11 ᠳ᠋ᠦ᠋ᠭᠡᠷ ᠰᠠᠷ᠎ᠠ ᠶᠢᠨ 7 ᠤ ᠡᠳᠦᠷ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠨᠢᠭᠡᠳᠦᠮᠡᠯ | ᠹᠷᠣᠨᠲ ᠤᠨ ︽ᠤᠮᠠᠷᠠᠲᠤ ᠶᠢᠨ ᠭᠤᠷᠪᠠᠨ ᠣᠷᠣᠨ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠨ ᠨᠡᠮᠡᠷᠢᠯᠡᠬᠦ ᠲᠥᠷᠥᠯ ᠵᠦᠢᠯ ᠢ ᠤᠬᠠᠭᠤᠯᠤᠨ ᠲᠠᠨᠢᠯᠴᠠᠭᠤᠯᠬᠤ ᠬᠤᠷᠠᠯ | ᠪᠡᠭᠡᠵᠢᠩ ᠬᠤᠲᠠ ᠳᠤ ᠬᠤᠷᠠᠯᠳᠤᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠨᠢᠭᠡᠴᠢ ᠶᠢᠨ ᠬᠢᠨ ᠪᠠᠶᠢᠳᠠᠯ ᠤᠨ ᠲᠠᠨᠢᠯᠴᠠᠭᠤᠯᠭ᠎ᠠ ᠬᠢᠵᠦ᠂ ᠬᠢᠩᠭᠠᠨ | ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠲᠠ ᠶᠢᠨ | ᠬᠢᠨ ᠡᠯ᠎ᠡ ᠭᠠᠵᠠᠷ ᠤᠨ ᠡᠬᠢ ᠪᠠᠶᠠᠯᠢᠭ ᠤᠨ ᠲᠥᠷᠥᠯᠬᠢ ᠪᠠᠶᠢᠳᠠᠯ ᠲᠠᠢ ᠤᠶᠠᠯᠳᠤᠭᠤᠯᠤᠨ ᠲᠥᠷᠥᠯ ᠵᠦᠢᠯ ᠤᠨ | ᠤᠬᠠᠭᠤᠯᠭ᠎ᠠ ᠬᠢᠵᠦ᠂ ᠬᠠᠮᠲᠤᠷᠠᠯᠴᠠᠭᠠᠨ ᠤ ᠬᠡᠷᠡᠭᠴᠡᠭᠡ ᠱᠠᠭᠠᠷᠳᠠᠯᠭ᠎ᠠ ᠶᠢ ᠳᠤᠷᠠᠳᠪᠠ᠃ ᠠᠳᠠᠯᠢ ᠪᠤᠰᠤ ᠬᠦᠷᠢᠶᠡᠨ ᠤ | 27 ᠲᠤᠰᠬᠠᠢ ᠮᠡᠷᠭᠡᠵᠢᠯᠲᠡᠨ ᠡᠷᠳᠡᠮᠲᠡᠨ ᠲᠤᠰᠬᠠᠢ ᠮᠡᠷᠭᠡᠵᠢᠯ ᠤᠨ ᠳᠠᠪᠠᠭᠤᠯᠢᠭ᠂ ᠬᠤᠪᠢ ᠬᠥᠮᠥᠨ ᠤ ᠬᠦᠰᠡᠯ | ᠡᠷᠡᠮᠡᠯᠵᠡᠯ ᠢᠶᠠᠨ ᠦᠨᠳᠦᠰᠦᠯᠡᠨ 18 ᠲᠥᠷᠥᠯ ᠵᠦᠢᠯ ᠳᠤ ᠤᠷᠢᠭᠳᠠᠪᠠ︔ 5 ᠠᠶᠢᠮᠠᠭ ᠬᠤᠲᠠ ᠪᠣᠯᠣᠨ 25 ᠠᠵᠤ | ᠠᠬᠤᠶᠢᠯᠠᠯ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠶᠢᠨ ᠬᠠᠮᠢᠶ᠎ᠠ | ᠪᠦᠬᠦᠢ ᠠᠮᠢ ᠠᠬᠤᠢ ᠶᠢᠨ ᠵᠠᠰᠠᠯᠲᠠ ᠶᠢᠨ ᠠᠵᠤ ᠦᠢᠯᠡᠰ᠂ ᠰᠠᠯᠬᠢᠨ ᠬᠦᠴᠦᠨ ᠤ ᠴᠠᠬᠢᠯᠭᠠᠨ ᠬᠡᠷᠡᠯ ᠸᠣᠯᠲ ᠢᠶᠠᠷ | ᠡᠯᠡᠰᠦ ᠶᠢ ᠵᠠᠰᠠᠬᠤ᠂ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠵᠡᠷᠭᠡ ᠬᠦᠷᠢᠶᠡᠨ ᠳᠤ 23 | ᠵᠦᠢᠯ ᠤᠨ ᠭᠡᠷ᠎ᠡ ᠲᠣᠭᠲᠠᠪᠠ︔ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠶᠢᠨ ᠥᠪᠥᠷ ᠮᠣᠩᠭᠤᠯ ᠤᠨ | ᠬᠤᠷᠢᠶ᠎ᠠ ᠭᠠᠷ ᠬᠤᠯᠪᠣᠨ ᠰᠤᠷᠤᠯᠴᠠᠬᠤ ᠲᠠᠯᠠᠢ ᠶᠢᠨ ᠠᠶᠠᠯᠠᠯ ᠤᠨ ᠣᠩᠭᠤᠴᠠ ᠶᠢᠨ ᠨᠡᠶᠢᠲᠡ ᠶᠢᠨ ᠠᠰᠠᠷᠠᠮᠵᠢ ᠶᠢᠨ | ᠰᠠᠭᠤᠷᠢ ᠮᠥᠩᠭᠦ ᠠᠴᠠ ᠮᠠᠨ ᠤ ᠣᠷᠣᠨ ᠤ ︽ᠤᠮᠠᠷᠠᠲᠤ ᠶᠢᠨ ᠭᠤᠷᠪᠠᠨ ᠣᠷᠣᠨ︾ ᠋ ᠤ ᠢᠨᠵᠧᠨᠧᠷᠢᠩ ᠤᠨ | ᠪᠠᠶᠢᠭ᠎ᠠ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠳᠤ 1613 ᠲᠦᠮᠡᠨ ᠲᠥᠭᠦᠷᠢᠭ ᠤᠨ ᠰᠤᠷᠭᠠᠨ ᠬᠥᠮᠦᠵᠢᠯ ᠤᠨ | ᠡᠳ᠋ ᠪᠣᠳᠠᠰ ᠬᠠᠨᠳᠢᠪᠯᠡᠪᠠ᠃ | ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ ᠪᠦᠬᠦ ᠣᠷᠣᠨ ᠤ | ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠯ ᠲᠣᠭᠲᠠᠨᠢᠯ ᠪᠠ ᠬᠥᠭᠵᠢᠯᠲᠡ ᠲᠠᠢ ᠬᠤᠯᠪᠣᠭᠳᠠᠬᠤ ᠪᠠᠷ | ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ᠂ ᠴᠢᠨᠠᠭᠰᠢᠯᠠᠪᠠᠯ | ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠃ ᠡᠯ᠎ᠡ ᠲᠠᠯ᠎ᠠ ᠶᠢᠨ ᠢᠳᠡᠪᠬᠢᠵᠢᠯ ᠢ | ᠳᠠᠶᠢᠴᠢᠯᠠᠬᠤ ᠶᠢᠨ ᠲᠥᠯᠥᠭᠡ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠤᠯ ᠤᠨ ᠨᠢᠭᠡᠳᠦᠮᠡᠯ ᠹᠷᠣᠨᠲ ᠨᠢ | ᠬᠠᠮᠵᠢᠯᠴᠠᠬᠤ ᠲᠣᠭᠲᠠᠴᠠ ᠶᠢ ᠪᠦᠷᠢᠯᠳᠦᠭᠦᠯᠵᠦ᠂ ᠬᠠᠮᠲᠤ ᠪᠠᠷ ᠬᠦᠴᠦᠯᠡᠵᠦ᠂ ᠣᠨᠢᠨ ᠳᠡᠭᠡᠷ᠎ᠡ ᠨᠢ ᠵᠣᠯᠭᠠᠭᠤᠯᠬᠤ ᠶᠢᠨ | ᠲᠥᠯᠥᠭᠡ᠂ ᠡᠨᠡ ᠵᠢᠯ ᠤᠨ 4 ᠳ᠋ᠦ᠋ᠭᠡᠷ ᠰᠠᠷ᠎ᠠ ᠳᠤ᠂ ᠳᠥᠷᠪᠡᠨ ᠭᠠᠵᠠᠷ ᠤᠨ ᠨᠢᠭᠡᠳᠦᠮᠡᠯ ᠹᠷᠣᠨᠲ ᠨᠢ ᠰᠢᠯᠢ ᠶᠢᠨ | ᠭᠤᠣᠯ ᠠᠶᠢᠮᠠᠭ ᠲᠤ ︽ᠤᠮᠠᠷᠠᠲᠦ ᠶᠢᠨ ᠭᠤᠷᠪᠠᠨ ᠤᠷᠤᠨ︾ ᠤ ᠢᠨᠵᠧᠨᠧᠷᠢᠩ ᠤᠨ ᠰᠢᠪᠲᠤᠯᠤᠯᠲᠠ ᠶᠢᠨ | ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠨ ᠨᠡᠮᠡᠷᠢᠯᠡᠬᠦ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ | ᠰᠥᠨᠥᠭᠡᠬᠦ ᠳᠠᠶᠢᠯᠠᠯᠳᠤᠭᠠᠨ ᠤ ᠲᠤᠬᠠᠢ ᠶᠢᠨ ᠲᠠᠯᠠᠪᠠᠶ ᠶᠢᠨ ᠬᠤᠷᠠᠯ ᠢ ᠠᠮᠵᠢᠯᠲᠠ ᠲᠠᠢ ᠡᠷᠭᠢᠯᠡᠪᠡ᠃ ᠲᠤᠰ | ᠤᠳᠠᠭ᠎ᠠ ᠶᠢᠨ ᠤᠬᠠᠭᠤᠯᠤᠨ ᠲᠠᠨᠢᠯᠴᠠᠭᠤᠯᠬᠤ ᠬᠤᠷᠠᠯ ᠪᠣᠯ ᠲᠤᠬᠠᠢ ᠶᠢᠨ ᠲᠠᠯᠠᠪᠠᠢ ᠶᠢᠨ ᠬᠤᠷᠠᠯ ᠤᠨ ᠳᠠᠷᠠᠭᠠᠬᠢ ᠪᠠᠰᠠ | ᠨᠢᠭᠡ ᠤᠳᠠᠭ᠎ᠠ ᠶᠢᠨ ᠲᠥᠪᠯᠡᠷᠡᠩᠭᠦᠢ ᠬᠦᠴᠦᠨ ᠪᠣᠯᠣᠨ᠎ᠠ᠂ ᠨᠢᠭᠡᠳᠦᠮᠡᠯ ᠹᠷᠣᠨᠲ ᠤᠨ ᠴᠢᠳᠠᠪᠤᠷᠢᠲᠠᠨ ᠴᠤᠭᠯᠠᠷᠠᠭᠰᠠᠨ᠂ | ᠤᠶᠤᠨ ᠤᠬᠠᠭᠠᠨ ᠲᠥᠪᠯᠡᠷᠡᠭᠰᠡᠨ᠂ ᠬᠠᠷᠢᠯᠴᠠᠭ᠎ᠠ ᠥᠷᠭᠡᠨ ᠳᠡᠯᠭᠡᠷ ᠵᠡᠷᠭᠡ ᠳᠠᠪᠠᠭᠤᠯᠢᠭ ᠢ ᠪᠠᠳᠠᠷᠠᠭᠤᠯᠵᠤ᠂ ᠤᠶᠤᠨ | ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠦᠨ ︽ᠤᠮᠠᠷᠠᠲᠦ ᠶᠢᠨ ᠭᠤᠷᠪᠠᠨ ᠤᠷᠤᠨ︾ ᠤ ᠢᠨᠵᠧᠨᠧᠷᠢᠩ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠨ ᠨᠡᠮᠡᠷᠢᠯᠡᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ | ᠪᠦᠬᠦᠢ ᠬᠠᠷᠢᠭᠤᠴᠠᠯᠭᠠᠲᠠᠨ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠴᠢᠨᠠᠷ ᠰᠠᠶᠢᠲᠠᠢ ᠥᠨᠳᠥᠷ ᠪᠦᠲᠦᠮᠵᠢᠲᠡᠶ | ᠦᠢᠯᠡᠴᠢᠯᠡᠭᠡ ᠬᠠᠩᠭᠠᠵᠤ᠂ ᠰᠠᠶᠢᠨ ᠰᠠᠶᠢᠬᠠᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠲᠣᠭᠤᠷᠢᠨ᠂ ᠪᠡᠯᠡ | ᠣᠷᠣᠭᠤᠯᠤᠯᠲᠠ ᠶᠢᠨ ᠣᠷᠴᠢᠨ ᠲᠣᠭᠤᠷᠢᠨ ᠢ ᠡᠭᠦᠳᠦᠨ ᠪᠠᠶᠢᠭᠤᠯᠵᠤ᠂ ᠡᠯ᠎ᠡ ᠲᠤᠰᠬᠠᠢ ᠮᠡᠷᠭᠡᠵᠢᠯᠲᠡᠨ ᠡᠷᠳᠡᠮᠲᠡᠨ᠂ | ᠠᠵᠤ ᠠᠬᠤᠶᠢᠯᠠᠯᠲᠠᠨ ᠢ ᠥᠪᠥᠷ ᠮᠣᠩᠭᠤᠯ ᠳᠤ ᠴᠤᠭᠯᠠᠷᠠᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠨᠢᠭᠡᠳᠦᠮᠡᠯ ᠹᠷᠣᠨᠲ ᠤᠨ ᠣᠶᠤᠨ | ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ | |