ᠪᠠᠩᠬᠢ ᠶᠢᠨ ᠬᠢᠨ ᠤ ᠬᠤᠯᠪᠣᠭ᠎ᠠ ᠤ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ | ᠰᠢᠰᠲ᠋ᠧᠮ ᠤᠨ ᠲᠤᠭ᠎ᠠ ᠪᠠᠷᠢᠮᠲᠠ ᠠᠴᠠ ᠦᠵᠡᠪᠡᠯ᠂ 10 ᠳ᠋ᠤᠭᠠᠷ ᠰᠠᠷ᠎ᠠ ᠳᠤ᠂ ᠪᠦᠬᠦ ᠣᠷᠣᠨ ᠤ ᠭᠡᠷ ᠤᠨ ᠴᠠᠬᠢᠯᠭᠠᠨ | ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠪᠠᠷ ᠨᠡᠶᠢᠲᠡ 15.1 ᠲᠦᠮᠡᠨ ᠭᠡᠷ ᠤᠨ ᠴᠠᠬᠢᠯᠭᠠᠨ ᠬᠡᠷᠡᠭᠰᠡᠯ ᠢ | ᠪᠣᠷᠣᠯᠠᠭᠤᠯᠤᠨ ᠬᠤᠳᠠᠯᠳᠤᠵᠤ᠂ ᠪᠣᠷᠣᠯᠠᠭᠤᠯᠤᠨ ᠬᠤᠳᠠᠯᠳᠤᠭᠰᠠᠨ ᠵᠣᠭᠤᠰ ᠤᠨ ᠲᠤᠭ᠎ᠠ 8.1 ᠳ᠋ᠦᠩᠰᠢᠭᠤᠷ | ᠲᠥᠭᠦᠷᠢᠭ᠂ ᠨᠥᠬᠦᠪᠥᠷᠢ ᠶᠢᠨ ᠪᠡᠯᠡ ᠮᠥᠩᠭᠦ ᠨᠢ 1.52 ᠳ᠋ᠦᠩᠰᠢᠭᠤᠷ ᠲᠥᠭᠦᠷᠢᠭ ᠬᠦᠷᠴᠡᠢ᠃ | 9 ᠳ᠋ᠦ᠋ᠭᠡᠷ ᠰᠠᠷ᠎ᠠ ᠶᠢᠨ 17 ᠤ ᠡᠳᠦᠷ ᠬᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ | ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠦᠭᠰᠡᠨ ᠠᠴᠠ ᠨᠠᠭᠠᠰᠢ᠂ ᠪᠥᠬᠦ ᠣᠷᠣᠨ ᠳᠤ ᠱᠠᠭᠠᠷᠳᠠᠯᠭ᠎ᠠ ᠳᠤ ᠨᠡᠶᠢᠴᠡᠭᠰᠡᠨ | ᠬᠡᠷ ᠤᠨ ᠴᠠᠬᠢᠯᠭᠠᠨ ᠬᠡᠷᠡᠭᠰᠡᠯ ᠢ ᠨᠡᠶᠢᠲᠡ 167813 ᠪᠣᠷᠣᠯᠠᠭᠤᠯᠵᠤ᠂ ᠨᠢᠭᠡᠳᠦᠭᠡᠷ ᠳᠡᠰ ᠤᠨ ᠡᠨᠧᠷᠭᠢ ᠶᠢᠨ | ᠠᠰᠢᠭᠯᠠᠮᠵᠢ ᠶᠢᠨ ᠬᠡᠷ ᠤᠨ ᠴᠠᠬᠢᠯᠭᠠᠨ ᠬᠡᠷᠡᠭᠰᠡᠯ ᠢ ᠨᠡᠶᠢᠲᠡ 148071 ᠪᠣᠷᠣᠯᠠᠭᠤᠯᠵᠤ᠂ 88.2% ᠢ ᠡᠵᠡᠯᠡᠪᠡ︔ | ᠬᠤᠶᠠᠳᠤᠭᠠᠷ ᠳᠡᠰ ᠤᠨ ᠡᠨᠧᠷᠭᠢ ᠶᠢᠨ ᠠᠰᠢᠭᠯᠠᠮᠵᠢ ᠶᠢᠨ ᠬᠡᠷ ᠤᠨ ᠴᠠᠬᠢᠯᠭᠠᠨ ᠬᠡᠷᠡᠭᠰᠡᠯ ᠢ ᠨᠡᠶᠢᠲᠡ 19375 | ᠪᠣᠷᠣᠯᠠᠭᠤᠯᠵᠤ᠂ 11.5% ᠶᠢ ᠡᠵᠡᠯᠡᠪᠡ᠃ ᠡᠭᠦᠨ ᠳᠤ᠂ ᠬᠥᠬᠡᠬᠤᠲᠠ᠂ ᠪᠤᠭᠤᠲᠤ ᠬᠤᠲᠠ᠂ ᠰᠢᠯᠢ ᠶᠢᠨ ᠭᠤᠤᠯ | ᠠᠶᠢᠮᠠᠭ ᠤᠨ ᠬᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠦᠷ᠎ᠡ | ᠪᠦᠲᠦᠮᠵᠢ ᠨᠢ ᠪᠥᠬᠦ ᠣᠷᠣᠨ ᠤ ᠡᠮᠦᠨ᠎ᠡ ᠭᠤᠷᠪᠠ ᠳᠤ ᠵᠢᠭᠰᠠᠭᠠᠭᠳᠠᠪᠠ᠃ | ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ | ᠰᠢᠨ᠎ᠡ ᠶᠢ ᠰᠣᠯᠢᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ | ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠶᠢ ᠪᠣᠳᠣᠯᠬᠢᠯᠠᠵᠤ ᠭᠠᠷᠭᠠᠭᠰᠠᠨ ᠴᠢᠬᠤᠯᠠ ᠶᠡᠭᠡ | ᠰᠢᠢᠳᠪᠦᠷᠢᠲᠦ ᠪᠤᠳᠤᠯᠭ᠎ᠠ ᠪᠣᠯᠤᠨ᠎ᠠ᠃ ᠤᠯᠤᠰ ᠠᠴᠠ ︽ᠬᠤᠶᠠᠷ ᠰᠢᠨ᠎ᠡ︾ ᠶᠢᠨ ᠠᠵᠢᠯ ᠢ | ᠪᠠᠶᠢᠷᠢᠯᠠᠭᠤᠯᠤᠭᠰᠠᠨ ᠠᠴᠠ ᠨᠠᠭᠠᠰᠢ᠂ ᠮᠠᠨ ᠤ ᠣᠷᠣᠨ ᠤ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠦᠳᠲᠡᠷ ᠲᠦᠷᠭᠡᠨ ᠬᠥᠳᠡᠯᠦᠯᠴᠡᠵᠦ᠂ ︽ᠬᠤᠶᠠᠷ ᠰᠢᠨ᠎ᠡ︾ ᠶᠢᠨ ᠠᠵᠢᠯ ᠤᠨ ᠪᠣᠳᠠᠲᠤ | ᠦᠷ᠎ᠡ ᠪᠦᠲᠦᠮᠵᠢ ᠤᠯᠬᠤ ᠶᠢ ᠪᠥᠬᠦ ᠲᠠᠯ᠎ᠠ ᠪᠠᠷ ᠠᠬᠢᠭᠤᠯᠪᠠ᠃ | ᠲᠥᠷᠥ ᠶᠢᠨ ᠶᠠᠪᠤᠳᠠᠯ ᠤᠨ ᠬᠤᠷᠢᠶᠠᠨ ᠤ ᠡᠨᠡ ᠵᠢᠯ ᠤᠨ ᠳᠠᠷᠤᠮᠠᠯᠯᠠᠨ ᠲᠠᠷᠬᠠᠭᠠᠭᠰᠠᠨ ︽ᠶᠡᠭᠡ ᠬᠡᠪᠴᠢᠶᠡᠨ ᠤ | ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ | ᠠᠬᠢᠭᠤᠯᠬᠤ ᠠᠵᠢᠯᠯᠠᠭ᠎ᠠ ᠶᠢᠨ ᠲᠥᠰᠦᠯ︾ ᠵᠢᠴᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠶᠠᠮᠤᠨ ᠤ ᠡᠨᠡ ᠵᠢᠯ ᠤᠨ ᠳᠠᠷᠤᠮᠠᠯᠯᠠᠨ ᠲᠠᠷᠬᠠᠭᠠᠭᠰᠠᠨ ︽ᠶᠡᠭᠡ ᠬᠡᠪᠴᠢᠶᠡᠨ ᠤ | ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ | ᠬᠦᠴᠦᠯᠡᠨ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠦᠨᠳᠦᠰᠦᠯᠡᠨ᠂ ᠥᠪᠥᠷ ᠮᠣᠩᠭᠤᠯ ᠲᠣᠰ ᠲᠣᠰ ︽ | ᠬᠤᠶᠠᠷ ᠰᠢᠨ᠎ᠡ︾ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠥᠰᠦᠯ ᠵᠢᠴᠢ ︽ᠬᠤᠶᠠᠷ ᠰᠢᠨ᠎ᠡ︾ ᠶᠢ | ᠠᠬᠢᠭᠤᠯᠬᠤ ᠶᠢ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ | ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢᠨ ᠬᠡᠰᠡᠭ ᠲᠠᠬᠢ ᠪᠠᠯᠠ ᠮᠥᠩᠭᠦ ᠶᠢᠨ | ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠲᠥᠰᠦᠯ ᠢ ᠢᠵᠢ ᠪᠦᠷᠢᠳᠦᠭᠦᠯᠦᠨ ᠲᠣᠭᠲᠠᠭᠠᠵᠤ᠂ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠳ ︽ᠳᠥᠷᠪᠡᠨ ᠶᠡᠭᠡ ᠠᠵᠢᠯᠯᠠᠭ᠎ᠠ︾ ᠶᠢᠨ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠦᠨ ᠬᠡᠷᠡᠭᠵᠢᠭᠦᠯᠬᠦ ᠲᠥᠰᠦᠯ ᠲᠣᠭᠲᠠᠭᠠᠵᠤ᠂ 8 ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠦᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠬᠡᠷᠡᠭᠵᠢᠭᠦᠯᠬᠦ ᠨᠠᠷᠢᠨ ᠲᠦᠷᠢᠮ ᠢ | ᠨᠡᠶᠢᠲᠡᠯᠡᠪᠡ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠨᠢᠭᠡᠨᠲᠡ ᠬᠤᠯᠪᠣᠭᠳᠠᠯ ᠪᠥᠬᠦᠶ | ᠨᠠᠶᠢᠳᠠᠪᠤᠷᠢᠵᠢᠭᠤᠯᠬᠤ ᠪᠢᠴᠢᠭ ᠮᠠᠲ᠋ᠧᠷᠢᠶᠠᠯ ᠢ 24 ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠨᠢᠭᠡᠨᠲᠡ ᠪᠠᠶᠢᠭᠤᠯᠵᠤ ᠳᠠᠭᠤᠰᠬᠠᠪᠠ᠃ | ︽︿ᠬᠤᠶᠠᠷ ᠰᠢᠨ᠎ᠡ﹀ ᠶᠢᠨ ᠠᠵᠢᠯ ᠢ ᠥᠷᠨᠢᠭᠦᠯᠬᠦ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠪᠥᠭᠡᠳ ᠪᠥᠬᠦ | ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠪᠡ᠃ ᠨᠢᠭᠡ ᠲᠠᠯ᠎ᠠ ᠪᠠᠷ ᠲᠥᠬᠦᠭᠡᠷᠦᠮᠵᠢ ᠶᠢ | ᠰᠢᠨᠡᠳᠬᠡᠬᠦ ᠪᠠᠷ ᠳᠠᠮᠵᠢᠭᠤᠯᠤᠨ ᠣᠷᠣᠨ ᠤ ᠳᠣᠲᠣᠷᠠᠬᠢ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ | ᠪᠠ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ | ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠢ ᠳᠠᠶᠢᠴᠢᠯᠠᠵᠤ᠂ ᠠᠵᠤ ᠠᠬᠤᠶ ᠶᠢᠨ ᠨᠡᠮᠡᠭᠳᠡᠯ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠪᠡ᠃ ᠨᠥᠭᠦᠭᠡ ᠲᠠᠯ᠎ᠠ ᠪᠠᠷ ᠬᠠᠭᠤᠴᠢᠨ ᠢᠶᠠᠷ ᠰᠢᠨ᠎ᠡ ᠶᠢ ᠰᠣᠯᠢᠬᠤ ᠪᠠᠷ ᠳᠠᠮᠵᠢᠭᠤᠯᠤᠨ | ᠰᠠᠭᠤᠭᠠᠯᠢ ᠠᠷᠠᠳ ᠤᠨ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠠᠭᠤᠭᠠᠯᠢ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠶᠢᠨ ᠬᠠᠮᠲᠤ ᠳᠣᠲᠣᠭᠠᠳᠤ ᠬᠡᠷᠡᠭᠴᠡᠭᠡ ᠶᠢᠨ ᠨᠡᠮᠡᠭᠳᠡᠯ ᠢ | ᠳᠠᠶᠢᠴᠢᠯᠠᠵᠤ᠂ ᠬᠡᠷᠡᠭᠯᠡᠭᠡ ᠶᠢ ᠠᠵᠤ ᠠᠬᠤᠶ ᠶᠢᠨ ᠲᠣᠭᠲᠠᠭᠤᠨ ᠨᠡᠮᠡᠭᠳᠡᠯ ᠤᠨ ᠴᠡᠭ ᠪᠣᠯᠭᠠᠪᠠ᠃ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠲᠠᠨᠢᠯᠴᠠᠭᠤᠯᠵᠠᠢ᠃ | ᠪᠦᠷᠢᠳᠬᠡᠯ ᠠᠴᠠ ᠦᠵᠡᠪᠡᠯ᠂ ᠲᠦᠷᠦᠭᠦᠤ ᠭᠤᠷᠪᠠᠨ ᠤᠯᠠᠷᠢᠯ ᠤᠨ ᠥᠪᠥᠷ ᠮᠣᠩᠭᠤᠯ ᠤᠨ ᠠᠵᠤ ᠠᠬᠤᠶ ᠶᠢᠨ | ᠭᠦᠢᠴᠡᠳᠭᠡᠯ ᠲᠤᠭ᠎ᠠ ᠳᠡᠭᠡᠷ᠎ᠡ ᠬᠠᠭᠠᠰ ᠵᠢᠯ ᠤᠨ ᠰᠠᠶᠢᠵᠢᠷᠠᠬᠤ ᠬᠠᠨᠳᠤᠰᠢ ᠪᠠᠨ ᠦᠷᠭᠦᠯᠵᠢᠯᠡᠨ ᠪᠠᠲᠤᠯᠠᠵᠤ᠂ ᠥᠪᠥᠷ | ᠮᠣᠩᠭᠤᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 5.8% ᠪᠠᠷ ᠨᠡᠮᠡᠭᠳᠡᠨ᠂ ᠪᠥᠬᠦ | ᠤᠯᠤᠰ ᠤᠨ ᠳᠥᠷᠪᠡᠳᠦᠭᠡᠷ ᠲᠤ ᠣᠷᠣᠵᠤ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 1 ᠵᠠᠭᠤᠨ ᠤ | ᠴᠡᠭ ᠥᠨᠳᠥᠷ ᠪᠣᠯᠪᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ | 11% ᠪᠣᠯᠵᠣ᠂ ᠪᠥᠬᠦ ᠤᠯᠤᠰ ᠤᠨ ᠬᠤᠶᠠᠳᠤᠭᠠᠷ ᠢᠶᠠᠨ ᠦᠷᠭᠦᠯᠵᠢᠯᠡᠨ ᠪᠠᠲᠤᠯᠠᠵᠤ᠂ ᠪᠥᠬᠦ ᠤᠯᠤᠰ ᠤᠨ ᠳᠤᠮᠳᠠᠴᠢ | ᠬᠢᠷᠢ ᠲᠦᠪᠰᠢᠨ ᠠᠴᠠ 7.6 ᠵᠠᠭᠤᠨ ᠤ ᠴᠡᠭ ᠥᠨᠳᠥᠷ ᠪᠣᠯᠪᠠ᠃ | ᠡᠭᠦᠨ ᠠᠴᠠ ᠭᠠᠳᠠᠨ᠎ᠠ᠂ ︽ᠬᠤᠶᠠᠷ ᠰᠢᠨ᠎ᠡ︾ ᠶᠢᠨ ᠠᠵᠢᠯ ᠪᠠᠰᠠ ᠮᠠᠨ ᠤ ᠣᠷᠣᠨ ᠤ ᠪᠡᠯᠡ | ᠣᠷᠣᠭᠤᠯᠤᠯᠲᠠ ᠶᠢᠨ ᠨᠡᠮᠡᠭᠳᠡᠯ ᠢ ᠬᠦᠴᠦᠲᠡᠶ ᠲᠠᠶᠢᠴᠢᠯᠠᠪᠠ᠃ ᠠᠵᠤ ᠦᠢᠯᠡᠰ ᠤᠨ ᠳᠡᠭᠡᠳᠦ ᠲᠡᠰ ᠤᠨ᠂ ᠤᠶᠤᠨᠴᠢᠯᠠᠨ | ᠲᠠᠰ ᠳᠡᠪᠰᠢᠭᠦᠯᠬᠦ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠵᠤ᠂ ᠥᠪᠥᠷ ᠮᠣᠩᠭᠤᠯ ᠲᠥᠬᠦᠭᠡᠷᠦᠮᠵᠢ ᠶᠢᠨ | ᠬᠠᠳᠠᠭᠠᠯᠠᠯᠲᠠ ᠶᠢᠨ ᠬᠡᠮᠵᠢᠶ᠎ᠡ ᠥᠨᠳᠥᠷ᠂ ᠥᠷᠲᠡᠭ ᠥᠨᠳᠥᠷ᠂ ᠰᠢᠨᠡᠴᠢᠯᠡᠯᠲᠡ ᠶᠢᠨ ᠬᠡᠷᠡᠭᠴᠡᠭᠡ ᠶᠡᠭᠡ ᠬᠦᠷᠢᠶ᠎ᠠ ᠪᠠᠷ | ᠭᠤᠤᠯᠳᠠᠯᠭ᠎ᠠ ᠪᠣᠯᠭᠠᠨ᠂ ᠬᠠᠮᠢᠶ᠎ᠠ ᠪᠥᠬᠦᠶ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ ᠲᠥᠷᠥᠯ ᠵᠦᠢᠯ ᠢ ᠢᠳᠡᠪᠬᠢᠲᠡᠶ | ᠰᠦᠪᠡᠭᠴᠢᠯᠡᠨ᠂ ᠪᠠᠯᠠ ᠮᠥᠩᠭᠦ ᠶᠢᠨ ᠳᠡᠮᠵᠢᠯᠭᠡ ᠶᠢ ᠪᠠᠲᠤᠯᠠᠵᠤ᠂ ᠡᠯ᠎ᠡ ᠠᠵᠢᠯ ᠲᠥᠷᠥᠯ ᠤᠨ ᠲᠡᠷᠢᠭᠦᠨ ᠤ | ᠪᠠᠷᠢᠮᠵᠢᠶ᠎ᠠ᠂ ᠲᠡᠷᠢᠭᠦᠨ ᠤ ᠬᠢᠷᠢ ᠲᠦᠪᠰᠢᠨ ᠲᠠᠢ ᠬᠠᠷᠢᠴᠠᠭᠤᠯᠤᠨ᠂ ᠲᠥᠬᠦᠭᠡᠷᠦᠮᠵᠢ ᠶᠢ ᠰᠢᠨᠡᠳᠬᠡᠬᠦ ᠬᠠᠮᠢᠶ᠎ᠠ ᠪᠥᠬᠦᠶ | ᠲᠥᠷᠥᠯ ᠵᠦᠢᠯ ᠤᠨ ᠬᠡᠷᠡᠭᠵᠢᠭᠦᠯᠦᠯᠲᠡ ᠶᠢ ᠢᠳᠡᠪᠬᠢᠲᠡᠶ ᠠᠬᠢᠭᠤᠯᠪᠠ᠃ ᠡᠨᠡ ᠵᠢᠯ ᠤᠨ ᠲᠦᠷᠦᠭᠦᠤ ᠭᠤᠷᠪᠠᠨ | ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠵᠦ᠂ ᠵᠥᠪᠬᠡᠨ ᠲᠥᠬᠦᠭᠡᠷᠦᠮᠵᠢ | ᠬᠤᠳᠠᠯᠳᠤᠨ ᠠᠪᠬᠤ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 100.1% ᠨᠡᠮᠡᠭᠳᠡᠵᠦ᠂ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 0.6 ᠵᠠᠭᠤᠨ ᠤ ᠴᠡᠭ ᠳᠠᠶᠢᠴᠢᠯᠠᠪᠠ᠃ | |