ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠬᠢᠯᠢ ᠠᠯᠤᠰᠯᠠᠭᠰᠠᠨ ᠭᠤᠣᠯ ᠮᠥᠷᠡᠨ ᠨᠠᠭᠤᠷ ᠴᠥᠭᠦᠷᠥᠮ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠪᠠ
ᠨᠡᠶᠢᠲᠡᠯᠡᠭᠰᠡᠨ ᠴᠠᠭ᠄
2024/11/5
  ᠡᠨᠡ ᠵᠢᠯ ᠠᠴᠠ ᠨᠠᠭᠠᠰᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠢᠨ ᠣᠷᠣᠨ ᠪᠦᠰᠡ ᠬᠢᠭᠡᠳ ᠰᠠᠪᠠ ᠭᠠᠵᠠᠷ ᠢ ᠤᠶᠠᠯᠳᠤᠭᠤᠯᠬᠤ ᠶᠢ ᠪᠠᠷᠢᠮᠲᠠᠯᠠᠵᠤ ᠂ ᠮᠤᠵᠢ ᠶᠢᠨ ᠬᠤᠭᠤᠷᠣᠨᠳᠣᠬᠢ ᠬᠥᠷᠰᠢ ᠵᠡᠷᠭᠡᠯᠡᠳᠡᠭᠡ ᠣᠷᠣᠨ ᠪᠦᠰᠡ ᠶᠢᠨ ᠬᠢᠯᠢ ᠠᠯᠤᠰᠯᠠᠭᠰᠠᠨ ᠭᠤᠣᠯ ᠮᠥᠷᠡᠨ ᠨᠠᠭᠤᠷ ᠴᠥᠭᠦᠷᠥᠮ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠶᠢ ᠲᠦᠷᠭᠡᠳᠬᠡᠨ ᠠᠬᠢᠭᠤᠯᠪᠠ ᠃ ᠠᠵᠢᠯ ᠤᠨ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠬᠦ ᠶᠢ ᠠᠬᠢᠭᠤᠯᠬᠤ ᠶᠢᠨ ᠲᠥᠯᠥᠭᠡ ᠂ 2024 ᠣᠨ ᠤ 8 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠭᠤᠤᠯ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠲᠤᠰᠬᠠᠶ ᠪᠢᠴᠢᠭ ᠮᠠᠲ᠋ᠧᠷᠢᠶᠠᠯ ᠢ ᠤᠯᠠᠮ ᠨᠢᠭᠡ ᠠᠯᠬᠤᠮ ᠳᠠᠷᠤᠮᠠᠯᠯᠠᠨ ᠲᠠᠷᠬᠠᠭᠠᠵᠤ ᠂ ᠭᠤᠤᠯ ᠬᠠᠷᠠᠯᠲᠠ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ ᠂ ᠡᠯ᠎ᠡ ᠭᠠᠵᠠᠷ ᠤᠨ ᠬᠢᠨ ᠢ ᠬᠠᠲᠤᠨ ᠭᠤᠤᠯ ᠂ ᠪᠠᠷᠠᠭᠤᠨ ᠯᠢᠶᠣᠤ ᠾᠧ ᠭᠤᠤᠯ ᠂ ᠨᠤᠨ ᠮᠥᠷᠡᠨ ᠂ ᠡᠾᠸᠢ ᠡᠾᠧ ᠭᠤᠤᠯ ᠂ ᠺᠦ᠋ ᠶᠧ ᠡᠾᠧ ᠭᠤᠤᠯ ᠂ ᠯᠤᠤᠬ᠎ᠠ ᠶᠢᠨ ᠭᠤᠤᠯ ᠂ ᠬᠤᠤᠯᠢᠩᠭᠤᠣᠯ ᠂ ᠯᠤᠸᠠᠨ ᠡᠾᠧ ᠂ ᠴᠠᠭᠠᠨᠨᠠᠭᠤᠷ ᠵᠡᠷᠭᠡ 39 ᠵᠤᠷᠪᠤᠰ ᠬᠢᠯᠢ ᠶᠢᠨ ᠵᠠᠭᠠᠭ ᠠᠯᠤᠰᠯᠠᠭᠰᠠᠨ ᠭᠤᠤᠯ ᠮᠥᠷᠡᠨ ᠨᠠᠭᠤᠷ ᠴᠥᠭᠦᠷᠥᠮ ᠢᠶᠠᠷ ᠭᠤᠤᠯᠳᠠᠯᠭ᠎ᠠ ᠪᠣᠯᠭᠠᠵᠤ ᠂ ᠮᠤᠵᠢ ᠠᠯᠤᠰᠯᠠᠭᠰᠠᠨ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ ᠃ 10 ᠳ᠋ᠤᠭᠠᠷ ᠰᠠᠷ᠎ᠠ ᠶᠢᠨ 31᠎ ᠤ ᠡᠳᠦᠷ ᠪᠣᠯᠲᠠᠯ᠎ᠠ ᠂ ᠬᠤᠯᠪᠣᠭᠳᠠᠯ ᠪᠥᠬᠦᠶ ᠠᠶᠢᠮᠠᠭ ᠬᠤᠲᠠ ᠨᠢ ᠬᠤᠰᠢᠭᠤ ᠰᠢᠶᠠᠨ ᠢᠶᠠᠷ ᠭᠤᠤᠯ ᠴᠣᠭᠴᠠ ᠪᠣᠯᠭᠠᠵᠤ ᠂ ᠨᠢᠩᠰᠢᠶᠠ ᠂ ᠭᠠᠨᠰᠦ ᠂ ᠱᠠᠨ ᠰᠢ ᠂ ᠱᠠᠨᠰᠢ ᠂ ᠾᠧᠪᠧᠶ ᠂ ᠬᠠᠷᠠᠮᠥ᠋ᠷᠡᠨ ᠂ ᠯᠢᠶᠣᠤᠨᠢᠩ ᠂ ᠭᠢᠷᠢᠨ ᠵᠡᠷᠭᠡ 8 ᠮᠤᠵᠢ ᠣᠷᠣᠨ ᠤ 35 ᠬᠤᠲᠠ ᠰᠢᠶᠠᠨ ᠲᠠᠢ ᠠᠵᠢᠯ ᠢᠶᠠᠨ ᠵᠣᠯᠭᠠᠭᠤᠯᠬᠤ ᠶᠢ ᠪᠦᠬᠦᠨ ᠢ ᠪᠡᠶᠡᠯᠡᠭᠦᠯᠵᠦ ᠂ ᠨᠢᠭᠡᠨᠲᠡ 24 ᠭᠤᠤᠯ ᠮᠥᠷᠡᠨ ᠨᠠᠭᠤᠷ ᠴᠥᠭᠦᠷᠥᠮ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠬᠠᠮᠵᠢᠯᠴᠠᠬᠤ ᠲᠣᠭᠲᠠᠴᠠ ᠶᠢ ᠠᠩᠬ᠎ᠠ ᠠᠯᠬᠤᠮ ᠪᠠᠶᠢᠭᠤᠯᠵᠤ ᠂ 6 ᠬᠠᠮᠵᠢᠯᠴᠠᠬᠤ ᠲᠣᠭᠲᠠᠴᠠ ᠶᠢᠨ ᠰᠠᠨᠠᠯ ᠢ ᠠᠩᠬ᠎ᠠ ᠠᠯᠬᠤᠮ ᠲᠣᠭᠲᠠᠭᠠᠵᠤ ᠂ ᠨᠡᠶᠢᠲᠡ 51 ᠬᠢᠯᠢ ᠠᠯᠤᠰᠯᠠᠭᠰᠠᠨ ᠭᠤᠤᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠵᠠᠶ ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠬᠠᠮᠵᠢᠯᠴᠠᠬᠤ ᠲᠣᠭᠲᠠᠴᠠ ᠶᠢᠨ ᠵᠢᠯᠣᠭᠤᠳᠣᠯᠭ᠎ᠠ ᠳᠣᠤᠷ᠎ᠠ ᠂ ᠬᠠᠮᠢᠶ᠎ᠠ ᠪᠥᠬᠦᠶ ᠭᠠᠵᠠᠷ ᠣᠷᠣᠨ ᠬᠠᠮᠲᠤᠷᠠᠭᠰᠠᠨ ᠬᠤᠷᠠᠯ ᠢ 4 ᠤᠳᠠᠭ᠎ᠠ ᠬᠠᠮᠲᠤᠷᠠᠨ ᠬᠤᠷᠠᠯᠳᠤᠭᠤᠯᠵᠤ ᠂ ᠭᠤᠤᠯ ᠮᠥᠷᠡᠨ ᠨᠠᠭᠤᠷ ᠴᠥᠭᠦᠷᠥᠮ ᠢ 13 ᠤᠳᠠᠭ᠎ᠠ ᠲᠣᠭᠤᠷᠢᠨ ᠪᠠᠶᠢᠴᠠᠭᠠᠬᠤ ᠶᠢ ᠥᠷᠨᠢᠭᠦᠯᠵᠦ ᠂ ᠨᠢᠭᠡ ᠤᠳᠠᠭ᠎ᠠ ᠪᠣᠯᠪᠠᠰᠤᠷᠠᠯ ᠰᠣᠯᠢᠯᠴᠠᠭ᠎ᠠ ᠬᠢᠵᠦ ᠂ ᠣᠷᠣᠨ ᠪᠦᠰᠡ ᠶᠢᠨ ᠲᠣᠪᠤᠶᠢᠮ᠎ᠠ ᠠᠰᠠᠭᠤᠳᠠᠯ ᠪᠣᠯᠤᠨ ᠬᠦᠴᠢᠷᠳᠡᠯ ᠢ ᠬᠠᠮᠲᠤ ᠪᠠᠷ ᠵᠣᠬᠢᠴᠠᠭᠤᠯᠤᠨ ᠰᠢᠢᠳᠪᠦᠷᠢᠯᠡᠵᠦ ᠂ ᠬᠢᠯᠢ ᠠᠯᠤᠰᠯᠠᠭᠰᠠᠨ ᠭᠤᠤᠯ ᠮᠥᠷᠡᠨ ᠨᠠᠭᠤᠷ ᠴᠥᠭᠦᠷᠥᠮ ᠢ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ ᠂ ᠭᠤᠤᠯ ᠮᠥᠷᠡᠨ ᠨᠠᠭᠤᠷ ᠴᠥᠭᠦᠷᠥᠮ ᠢ ᠵᠠᠰᠠᠬᠤ ᠳᠤ ︽ᠬᠡᠰᠡᠭ ᠬᠤᠪᠢᠶᠠᠨ ᠵᠠᠰᠠᠬᠤ︾᠎ ᠠᠴᠠ ︽ᠪᠥᠬᠦ ᠣᠷᠣᠨ ᠪᠦᠰᠡ ᠶᠢᠨ ᠵᠠᠰᠠᠯᠲᠠ︾ ᠪᠣᠯᠭᠠᠨ ᠬᠤᠪᠢᠷᠠᠭᠤᠯᠬᠤ ᠶᠢ ᠠᠬᠢᠭᠤᠯᠪᠠ ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号