10 ᠳ᠋ᠤᠭᠠᠷ ᠰᠠᠷ᠎ᠠ ᠳᠤ ᠮᠠᠨ ᠤ ᠣᠷᠣᠨ ᠤ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠪᠤᠷᠤᠭᠤᠯᠤᠯᠲᠠ ᠨᠢ 8.1 ᠳ᠋ᠦᠩᠰᠢᠭᠤᠷ ᠲᠥᠭᠦᠷᠢᠭ
ᠨᠡᠶᠢᠲᠡᠯᠡᠭᠰᠡᠨ ᠴᠠᠭ᠄
2024/11/4
  ᠪᠠᠩᠬᠢ ᠶᠢᠨ ᠬᠢᠨ ᠤ ᠬᠤᠯᠪᠣᠭ᠎ᠠ ᠤ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠰᠢᠰᠲ᠋ᠧᠮ ᠤᠨ ᠲᠤᠭ᠎ᠠ ᠪᠠᠷᠢᠮᠲᠠ ᠠᠴᠠ ᠦᠵᠡᠪᠡᠯ᠂ 10 ᠳ᠋ᠤᠭᠠᠷ ᠰᠠᠷ᠎ᠠ ᠳᠤ᠂ ᠪᠦᠬᠦ ᠣᠷᠣᠨ ᠤ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠪᠠᠷ ᠨᠡᠶᠢᠲᠡ 15.1 ᠲᠦᠮᠡᠨ ᠭᠡᠷ ᠤᠨ ᠴᠠᠬᠢᠯᠭᠠᠨ ᠬᠡᠷᠡᠭᠰᠡᠯ ᠢ ᠪᠣᠷᠣᠯᠠᠭᠤᠯᠤᠨ ᠬᠤᠳᠠᠯᠳᠤᠵᠤ᠂ ᠪᠣᠷᠣᠯᠠᠭᠤᠯᠤᠨ ᠬᠤᠳᠠᠯᠳᠤᠭᠰᠠᠨ ᠵᠣᠭᠤᠰ ᠤᠨ ᠲᠤᠭ᠎ᠠ 8.1 ᠳ᠋ᠦᠩᠰᠢᠭᠤᠷ ᠲᠥᠭᠦᠷᠢᠭ᠂ ᠨᠥᠬᠦᠪᠥᠷᠢ ᠶᠢᠨ ᠪᠡᠯᠡ ᠮᠥᠩᠭᠦ ᠎ ᠨᠢ 1.52 ᠳ᠋ᠦᠩᠰᠢᠭᠤᠷ ᠲᠥᠭᠦᠷᠢᠭ ᠬᠦᠷᠴᠡᠢ᠃  9 ᠳ᠋ᠦ᠋ᠭᠡᠷ ᠰᠠᠷ᠎ᠠ ᠶᠢᠨ 17᠎ ᠤ ᠡᠳᠦᠷ ᠬᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠦᠭᠰᠡᠨ ᠠᠴᠠ ᠨᠠᠭᠠᠰᠢ᠂ ᠪᠥᠬᠦ ᠣᠷᠣᠨ ᠳᠤ ᠱᠠᠭᠠᠷᠳᠠᠯᠭ᠎ᠠ ᠳᠤ ᠨᠡᠶᠢᠴᠡᠭᠰᠡᠨ ᠬᠡᠷ ᠤᠨ ᠴᠠᠬᠢᠯᠭᠠᠨ ᠬᠡᠷᠡᠭᠰᠡᠯ ᠢ ᠨᠡᠶᠢᠲᠡ 167813 ᠪᠣᠷᠣᠯᠠᠭᠤᠯᠵᠤ᠂ ᠨᠢᠭᠡᠳᠦᠭᠡᠷ ᠳᠡᠰ ᠤᠨ ᠡᠨᠧᠷᠭᠢ ᠶᠢᠨ ᠠᠰᠢᠭᠯᠠᠮᠵᠢ ᠶᠢᠨ ᠬᠡᠷ ᠤᠨ ᠴᠠᠬᠢᠯᠭᠠᠨ ᠬᠡᠷᠡᠭᠰᠡᠯ ᠢ ᠨᠡᠶᠢᠲᠡ 148071 ᠪᠣᠷᠣᠯᠠᠭᠤᠯᠵᠤ᠂ 88.2%᠎ ᠢ ᠡᠵᠡᠯᠡᠪᠡ︔ ᠬᠤᠶᠠᠳᠤᠭᠠᠷ ᠳᠡᠰ ᠤᠨ ᠡᠨᠧᠷᠭᠢ ᠶᠢᠨ ᠠᠰᠢᠭᠯᠠᠮᠵᠢ ᠶᠢᠨ ᠬᠡᠷ ᠤᠨ ᠴᠠᠬᠢᠯᠭᠠᠨ ᠬᠡᠷᠡᠭᠰᠡᠯ ᠢ ᠨᠡᠶᠢᠲᠡ 19375 ᠪᠣᠷᠣᠯᠠᠭᠤᠯᠵᠤ᠂ 11.5%᠎ ᠶᠢ ᠡᠵᠡᠯᠡᠪᠡ᠃ ᠡᠭᠦᠨ ᠳᠤ᠂ ᠬᠥᠬᠡᠬᠤᠲᠠ᠂ ᠪᠤᠭᠤᠲᠤ ᠬᠤᠲᠠ᠂ ᠰᠢᠯᠢ ᠶᠢᠨ ᠭᠤᠤᠯ ᠠᠶᠢᠮᠠᠭ ᠤᠨ ᠬᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠦᠷ᠎ᠡ ᠪᠦᠲᠦᠮᠵᠢ ᠨᠢ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠪᠠ᠃  ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠶᠢ ᠪᠣᠳᠣᠯᠬᠢᠯᠠᠵᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠃ ᠤᠯᠤᠰ ᠠᠴᠠ ︽ᠬᠤᠶᠠᠷ ᠰᠢᠨ᠎ᠡ︾᠎ ᠶᠢᠨ ᠠᠵᠢᠯ ᠢ ᠪᠠᠶᠢᠷᠢᠯᠠᠭᠤᠯᠤᠭᠰᠠᠨ ᠠᠴᠠ ᠨᠠᠭᠠᠰᠢ᠂ ᠮᠠᠨ ᠤ ᠣᠷᠣᠨ ᠤ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠦᠳᠲᠡᠷ ᠲᠦᠷᠭᠡᠨ ᠬᠥᠳᠡᠯᠦᠯᠴᠡᠵᠦ᠂ ︽ᠬᠤᠶᠠᠷ ᠰᠢᠨ᠎ᠡ︾᠎ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠲᠠᠯ᠎ᠠ ᠪᠠᠷ ᠠᠬᠢᠭᠤᠯᠪᠠ᠃  ᠲᠥᠷᠥ ᠶᠢᠨ ᠶᠠᠪᠤᠳᠠᠯ ᠤᠨ ᠬᠤᠷᠢᠶᠠᠨ ᠤ ᠡᠨᠡ ᠵᠢᠯ ᠤᠨ ᠳᠠᠷᠤᠮᠠᠯᠯᠠᠨ ᠲᠠᠷᠬᠠᠭᠠᠭᠰᠠᠨ ︽ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭ᠎ᠠ ᠶᠢᠨ ᠲᠥᠰᠦᠯ︾ ᠵᠢᠴᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ       ᠵᠥᠪᠯᠡᠯ᠂ ᠡᠳ᠋ ᠤᠨ ᠵᠠᠰᠠᠭ ᠤᠨ ᠶᠠᠮᠤᠨ ᠤ ᠡᠨᠡ ᠵᠢᠯ ᠤᠨ ᠳᠠᠷᠤᠮᠠᠯᠯᠠᠨ ᠲᠠᠷᠬᠠᠭᠠᠭᠰᠠᠨ ︽ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠬᠦᠴᠦᠯᠡᠨ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾᠎ ᠢ ᠦᠨᠳᠦᠰᠦᠯᠡᠨ᠂ ᠥᠪᠥᠷ ᠮᠣᠩᠭᠤᠯ ᠲᠣᠰ ᠲᠣᠰ ︽ᠬᠤᠶᠠᠷ ᠰᠢᠨ᠎ᠡ︾᠎ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠥᠰᠦᠯ ᠵᠢᠴᠢ ︽ᠬᠤᠶᠠᠷ ᠰᠢᠨ᠎ᠡ︾᠎ ᠶᠢ ᠠᠬᠢᠭᠤᠯᠬᠤ ᠶᠢ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠬᠡᠰᠡᠭ ᠲᠠᠬᠢ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠲᠥᠰᠦᠯ ᠢ ᠢᠵᠢ ᠪᠦᠷᠢᠳᠦᠭᠦᠯᠦᠨ ᠲᠣᠭᠲᠠᠭᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠳᠥᠷᠪᠡᠨ ᠶᠡᠭᠡ ᠠᠵᠢᠯᠯᠠᠭ᠎ᠠ︾᠎ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠬᠡᠷᠡᠭᠵᠢᠭᠦᠯᠬᠦ ᠲᠥᠰᠦᠯ ᠲᠣᠭᠲᠠᠭᠠᠵᠤ᠂ 8 ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠬᠡᠷᠡᠭᠵᠢᠭᠦᠯᠬᠦ ᠨᠠᠷᠢᠨ ᠲᠦᠷᠢᠮ ᠢ ᠨᠡᠶᠢᠲᠡᠯᠡᠪᠡ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠨᠢᠭᠡᠨᠲᠡ ᠬᠤᠯᠪᠣᠭᠳᠠᠯ ᠪᠥᠬᠦᠶ ᠨᠠᠶᠢᠳᠠᠪᠤᠷᠢᠵᠢᠭᠤᠯᠬᠤ ᠪᠢᠴᠢᠭ ᠮᠠᠲ᠋ᠧᠷᠢᠶᠠᠯ ᠢ 24 ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠨᠢᠭᠡᠨᠲᠡ ᠪᠠᠶᠢᠭᠤᠯᠵᠤ ᠳᠠᠭᠤᠰᠬᠠᠪᠠ᠃  ︽︿ᠬᠤᠶᠠᠷ ᠰᠢᠨ᠎ᠡ﹀᠎ ᠶᠢᠨ ᠠᠵᠢᠯ ᠢ ᠥᠷᠨᠢᠭᠦᠯᠬᠦ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠪᠥᠭᠡᠳ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠪᠡ᠃ ᠨᠢᠭᠡ ᠲᠠᠯ᠎ᠠ ᠪᠠᠷ ᠲᠥᠬᠦᠭᠡᠷᠦᠮᠵᠢ ᠶᠢ ᠰᠢᠨᠡᠳᠬᠡᠬᠦ ᠪᠠᠷ ᠳᠠᠮᠵᠢᠭᠤᠯᠤᠨ ᠣᠷᠣᠨ ᠤ ᠳᠣᠲᠣᠷᠠᠬᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠢ ᠳᠠᠶᠢᠴᠢᠯᠠᠵᠤ᠂ ᠠᠵᠤ ᠠᠬᠤᠶ ᠶᠢᠨ ᠨᠡᠮᠡᠭᠳᠡᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠨᠥᠭᠦᠭᠡ ᠲᠠᠯ᠎ᠠ ᠪᠠᠷ ᠬᠠᠭᠤᠴᠢᠨ ᠢᠶᠠᠷ ᠰᠢᠨ᠎ᠡ ᠶᠢ ᠰᠣᠯᠢᠬᠤ ᠪᠠᠷ ᠳᠠᠮᠵᠢᠭᠤᠯᠤᠨ ᠰᠠᠭᠤᠭᠠᠯᠢ ᠠᠷᠠᠳ ᠤᠨ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠶᠢᠨ ᠬᠠᠮᠲᠤ ᠳᠣᠲᠣᠭᠠᠳᠤ ᠬᠡᠷᠡᠭᠴᠡᠭᠡ ᠶᠢᠨ ᠨᠡᠮᠡᠭᠳᠡᠯ ᠢ ᠳᠠᠶᠢᠴᠢᠯᠠᠵᠤ᠂ ᠬᠡᠷᠡᠭᠯᠡᠭᠡ ᠶᠢ ᠠᠵᠤ ᠠᠬᠤᠶ ᠶᠢᠨ ᠲᠣᠭᠲᠠᠭᠤᠨ ᠨᠡᠮᠡᠭᠳᠡᠯ ᠤᠨ ᠴᠡᠭ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠵᠠᠢ᠃  ᠪᠦᠷᠢᠳᠬᠡᠯ ᠠᠴᠠ ᠦᠵᠡᠪᠡᠯ᠂ ᠲᠦᠷᠦᠭᠦᠤ ᠭᠤᠷᠪᠠᠨ ᠤᠯᠠᠷᠢᠯ ᠤᠨ ᠥᠪᠥᠷ ᠮᠣᠩᠭᠤᠯ ᠤᠨ ᠠᠵᠤ ᠠᠬᠤᠶ ᠶᠢᠨ ᠭᠦᠢᠴᠡᠳᠭᠡᠯ ᠲᠤᠭ᠎ᠠ ᠳᠡᠭᠡᠷ᠎ᠡ ᠬᠠᠭᠠᠰ ᠵᠢᠯ ᠤᠨ ᠰᠠᠶᠢᠵᠢᠷᠠᠬᠤ ᠬᠠᠨᠳᠤᠰᠢ ᠪᠠᠨ ᠦᠷᠭᠦᠯᠵᠢᠯᠡᠨ ᠪᠠᠲᠤᠯᠠᠵᠤ᠂ ᠥᠪᠥᠷ ᠮᠣᠩᠭᠤᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 5.8%᠎ ᠪᠠᠷ ᠨᠡᠮᠡᠭᠳᠡᠨ᠂ ᠪᠥᠬᠦ ᠤᠯᠤᠰ ᠤᠨ ᠳᠥᠷᠪᠡᠳᠦᠭᠡᠷ ᠲᠤ ᠣᠷᠣᠵᠤ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 1 ᠵᠠᠭᠤᠨ ᠤ ᠴᠡᠭ ᠥᠨᠳᠥᠷ ᠪᠣᠯᠪᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ 11% ᠪᠣᠯᠵᠣ᠂ ᠪᠥᠬᠦ ᠤᠯᠤᠰ ᠤᠨ ᠬᠤᠶᠠᠳᠤᠭᠠᠷ ᠢᠶᠠᠨ ᠦᠷᠭᠦᠯᠵᠢᠯᠡᠨ ᠪᠠᠲᠤᠯᠠᠵᠤ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 7.6 ᠵᠠᠭᠤᠨ ᠤ ᠴᠡᠭ ᠥᠨᠳᠥᠷ ᠪᠣᠯᠪᠠ᠃  ᠡᠭᠦᠨ ᠠᠴᠠ ᠭᠠᠳᠠᠨ᠎ᠠ᠂ ︽ᠬᠤᠶᠠᠷ ᠰᠢᠨ᠎ᠡ︾᠎ ᠶᠢᠨ ᠠᠵᠢᠯ ᠪᠠᠰᠠ ᠮᠠᠨ ᠤ ᠣᠷᠣᠨ ᠤ ᠪᠡᠯᠡ ᠣᠷᠣᠭᠤᠯᠤᠯᠲᠠ ᠶᠢᠨ ᠨᠡᠮᠡᠭᠳᠡᠯ ᠢ ᠬᠦᠴᠦᠲᠡᠶ ᠲᠠᠶᠢᠴᠢᠯᠠᠪᠠ᠃ ᠠᠵᠤ ᠦᠢᠯᠡᠰ ᠤᠨ ᠳᠡᠭᠡᠳᠦ ᠲᠡᠰ ᠤᠨ᠂ ᠤᠶᠤᠨᠴᠢᠯᠠᠨ ᠲᠠᠰ ᠳᠡᠪᠰᠢᠭᠦᠯᠬᠦ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠵᠤ᠂ ᠥᠪᠥᠷ ᠮᠣᠩᠭᠤᠯ ᠲᠥᠬᠦᠭᠡᠷᠦᠮᠵᠢ ᠶᠢᠨ ᠬᠠᠳᠠᠭᠠᠯᠠᠯᠲᠠ ᠶᠢᠨ ᠬᠡᠮᠵᠢᠶ᠎ᠡ ᠥᠨᠳᠥᠷ᠂ ᠥᠷᠲᠡᠭ ᠥᠨᠳᠥᠷ᠂ ᠰᠢᠨᠡᠴᠢᠯᠡᠯᠲᠡ ᠶᠢᠨ ᠬᠡᠷᠡᠭᠴᠡᠭᠡ ᠶᠡᠭᠡ ᠬᠦᠷᠢᠶ᠎ᠠ ᠪᠠᠷ ᠭᠤᠤᠯᠳᠠᠯᠭ᠎ᠠ ᠪᠣᠯᠭᠠᠨ᠂ ᠬᠠᠮᠢᠶ᠎ᠠ ᠪᠥᠬᠦᠶ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ ᠲᠥᠷᠥᠯ ᠵᠦᠢᠯ ᠢ ᠢᠳᠡᠪᠬᠢᠲᠡᠶ ᠰᠦᠪᠡᠭᠴᠢᠯᠡᠨ᠂ ᠪᠠᠯᠠ ᠮᠥᠩᠭᠦ ᠶᠢᠨ ᠳᠡᠮᠵᠢᠯᠭᠡ ᠶᠢ ᠪᠠᠲᠤᠯᠠᠵᠤ᠂ ᠡᠯ᠎ᠡ ᠠᠵᠢᠯ ᠲᠥᠷᠥᠯ ᠤᠨ ᠲᠡᠷᠢᠭᠦᠨ ᠤ       ᠪᠠᠷᠢᠮᠵᠢᠶ᠎ᠠ᠂ ᠲᠡᠷᠢᠭᠦᠨ ᠤ ᠬᠢᠷᠢ ᠲᠦᠪᠰᠢᠨ ᠲᠠᠢ ᠬᠠᠷᠢᠴᠠᠭᠤᠯᠤᠨ᠂ ᠲᠥᠬᠦᠭᠡᠷᠦᠮᠵᠢ ᠶᠢ ᠰᠢᠨᠡᠳᠬᠡᠬᠦ ᠬᠠᠮᠢᠶ᠎ᠠ ᠪᠥᠬᠦᠶ ᠲᠥᠷᠥᠯ ᠵᠦᠢᠯ ᠤᠨ ᠬᠡᠷᠡᠭᠵᠢᠭᠦᠯᠦᠯᠲᠡ ᠶᠢ ᠢᠳᠡᠪᠬᠢᠲᠡᠶ ᠠᠬᠢᠭᠤᠯᠪᠠ᠃ ᠡᠨᠡ ᠵᠢᠯ ᠤᠨ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9%᠎ ᠪᠠᠷ ᠨᠡᠮᠡᠭᠳᠡᠵᠦ᠂ ᠵᠥᠪᠬᠡᠨ ᠲᠥᠬᠦᠭᠡᠷᠦᠮᠵᠢ ᠬᠤᠳᠠᠯᠳᠤᠨ ᠠᠪᠬᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 100.1% ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 0.6 ᠵᠠᠭᠤᠨ ᠤ ᠴᠡᠭ ᠳᠠᠶᠢᠴᠢᠯᠠᠪᠠ᠃ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号