ᠵᠢᠷᠤᠭ ᠦᠵᠡᠵᠦ ᠰᠣᠷᠣᠯᠴᠠᠶ᠎ᠠ · ᠣᠯᠠᠭᠤᠯᠠ ᠪᠠᠨ ᠠᠶᠠᠯᠠᠪᠠᠰᠤ ᠠᠯᠤᠰ ᠲᠤ ᠬᠥᠷᠥᠮᠦᠢ | APEC ᠠᠴᠠ G20 ᠬᠦᠷᠲᠡᠯ᠎ᠡ ᠲᠡᠷᠢᠭᠦᠯᠡᠭᠴᠢ ᠰᠢ ᠶᠢᠨ ᠫᠢᠩ ᠭᠤᠶᠢᠲᠠ ᠵᠦᠢᠷᠯᠡᠯ ᠢᠶᠠᠷ ᠨᠡᠭᠡᠭᠡᠯᠲᠡ ᠬᠢᠵᠦ ᠬᠠᠮᠲᠤᠷᠠᠯᠴᠠᠬᠤ ᠶᠢ ᠬᠥᠲᠥᠯᠥᠨ ᠳᠠᠭᠠᠭᠤᠯᠪᠠ
ᠨᠡᠶᠢᠲᠡᠯᠡᠭᠰᠡᠨ ᠴᠠᠭ᠄
2024/11/27
  11 ᠳ᠋ᠦ᠋ᠭᠡᠷ ᠰᠠᠷ᠎ᠠ ᠶᠢᠨ 13 ᠠᠴᠠ 21 ᠤ ᠡᠳᠦᠷ ᠪᠣᠯᠲᠠᠯ᠎ᠠ ᠂ ᠫᠧᠷᠦ᠋ ᠶᠢᠨ ᠶᠡᠷᠦᠩᠬᠡᠶᠢᠯᠡᠭᠴᠢ ᠪᠦᠷᠤ᠋ ᠊ ᠠᠷᠲ᠋ᠧ ᠂ ᠪᠷᠠᠽᠢᠯ ᠤᠨ ᠶᠡᠷᠦᠩᠬᠡᠶᠢᠯᠡᠭᠴᠢ ᠯᠦᠯᠠ ᠶᠢᠨ ᠤᠷᠢᠯᠭ᠎ᠠ ᠪᠠᠷ ᠤᠯᠤᠰ ᠤᠨ ᠲᠡᠷᠢᠭᠦᠯᠡᠭᠴᠢ ᠰᠢ  ᠶᠢᠨ ᠫᠢᠩ ᠯᠢᠮᠠ ᠳᠤ ᠬᠦᠷᠴᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠤᠳᠤᠷᠢᠳᠬᠤ ᠬᠥᠮᠦᠰ ᠤᠨ ᠠᠯᠪᠠᠨ ᠶᠣᠰᠣᠨ ᠤ ᠪᠤᠰᠤ ᠬᠤᠷᠠᠯ ᠂ ᠷᠢᠦ᠋ ᠳ᠋ᠢ ᠿᠧᠨᠧᠶᠢᠷᠦ᠋ ᠳᠤ ᠬᠦᠷᠴᠦ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠦᠰ ᠤᠨ ᠠᠷᠪᠠ ᠶᠢᠰᠦᠳᠦᠭᠡᠷ ᠤᠳᠠᠭ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠪᠥᠭᠡᠳ ᠫᠧᠷᠦ᠋ ᠂ ᠪᠷᠠᠽᠢᠯ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠡᠢ ᠃  APEC ᠤᠨ ᠬᠤᠷᠠᠯ ᠠᠴᠠ G20 ᠶᠢᠨ ᠲᠦᠷᠦᠭᠦᠴᠦᠳ ᠤᠨ ᠬᠤᠷᠠᠯ ᠬᠦᠷᠲᠡᠯ᠎ᠡ ᠂ ᠲᠡᠷᠢᠭᠦᠯᠡᠭᠴᠢ ᠰᠢ  ᠶᠢᠨ ᠫᠢᠩ ᠣᠯᠠᠨᠲᠠ ᠴᠢᠬᠤᠯᠠ ᠶᠠᠷᠢᠶ᠎ᠠ ᠲᠠᠯᠪᠢᠵᠤ ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠴᠢᠬᠤᠯᠠ ᠴᠢᠨᠠᠷ ᠂ ᠨᠡᠭᠡᠭᠡᠯᠲᠡᠲᠦ ᠬᠠᠮᠲᠤᠷᠠᠯᠴᠠᠭ᠎ᠠ ᠶᠢᠨ ᠵᠠᠶᠢᠯᠠᠰᠢ ᠦᠭᠡᠢ ᠴᠢᠨᠠᠷ ᠢ ᠠᠮᠢᠳᠤᠯᠢᠭ ᠢᠶᠠᠷ ᠵᠦᠢᠷᠯᠡᠵᠦ ᠂ ᠡᠯ᠎ᠡ ᠤᠯᠤᠰ ᠤᠨ ᠣᠷᠣᠨ ᠪᠦᠰᠡ ᠶᠢᠨ ᠠᠵᠤ ᠠᠬᠤᠢ ᠂ ᠤᠯᠠᠨ ᠲᠠᠯᠠᠲᠤ ᠠᠷᠠᠯᠵᠢᠶ᠎ᠠ ᠂ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠵᠢᠴᠢ ᠢᠯᠵᠠᠷᠠᠯ ᠢ ᠡᠰᠡᠷᠭᠦᠴᠡᠬᠦ ᠵᠡᠷᠭᠡ ᠬᠦᠷᠢᠶᠡᠨ ᠳᠠᠬᠢ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ ᠂ ᠬᠥᠭᠵᠢᠯ ᠴᠡᠴᠡᠭᠯᠡᠯ ᠢ ᠬᠠᠮᠲᠤ ᠪᠠᠷ ᠠᠬᠢᠭᠤᠯᠵᠤ ᠂ ᠨᠡᠩ ᠤᠯᠠᠨ ᠠᠵᠤ ᠠᠬᠤᠢ ᠶᠢᠨ ᠴᠣᠭᠴᠠ ᠂ ᠨᠡᠩ ᠤᠯᠠᠨ ᠠᠷᠠᠳ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢᠶᠠᠨ ᠡᠳ᠋ᠯᠡᠭᠦᠯᠬᠦ ᠶᠢ ᠵᠥᠪ ᠪᠤᠷᠤᠭᠤ ᠬᠤᠶᠠᠷ ᠲᠠᠯ᠎ᠠ ᠪᠠᠷ ᠠᠮᠢᠳᠤᠯᠢᠭ ᠵᠦᠢᠷᠯᠡᠪᠡ ᠃ ᠬᠠᠮᠲᠤ ᠪᠠᠷ ᠰᠤᠷᠤᠯᠴᠠᠶ᠎ᠠ ︕
 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号