷ᠎ᠠ ᠳᠤ ᠠᠵᠢᠯ ᠢᠶᠠᠨ ᠡᠬᠢᠯᠡᠭᠦᠯᠵᠦ᠂ 2026 ᠣᠨ ᠤ 4 ᠳ᠋ᠦ᠋ᠭᠡᠷ ᠰᠠᠷ᠎ᠠ ᠳᠤ ᠠᠵᠢᠯ ᠢᠶᠠᠨ | ᠳᠠᠭᠤᠰᠬᠠᠵᠤ᠂ ᠶᠡᠷᠦᠩᠬᠡᠶ ᠠᠵᠢᠯ ᠤᠨ ᠬᠤᠭᠤᠴᠠᠭ᠎ᠠ ᠨᠢ 12 ᠰᠠᠷ᠎ᠠ ᠪᠣᠯᠤᠨ᠎ᠠ᠃ | ᠨᠢᠭᠡ᠂ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ | ︵ᠨᠢᠭᠡ︶ ᠪᠦᠲᠦᠭᠡᠨ ᠪᠠᠶᠢᠭᠤᠯᠬᠤ ᠬᠤᠭᠤᠴᠠᠭᠠᠨ ᠳᠠᠬᠢ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ | ᠵᠠᠰᠠᠬᠤ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠨᠢ 44.27 ᠾᠧᠺᠲ᠋ᠠᠷ ᠪᠣᠯᠤᠨ᠎ᠠ᠃ | ︵ᠬᠤᠶᠠᠷ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠠᠵᠢᠯ ᠳᠤ ᠪᠠᠷᠠᠭᠤᠨ ᠬᠤᠶᠢᠲᠦ ᠶᠢᠨ | ᠰᠢᠷ᠎ᠠ ᠬᠥᠷᠥᠰᠥᠲᠦ ᠥᠨᠳᠦᠷᠯᠢᠭ ᠤᠨ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ | ᠵᠦᠪᠰᠢᠶᠡᠷᠡᠨ᠎ᠡ᠃ | ︵ᠭᠤᠷᠪᠠ︶ ᠦᠨᠳᠦᠰᠦᠨ ᠳᠡᠭᠡᠨ ᠵᠥᠪᠰᠢᠶᠡᠷᠡᠭᠰᠡᠨ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ | ᠬᠠᠷᠠᠯᠲᠠ ᠪᠣᠯ᠄ ᠤᠰᠤ ᠬᠦᠷᠦᠰᠦ ᠶᠢᠨ ᠢᠳᠡᠭᠳᠡᠯ ᠢ ᠵᠠᠰᠠᠬᠤ ᠬᠡᠮᠵᠢᠶ᠎ᠡ 93%᠂ ᠤᠰᠤ ᠬᠦᠷᠦᠰᠦ ᠶᠢᠨ ᠢᠳᠡᠭᠳᠡᠯ ᠢ | ᠬᠢᠵᠠᠭᠠᠷᠯᠠᠬᠤ ᠨᠣᠷᠮ᠎ᠠ 0.8%᠂ ᠬᠤᠭ ᠰᠢᠷᠣᠶ ᠶᠢ ᠰᠡᠷᠭᠡᠶᠢᠯᠡᠨ ᠬᠠᠮᠠᠭᠠᠯᠠᠬᠤ ᠨᠣᠷᠮ᠎ᠠ 92%᠂ ᠤᠰᠤ | ᠬᠦᠷᠦᠰᠦ ᠶᠢᠨ ᠬᠠᠮᠠᠭᠠᠯᠠᠯᠲᠠ ᠶᠢᠨ ᠨᠣᠷᠮ᠎ᠠ 90%᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ | ᠰᠡᠷᠭᠦᠭᠡᠭᠰᠡᠨ ᠨᠣᠷᠮ᠎ᠠ 90%᠂ ᠣᠶ ᠰᠢᠭᠤᠶ ᠡᠪᠡᠰᠦᠨ ᠤ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ | 95%᠂ ᠣᠶ ᠰᠢᠭᠤᠶ ᠡᠪᠡᠰᠦᠨ ᠤ ᠪᠦᠷᠬᠦᠴᠡ ᠶᠢᠨ ᠨᠣᠷᠮ᠎ᠠ 24% ᠪᠣᠯᠤᠨ᠎ᠠ᠃ | ︵ᠲᠦᠷᠪᠡ︶ ᠤᠰᠤ ᠬᠦᠷᠦᠰᠦ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠣᠷᠣᠨ | ᠬᠤᠪᠢᠶᠠᠨ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠃ | ︵ᠲᠠᠪᠤ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠠᠬᠢ ᠤᠰᠤ ᠬᠦᠷᠦᠰᠦ ᠶᠢ ᠬᠠᠮᠠᠭᠠᠯᠠᠬᠤ | ᠨᠥᠬᠦᠪᠥᠷᠢ ᠮᠥᠩᠭᠦ 75.259 ᠲᠦᠮᠡᠨ ᠲᠥᠭᠦᠷᠢᠭ ᠢ ᠦᠨᠳᠦᠰᠦᠨ ᠳᠤ ᠪᠠᠨ ᠵᠥᠪᠰᠢᠶᠡᠷᠡᠪᠡ᠃ | ᠬᠤᠶᠠᠷ᠂ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠰᠤ ᠬᠦᠷᠦᠰᠦ ᠶᠢ ᠬᠠᠮᠠᠭᠠᠯᠠᠬᠤ ᠬᠠᠤᠯᠢ︾ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠳᠣᠤᠷᠠᠬᠢ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠄ | ︵ᠨᠢᠭᠡ︶ ᠵᠥᠪᠰᠢᠶᠡᠷᠡᠭᠰᠡᠨ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ | ᠬᠦᠷᠦᠰᠦ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ | ᠰᠠᠶᠢᠲᠤᠷ ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ | ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠬᠦᠷᠦᠰᠦ ᠶᠢ ᠬᠠᠮᠠᠭᠠᠯᠠᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ | ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠡᠵᠡᠯᠡᠬᠦ᠂ ᠭᠠᠵᠠᠷ ᠤᠨ ᠭᠠᠳᠠᠷᠭᠤ ᠶᠢᠨ | ᠤᠷᠭᠤᠮᠠᠯ ᠤᠨ ᠬᠤᠴᠢᠯᠭ᠎ᠠ ᠶᠢ ᠰᠠᠮᠠᠭᠤᠷᠠᠭᠤᠯᠬᠤ ᠪᠠ ᠡᠪᠳᠡᠬᠦ ᠶᠢ ᠴᠢᠩᠭ᠎ᠠ ᠴᠠᠭᠠᠵᠠᠯᠠᠵᠤ᠂ ᠤᠰᠤ ᠬᠦᠷᠦᠰᠦ ᠶᠢ | ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ | ᠦᠨᠳᠦᠰᠦᠯᠡᠨ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠬᠦᠷᠦᠰᠦ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠲᠣᠬᠢᠷᠠᠭᠤᠯᠵᠤ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠰᠤ | ᠬᠦᠷᠦᠰᠦ ᠶᠢᠨ ᠢᠳᠡᠭᠳᠡᠯ ᠢ ᠴᠢᠩᠭ᠎ᠠ ᠬᠢᠵᠠᠭᠠᠷᠯᠠᠨ᠎ᠠ᠃ | ︵ᠭᠤᠷᠪᠠ︶ ᠤᠰᠤ ᠬᠦᠷᠦᠰᠦ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨ ᠬᠦ ᠰᠠᠶᠢᠲᠤᠷ ᠬᠢᠵᠦ᠂ | ᠤᠰᠤ ᠬᠦᠷᠦᠰᠦ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ | ᠶᠣᠰᠣᠭᠠᠷ ᠮᠠᠨ ᠤ ᠲᠢᠩᠬᠢᠮ ᠵᠢᠴᠢ ᠪᠠᠶᠠᠨᠨᠠᠭᠤᠷ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ | ᠬᠡᠮᠵᠢᠯᠲᠡ ᠶᠢᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ᠃ | ︵ᠲᠦᠷᠪᠡ︶ ᠤᠰᠤ ᠬᠦᠷᠦᠰᠦ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠬᠦᠷᠦᠰᠦ ᠶᠢ ᠬᠠᠮᠠᠭᠠᠯᠠᠬᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨ ᠬᠦ ᠪᠠᠲᠤᠯᠠᠨ᠎ᠠ᠃ | ︵ᠲᠠᠪᠤ︶ ᠤᠰᠤ ᠬᠦᠷᠦᠰᠦ ᠶᠢ ᠬᠠᠮᠠᠭᠠᠯᠠᠬᠤ ᠨᠥᠬᠦᠪᠥᠷᠢ ᠵᠠᠷᠤᠳᠠᠯ ᠢ ᠬᠠᠤᠯᠢ ᠲᠣᠭᠲᠠᠭᠠᠯ ᠶᠣᠰᠣᠭᠠᠷ | ᠭᠦᠢᠴᠡᠳ ᠲᠤᠭ᠎ᠠ ᠪᠠᠷ ᠲᠤᠰᠢᠶᠠᠨ᠎ᠠ᠃ | ᠭᠤᠷᠪᠠ᠂ ᠲᠤᠰ ᠵᠦᠢᠯ ᠤᠨ ᠭᠠᠵᠠᠷ ᠣᠷᠣᠨ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ | ᠪᠤᠶᠤ ᠤᠰᠤ ᠬᠦᠷᠦᠰᠦ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠬᠦᠷᠦᠰᠦ ᠶᠢ ᠬᠠᠮᠠᠭᠠᠯᠠᠬᠤ | ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯ ᠤᠰᠤ ᠬᠦᠷᠦᠰᠦ ᠶᠢ ᠬᠠᠮᠠᠭᠠᠯᠠᠬᠤ ᠲᠥᠰᠦᠯ ᠳᠤ | ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ | ᠬᠡᠷᠡᠭᠲᠡᠶ︔ ᠰᠢᠭᠠᠷᠤ ᠬᠠᠶᠠᠬᠤ ᠬᠡᠮᠵᠢᠶ᠎ᠡ ᠨᠢ ᠨᠡᠮᠡᠭᠳᠡᠭᠰᠡᠨ ᠠᠴᠠ ᠪᠣᠯᠵᠤ ᠰᠢᠭᠠᠷᠤ ᠬᠠᠶᠠᠬᠤ ᠲᠠᠯᠠᠪᠤᠷ ᠤᠨ ᠵᠡᠷᠭᠡ | ᠳᠡᠰ ᠨᠢ ᠳᠡᠭᠡᠭᠰᠢᠯᠡᠭᠰᠡᠨ ᠪᠣᠯ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠰᠢᠭᠠᠷᠤ ᠶᠢᠨ | ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠤᠯᠲᠠ ᠶᠢ ᠨᠤᠲᠠᠯᠠᠬᠤ ᠶᠢ ᠥᠷᠨᠢᠭᠦᠯᠬᠦ ᠶᠢᠨ ᠬᠠᠮᠲᠤ ᠰᠢᠭᠠᠷᠤ ᠶᠢᠨ | ᠡᠮᠦᠨ᠎ᠡ ᠤᠰᠤ ᠬᠦᠷᠦᠰᠦ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ | ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ | ᠳᠥᠷᠪᠡ᠂ ᠲᠠᠨ ᠤ ᠨᠢᠭᠡᠴᠢ ᠪᠣᠯ ᠲᠤᠰ ᠲᠥᠷᠥᠯ ᠵᠦᠢᠯ ᠤᠨ ᠤᠰᠤ ᠬᠦᠷᠦᠰᠦ ᠶᠢ ᠬᠠᠮᠠᠭᠠᠯᠠᠬᠤ | ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ᠂ ᠲᠤᠰ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ | ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭᠠᠨ ᠠᠪᠬᠤ ᠳᠤ ᠤᠰᠤ ᠬᠦᠷᠦᠰᠦ ᠶᠢ ᠬᠠᠮᠠᠭᠠᠯᠠᠬᠤ | ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠬᠦᠷᠦᠰᠦ ᠶᠢ ᠬᠠᠮᠠᠭᠠᠯᠠᠬᠤ ᠲᠥᠰᠦᠯ | ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠬᠦᠷᠦᠰᠦ ᠶᠢ ᠬᠠᠮᠠᠭᠠᠯᠠᠬᠤ ᠵᠠᠯᠭᠠᠮᠵᠢ ᠵᠢᠷᠤᠭ | ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ | ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠬᠦᠷᠦᠰᠦ ᠶᠢ | ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠵᠦ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠠᠯᠪᠠᠨ ᠤ | ᠰᠦᠯᠵᠢᠶᠡᠨ ᠥᠷᠲᠡᠭᠡ ᠪᠤᠶᠤ ᠪᠤᠰᠤᠳ ᠣᠯᠠᠨ ᠨᠡᠶᠢᠲᠡ ᠶᠢᠨ ᠣᠯᠵᠤ ᠮᠡᠳᠡᠭᠰᠡᠨ ᠨᠧᠲ ᠲᠤ ᠤᠰᠤ ᠬᠦᠷᠦᠰᠦ ᠶᠢ | ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ ᠮᠠᠲ᠋ᠧᠷᠢᠶᠠᠯ ᠢ ᠴᠠᠭ ᠲᠤᠬᠠᠶ ᠳᠤᠨᠢ ᠨᠡᠶᠢᠲᠡᠯᠡᠵᠦ᠂ ᠢᠯᠡ ᠨᠡᠶᠢᠲᠡᠯᠡᠬᠦ | ᠴᠠᠭ ᠬᠤᠭᠤᠴᠠᠭ᠎ᠠ ᠶᠢ ᠨᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ︔ ᠤᠰᠤ | ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢ ᠡᠵᠡᠨ ᠮᠡᠳᠡᠨ ᠰᠢᠯᠭᠠᠨ ᠠᠪᠴᠤ ᠥᠩᠭᠡᠷᠡᠭᠰᠡᠨ ᠤ ᠳᠠᠷᠠᠭ᠎ᠠ 3 | ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠶᠢᠨ ᠰᠢᠯᠭᠠᠨ ᠠᠪᠬᠤ | ᠮᠠᠲ᠋ᠧᠷᠢᠶᠠᠯ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠤᠰᠤ ᠬᠦᠷᠦᠰᠦ ᠶᠢ ᠬᠠᠮᠠᠭᠠᠯᠠᠬᠤ ᠪᠡᠯᠡᠳᠬᠡᠮᠵᠢ ᠨᠢ | ᠰᠢᠯᠭᠠᠨ ᠠᠪᠬᠤ ᠶᠢ ᠳᠠᠮᠵᠢᠭᠰᠠᠨ ᠦᠭᠡᠶ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠶ ᠪᠣᠯ | ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠦᠭᠡᠶ᠃ | ᠲᠠᠪᠤ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ | ᠪᠦᠬᠦᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ | ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠪᠣᠯ ᠦᠢᠯᠡᠳᠪᠦᠷᠢᠯᠡᠵᠦ | ᠪᠦᠲᠦᠭᠡᠨ ᠪᠠᠶᠢᠭᠤᠯᠬᠤ ᠨᠢᠭᠡᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ | ᠳᠦᠭᠦᠷᠬᠦ ᠠᠴᠠ 30 ᠠᠵᠢᠯᠯᠠᠬᠤ ᠡᠳᠦᠷ ᠤᠨ ᠡᠮᠦᠨ᠎ᠡ ᠮᠠᠨ ᠤ ᠲᠢᠩᠬᠢᠮ ᠳᠤ ᠳᠠᠬᠢᠨ ᠬᠢᠨᠠᠭᠤᠯᠬᠤ ᠪᠠᠷ ᠭᠤᠶᠤᠴᠢᠯᠠᠬᠤ | ᠬᠡᠷᠡᠭᠲᠡᠶ᠃ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ | ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ ᠪᠠᠷ | ᠭᠤᠶᠤᠴᠢᠯᠠᠭᠰᠠᠨ ᠦᠭᠡᠶ ᠪᠤᠶᠤ ᠭᠤᠶᠤᠴᠢᠯᠠᠯ ᠢ ᠳᠠᠬᠢᠵᠤ ᠬᠢᠨᠠᠨ ᠬᠠᠷᠭᠤᠭᠤᠯᠬᠤ ᠪᠠᠷ ᠳᠤᠷᠠᠳᠤᠭᠰᠠᠨ ᠪᠣᠯᠪᠠᠴᠤ | ᠵᠥᠪᠰᠢᠶᠡᠷᠡᠭᠳᠡᠭᠰᠡᠨ ᠦᠭᠡᠶ ᠪᠣᠯ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ | ᠪᠣᠯᠤᠨ᠎ᠠ᠃ | 2024 ᠣᠨ ᠤ 10 ᠳ᠋ᠤᠭᠠᠷ ᠰᠠᠷ᠎ᠠ ᠶᠢᠨ 11 ᠤ ᠡᠳᠦᠷ | | ᠳᠠᠭᠠᠯᠳᠤᠭᠤᠯᠤᠯ᠄ | ︽ᠮᠤᠨᠠ ᠠᠭᠤᠯᠠ ᠤᠨ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠢᠨᠵᠧᠨᠧᠷᠢᠩ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠲᠤᠬᠠᠶ ᠮᠡᠳᠡᠭᠦᠯᠦᠯᠲᠡ ᠶᠢᠨ ᠪᠢᠴᠢᠭ︾ ᠤᠨ | ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ ᠥᠪᠥᠷ | ᠮᠤᠩᠭᠤᠯ ᠤᠨ ᠤᠰᠤᠨ ᠠᠰᠢᠭᠯᠠᠯᠲᠠ ᠶᠢᠨ ᠲᠦᠪ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ﹇2024﹈ 370 | ᠳ᠋ᠤᠭᠠᠷ ᠲᠣᠭᠠᠲᠤ . pdf | ᠮᠤᠨᠠ ᠠᠭᠤᠯᠠ ᠤᠨ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠢᠨᠵᠧᠨᠧᠷᠢᠩ ᠤᠨ ᠤᠰᠤ ᠰᠢᠷᠣᠶ ᠶᠢ ᠬᠠᠮᠠᠭᠠᠯᠠᠬᠤ ᠮᠡᠳᠡᠭᠦᠯᠦᠯᠳᠡ ᠶᠢᠨ ᠪᠢᠴᠢᠭ ︵ᠮᠡᠳᠡᠭᠦᠯᠦᠨ ᠵᠦᠪᠰᠢᠶᠡᠷᠡᠭᠦᠯᠬᠦ | ᠨᠤᠤᠷᠠᠭ︶ . pdf | | | |