ᠰᠢ ᠶᠢᠨ ᠫᠢᠩ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/11/27
      ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 26 ᠤ ᠴᠠᠭᠢᠯᠭᠠᠨ ᠮᠡᠳᠡᠭᠡ   11 ᠰᠠᠷ᠎ᠠ ᠶᠢᠨ 26 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠪᠡᠭᠡᠵᠢᠩ ᠤᠨ ᠳ᠋ᠢᠶᠣᠣ ᠢᠦᠢ  ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ ᠃
习近平会见萨摩亚总理菲娅梅1.jpg
      11 ᠰᠠᠷ᠎ᠠ ᠶᠢᠨ 26 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠪᠡᠭᠡᠵᠢᠩ ᠤᠨ ᠳ᠋ᠢᠶᠣᠣ ᠢᠦᠢ  ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ   ᠬᠤᠸᠠᠩ ᠵᠢᠩ ᠸᠧᠨ   ᠰᠡᠭᠦᠳᠡᠷᠯᠡᠪᠡ      ᠰᠢ  ᠶᠢᠨ ᠫᠢᠩ ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠨ ᠳᠣᠲᠣᠷ᠎ᠠ ᠰᠠᠮᠤᠶᠠ ᠪᠣᠯ ᠰᠢᠨ᠎ᠡ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠩᠬᠠᠨ ᠤ ᠪᠦᠯᠦᠭ ᠤᠯᠤᠰ ᠤᠨ ᠨᠢᠭᠡ ᠪᠣᠯᠣᠨ᠎ᠠ ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠰᠢᠬᠠᠮ ᠵᠢᠯ ᠤᠨ ᠲᠤᠷᠰᠢ ᠂ ᠬᠤᠶᠠᠷ ᠤᠯᠤᠰ ᠢᠶᠠᠷ ᠢᠶᠠᠨ ᠤᠯᠠᠮᠵᠢᠯᠠᠯᠲᠤ ᠨᠥᠬᠦᠷᠯᠡᠯ ᠢᠶᠠᠨ ᠪᠠᠲᠤᠯᠠᠵᠤ ᠂ ᠢᠮᠠᠭᠲᠠ ᠬᠠᠷᠢᠯᠴᠠᠨ ᠭᠦᠨᠳᠦᠳᠭᠡᠵᠦ ᠂ ᠡᠷᠬᠡ ᠲᠡᠭᠰᠢ ᠪᠠᠷ ᠬᠠᠨᠳᠤᠵᠤ ᠂ ᠬᠠᠮᠲᠤᠷᠠᠯᠴᠠᠵᠤ ᠬᠠᠮᠲᠤ ᠪᠠᠷ ᠠᠰᠢᠭ ᠭᠥᠷᠳᠡᠭᠰᠡᠭᠡᠷ ᠢᠷᠡᠵᠠᠢ ᠃ ᠳᠤᠮᠳᠠᠳᠤ ᠤᠯᠤᠰ ᠲᠣᠮᠣ ᠤᠯᠤᠰ ᠵᠢᠵᠢᠭ ᠤᠯᠤᠰ ᠭᠡᠰᠡᠨ ᠦᠭᠡᠢ ᠴᠥᠮ ᠡᠷᠬᠡ ᠲᠡᠭᠰᠢ ᠪᠠᠶᠢᠬᠤ ᠂ ᠴᠥᠮ ᠪᠡᠶ᠎ᠡ ᠪᠠᠨ ᠳᠠᠭᠠᠭᠠᠵᠤ ᠡᠵᠡᠨ ᠮᠡᠳᠡᠨ ᠣᠳᠣᠬᠢᠴᠢᠯᠠᠯᠲᠠ ᠶᠢ ᠪᠡᠶᠡᠯᠡᠭᠦᠯᠬᠦ ᠡᠷᠬᠡ ᠲᠠᠢ ᠭᠡᠳᠡᠭ ᠢ ᠢᠮᠠᠭᠲᠠ ᠰᠠᠨᠠᠭᠠᠴᠢᠯᠠᠭᠰᠠᠭᠠᠷ ᠢᠷᠡᠭᠰᠡᠨ ᠶᠤᠮ ᠃ ᠳᠤᠮᠳᠠᠳᠤ ᠤᠯᠤᠰ ᠰᠠᠮᠤᠶᠠ ᠶᠢᠨ ᠬᠢᠨ ᠤ ᠲᠤᠰ ᠤᠯᠤᠰ ᠤᠨ ᠢᠶᠠᠨ ᠡᠷᠬᠡ ᠮᠡᠳᠡᠯ ᠪᠣᠯᠣᠨ ᠲᠤᠰᠠᠭᠠᠷ ᠲᠣᠭᠲᠠᠨᠢᠯ ᠢᠶᠠᠨ ᠬᠠᠮᠠᠭᠠᠯᠠᠵᠤ ᠂ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠪᠡᠶ᠎ᠡ ᠪᠠᠨ ᠳᠠᠭᠠᠭᠠᠨ ᠰᠦᠪᠡᠭᠴᠢᠯᠡᠬᠦ ᠶᠢ ᠡᠷᠡᠰ ᠲᠡᠮᠵᠢᠵᠥ ᠂ ᠳᠤᠷᠠᠲᠠᠶ᠎ᠠ ᠰᠠᠮᠤᠶᠠ ᠶᠢᠨ ᠬᠢᠨ ᠲᠠᠢ ᠬᠠᠷᠢᠯᠴᠠᠨ ᠭᠦᠨᠳᠦᠳᠭᠡᠵᠦ ᠬᠠᠷᠢᠯᠴᠠᠨ ᠢᠲᠡᠭᠡᠬᠦ ᠶᠢ ᠪᠠᠷᠢᠮᠲᠠᠯᠠᠵᠤ ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠪᠠ ᠬᠥᠭᠵᠢᠯᠲᠡ ᠶᠢᠨ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠰᠠᠮᠤᠶᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠨ ᠳᠡᠮᠵᠢᠯᠭᠡ ᠬᠠᠩᠭᠠᠵᠤ ᠂ ᠠᠵᠤ ᠠᠬᠤᠢ ᠠᠷᠠᠯᠵᠢᠶ᠎ᠠ ᠂ ᠪᠡᠯᠡ ᠣᠷᠣᠭᠤᠯᠤᠯᠲᠠ ᠂ ᠲᠠᠷᠢᠶᠠᠯᠠᠩ ᠵᠢᠭᠠᠰᠤᠨ ᠤ ᠦᠢᠯᠡᠰ ᠵᠡᠷᠭᠡ ᠬᠦᠷᠢᠶᠡᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠵᠦ ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ ᠃ ᠬᠤᠶᠠᠷ ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠶᠢ ᠠᠬᠢᠭᠤᠯᠵᠤ ᠂ ᠰᠤᠷᠭᠠᠨ ᠬᠥᠮᠦᠵᠢᠯ ᠂ ᠰᠣᠶᠣᠯ ᠂ ᠵᠠᠯᠠᠭᠤᠴᠤᠳ ᠵᠡᠷᠭᠡ ᠰᠣᠶᠣᠯ ᠢᠷᠭᠡᠨᠰᠢᠯ ᠤᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠳᠤᠮᠳᠠᠳᠤ ᠰᠠᠮᠤᠶᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠶ᠎ᠠ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠂ ᠳᠤᠮᠳᠠᠳᠤ ᠤᠯᠤᠰ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠲᠤ ︽ ᠳᠥᠷᠪᠡ ᠶᠢ ᠭᠦᠢᠴᠡᠳ ᠬᠦᠨᠳᠦᠳᠬᠡᠬᠦ︾ ᠵᠠᠷᠴᠢᠮ ᠢ ᠪᠠᠷᠢᠮᠲᠠᠯᠠᠵᠤ ᠂ ᠨᠣᠮᠣᠬᠠᠨ ᠲᠠᠯᠠᠢ ᠶᠢᠨ ᠠᠷᠠᠯᠲᠤ ᠤᠯᠤᠰ ᠤᠳ ᠲᠤ ᠬᠠᠪᠰᠤᠷᠤᠯᠭ᠎ᠠ ᠦᠵᠡᠭᠦᠯᠭᠦ ᠳᠤ ᠤᠯᠤᠰ ᠲᠦᠷᠦ ᠶᠢᠨ ᠨᠥᠬᠦᠴᠡᠯ ᠳᠠᠭᠠᠯᠳᠤᠭᠤᠯᠬᠤ ᠦᠭᠡᠢ ᠂ ᠠᠯᠪᠠᠳᠠᠯᠭ᠎ᠠ ᠪᠠᠷ ᠲᠤᠯᠭᠠᠬᠤ ᠦᠭᠡᠢ᠂ ︽ ᠬᠤᠭᠤᠰᠤᠨ ᠠᠮᠠᠯᠠᠯᠲᠠ︾ ᠬᠢᠬᠦ ᠦᠭᠡᠢ ᠃ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠲᠤ ᠠᠪᠬᠤ ᠳᠤᠮᠳᠠᠳᠤ ᠤᠯᠤᠰ ᠤᠨ ᠲᠦᠷᠦ ᠶᠢᠨ ᠪᠣᠳᠣᠯᠭ᠎ᠠ ᠨᠡᠭᠡᠭᠡᠯᠲᠡᠲᠡᠢ ᠪᠠᠭᠲᠠᠭᠠᠮᠵᠢᠲᠠᠢ ᠪᠠᠶᠢᠵᠤ ᠂ ᠠᠮᠢᠨᠴᠢᠷ ᠰᠠᠨᠠᠭ᠎ᠠ ᠦᠭᠡᠢ ᠂ ᠭᠤᠷᠪᠠᠳᠤᠭᠠᠷ ᠡᠲᠡᠭᠡᠳ ᠲᠤ ᠴᠢᠭᠯᠡᠭᠦᠯᠬᠦ ᠦᠭᠡᠢ ᠂ ᠭᠠᠵᠠᠷ ᠣᠷᠣᠨ ᠤ ᠪᠤᠯᠢᠶᠠᠯᠳᠤᠭᠠᠨ ᠪᠠ ᠡᠷᠬᠡᠰᠢᠶᠡᠯ ᠤᠨ ᠬᠦᠷᠢᠶ᠎ᠡ ᠬᠡᠪᠴᠢᠶ᠎ᠡ ᠭᠠᠷᠭᠠᠬᠤ ᠦᠭᠡᠢ ᠃ ᠳᠤᠮᠳᠠᠳᠤ ᠤᠯᠤᠰ ᠳᠤᠷᠠᠲᠠᠶ᠎ᠠ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠢ ᠬᠠᠪᠰᠤᠷᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠭᠦ ᠶᠢ ᠤᠷᠢᠳ ᠢᠶᠠᠷ ᠬᠠᠮᠲᠤᠷᠠᠯᠴᠠᠬᠤ ᠬᠦᠷᠢᠶ᠎ᠡ ᠪᠤᠯᠭᠠᠵᠤ᠂ ︽ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠪᠦᠳᠦᠭᠦᠪᠴᠢ ᠨᠡᠶᠢᠲᠡ ᠶᠢᠨ ᠭᠡᠷ᠎ᠡ ︾ ᠵᠢᠴᠢ ︽ ᠫᠠᠷᠢᠰ ᠤᠨ ᠬᠡᠯᠡᠯᠴᠡᠭᠡᠷ︾ ᠢ ᠪᠦᠭᠦ ᠲᠠᠯ᠎ᠠ ᠪᠠᠷ ᠪᠦᠲᠦᠮᠵᠢᠲᠡᠢ ᠬᠡᠷᠡᠭᠵᠢᠭᠦᠯᠬᠦ ᠶᠢ ᠠᠬᠢᠭᠤᠯᠵᠤ ᠂ ᠬᠠᠮᠲᠤ ᠶᠢᠨ ᠪᠤᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠬᠠᠮᠠᠭᠠᠯᠠᠵᠤ ᠂ ᠲᠥᠪ ᠭᠤᠣᠯᠴᠢ ᠰᠢᠳᠤᠷᠭᠤ ᠶᠣᠰᠣ ᠪᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ ᠂ ᠭᠠᠷ ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ ᠃
习近平会见萨摩亚总理菲娅梅2.jpg
      11 ᠰᠠᠷ᠎ᠠ ᠶᠢᠨ 26 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠪᠡᠭᠡᠵᠢᠩ ᠤᠨ ᠳ᠋ᠢᠶᠣᠣ ᠢᠦᠢ  ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠠᠮᠤᠶᠠ ᠶᠢᠨ ᠶᠡᠷᠦᠩᠬᠡᠢ ᠰᠠᠶᠢᠳ ᠹᠢᠶᠠᠮᠸᠢ ᠲᠠᠢ ᠠᠭᠤᠯᠵᠠᠪᠠ ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ  ᠯᠢ ᠰᠢᠶᠠᠩ   ᠰᠡᠭᠦᠳᠡᠷᠯᠡᠪᠡ      ᠹᠢᠶᠠᠮᠸᠢ ᠂ ᠲᠡᠷᠢᠭᠦᠯᠡᠭᠴᠢ ᠰᠢ  ᠶᠢᠨ ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠯᠤᠲᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠲᠤ ᠥᠯᠢᠭᠡᠷ ᠳᠠᠭᠤᠷᠢᠶᠠᠯ ᠪᠣᠯᠪᠠ ᠂ ᠰᠠᠮᠤᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠢᠯᠠᠩᠭᠤᠶ᠎ᠠ ᠲᠡᠷᠢᠭᠦᠯᠡᠭᠴᠢ ᠰᠢ  ᠶᠢᠨ ᠫᠢᠩ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠂ ᠪᠣᠬᠢᠷᠳᠤᠯ ᠦᠭᠡᠢ ᠬᠥᠭᠵᠢᠯᠲᠡ ᠵᠡᠷᠭᠡ ᠲᠥᠷᠥ ᠶᠢ ᠵᠠᠰᠠᠵᠤ ᠵᠠᠰᠠᠭ ᠢ ᠡᠷᠭᠢᠯᠡᠭᠦ ᠬᠤᠯᠪᠣᠭᠳᠠᠯ ᠪᠦᠬᠦᠢ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠨ᠎ᠠ ᠃ ᠳᠤᠮᠳᠠᠳᠤ ᠤᠯᠤᠰ ᠤᠨ ᠣᠷᠳᠣ ᠬᠤᠭᠤᠴᠠᠭᠠᠨ ᠤ ᠲᠤᠷᠰᠢ ᠰᠠᠮᠤᠶᠠ ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ ᠂ ᠰᠠᠮᠤᠶᠠ ᠶᠢᠨ ᠬᠢᠨ ᠳᠤᠮᠳᠠᠳᠤ ᠤᠯᠤᠰ ᠤᠨ ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠥᠯᠥ ᠲᠦᠷᠦᠭᠦ ᠵᠠᠷᠴᠢᠮ ᠢ ᠪᠠᠷᠢᠮᠲᠠᠯᠠᠵᠤ ᠂ ᠨᠣᠮᠣᠬᠠᠨ ᠲᠡᠯᠡᠶ ᠶᠢᠨ ᠠᠷᠠᠯᠲᠤ ᠤᠯᠤᠰ ᠤᠳ ᠲᠤ ᠬᠠᠪᠰᠤᠷᠤᠯᠭ᠎ᠠ ᠦᠵᠡᠭᠦᠯᠭᠦ ᠳᠡᠭᠡᠨ ᠶᠠᠮᠠᠷ ᠴᠤ ᠤᠯᠤᠰ ᠲᠥᠷᠥ ᠶᠢᠨ ᠨᠥᠬᠦᠴᠡᠯ ᠳᠠᠭᠠᠯᠳᠤᠭᠤᠯᠬᠤ ᠦᠭᠡᠢ ᠂ ᠶᠡᠷᠦ ᠠᠴᠠ ᠬᠡᠯᠡᠭᠰᠡᠨ ᠦᠭᠡᠨ ᠳᠡᠭᠡᠨ ᠰᠠᠭᠤᠵᠤ ᠂ ᠬᠡᠯᠡᠭᠰᠡᠨ ᠳᠡᠭᠡᠨ ᠭᠦᠷᠳᠡᠭ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ ᠃ ᠰᠠᠮᠤᠶᠠ ᠶᠢᠨ  ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ ᠂ ᠲᠡᠷᠢᠭᠦᠯᠡᠭᠴᠢ ᠰᠢ  ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠨ᠎ᠠ ᠃ ᠰᠠᠮᠤᠶᠠ ᠶᠢᠨ ᠬᠢᠨ ᠳᠤᠮᠳᠠᠳᠤ ᠤᠯᠤᠰ ᠢ ᠴᠢᠬᠤᠯᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠢᠶᠠᠨ ᠪᠤᠯᠭᠠᠵᠤ ᠂ ᠢᠷᠡᠬᠦ ᠵᠢᠯ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠬᠠᠮᠲᠤ ᠪᠠᠷ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ ᠂ ᠬᠤᠶᠠᠷ ᠤᠯᠤᠰ ᠤᠨ ᠬᠠᠷᠢᠯᠴᠠᠭ᠎ᠠ ᠶᠢᠨ ᠤᠯᠠᠮ ᠨᠢᠭᠡ ᠠᠯᠬᠤᠮ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃      ᠠᠭᠤᠯᠵᠠᠯᠲᠠ ᠶᠢᠨ ᠳᠠᠷᠠᠭ᠎ᠠ ᠂ ᠬᠤᠶᠠᠷ ᠲᠠᠯ᠎ᠠ ᠪᠠᠷ ᠢᠶᠠᠨ ︽ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠰᠠᠮᠤᠶᠠ ᠲᠤᠰᠠᠭᠠᠷ ᠲᠣᠭᠲᠠᠨᠢᠭᠰᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ ︾ ᠨᠡᠶᠢᠲᠡᠯᠡᠪᠡ ᠃      ᠸᠠᠩ ᠢ ᠠᠭᠤᠯᠵᠠᠯᠲᠠ ᠳᠤ ᠣᠷᠣᠯᠴᠠᠵᠠᠢ ᠃   
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号