ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠨᠢᠭᠡᠳᠦᠭᠡᠷ ᠶᠡᠷᠦᠩᠬᠡᠢ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠡᠷᠢᠭᠦᠯᠡᠭᠴᠢ᠂ ᠶᠡᠷᠦᠩᠬᠡᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠸᠠᠩ ᠯᠢ ᠰᠢᠶᠠ ᠠᠴᠠ | ᠭᠠᠷ ᠤᠨ ᠦᠰᠦᠭ ᠵᠢᠷᠤᠵᠤ ᠪᠠᠭᠤᠯᠭᠠᠭᠰᠠᠨ 2024 ᠣᠨ ᠤ 3 ᠳ᠋ᠤᠭᠠᠷ ᠲᠣᠭᠠᠲᠤ ᠶᠡᠷᠦᠩᠬᠡᠢ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠵᠠᠷᠯᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ | ᠮᠥᠷᠡᠨ ᠨᠠᠭᠤᠷ ᠴᠥᠭᠦᠷᠥᠮ ᠤᠨ ︿ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ﹀ ᠶᠢ ᠡᠷᠬᠢᠨ ᠦᠵᠡᠬᠦ ᠵᠢᠴᠢ ︿ | ᠭᠤᠯᠳᠤᠷᠢᠯ ᠢ ᠴᠡᠪᠡᠷᠯᠡᠬᠦ ᠠᠵᠢᠯᠯᠠᠭ᠎ᠠ﹀ ᠶᠢᠨ ᠬᠡᠷᠡᠭᠵᠢᠭᠦᠯᠬᠦ ᠲᠥᠰᠥᠯ︾ ᠶᠣᠰᠣᠭᠠᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ 21 | ᠵᠤᠷᠪᠤᠰ ᠭᠤᠣᠯᠳᠠᠯᠭ᠎ᠠ ᠲᠠᠢ ᠭᠤᠣᠯ ᠮᠥᠷᠡᠨ ᠤ ︽ᠨᠢᠭᠡ ᠱᠤᠭᠤᠮ ᠬᠤᠶᠠᠷ ᠣᠷᠣᠨ︾ ︵ᠲᠠᠷᠢᠬᠤ ᠶᠢ ᠴᠠᠭᠠᠵᠠᠯᠠᠬᠤ | ᠱᠤᠭᠤᠮ᠂ ᠭᠤᠤᠯ ᠤᠨ ᠭᠤᠯᠳᠤᠷᠢᠯ ᠤᠨ ᠣᠷᠣᠨ᠂ ᠲᠠᠩ ᠭᠠᠵᠠᠷ︶ ᠤ ᠬᠠᠮᠢᠶᠠᠷᠤᠨ ᠡᠵᠡᠮᠳᠡᠬᠦ ᠬᠡᠪᠴᠢᠶ᠎ᠡ ᠶᠢ | ᠵᠠᠭᠠᠭᠯᠠᠨ ᠲᠣᠭᠲᠠᠭᠠᠬᠤ ᠠᠵᠢᠯ ᠢ ᠲᠦᠷᠭᠡᠳᠬᠡᠨ ᠠᠬᠢᠭᠤᠯᠪᠠ᠃ ︽ᠤᠷᠢᠳᠠᠪᠠᠷ ᠬᠢᠯᠪᠠᠷ ᠢ ᠨᠢ ᠳᠠᠷᠠᠭ᠎ᠠ ᠨᠢ | ᠬᠦᠴᠢᠷᠲᠡᠶ ᠶᠢ ᠨᠢ ᠬᠢᠬᠦ᠂ ᠪᠣᠯᠪᠠᠰᠤᠷᠠᠩᠭᠤᠶ ᠪᠣᠯᠪᠠᠯ ᠨᠢᠭᠡ ᠶᠢ ᠨᠤᠲᠠᠯᠠᠬᠤ︾ ᠵᠠᠷᠴᠢᠮ ᠢ ᠦᠨᠳᠦᠰᠦᠯᠡᠨ᠂ 10 | ᠳ᠋ᠤᠭᠠᠷ ᠰᠠᠷ᠎ᠠ ᠶᠢᠨ 28 ᠤ ᠡᠳᠦᠷ ᠠᠴᠠ 11 ᠳ᠋ᠦ᠋ᠭᠡᠷ ᠰᠠᠷ᠎ᠠ ᠶᠢᠨ 5 ᠤ ᠡᠳᠦᠷ ᠪᠣᠯᠲᠠᠯ᠎ᠠ᠂ ᠲᠠᠰ ᠳᠠᠷᠠᠭᠠᠯᠠᠨ | ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠬᠥᠯᠥᠨ ᠪᠤᠶᠢᠷ ᠬᠤᠲᠠ ᠵᠡᠷᠭᠡ 8 ᠠᠶᠢᠮᠠᠭ ᠬᠤᠲᠠ᠂ 40 | ᠬᠤᠰᠢᠭᠤ ᠰᠢᠶᠠᠨ ︵ᠲᠣᠭᠤᠷᠢᠭ︶ ᠢ ᠵᠣᠬᠢᠶᠠᠨ ᠪᠠᠶᠢᠭᠤᠯᠵᠤ᠂ ᠳᠠᠷᠢᠬᠤ ᠶᠢ ᠴᠠᠭᠠᠵᠠᠯᠠᠬᠤ ᠱᠤᠭᠤᠮ ᠤᠨ | ᠬᠡᠪᠴᠢᠶ᠎ᠡ ᠶᠢ ᠵᠠᠭᠠᠭᠯᠠᠨ ᠲᠣᠭᠲᠠᠭᠠᠭᠰᠠᠨ ᠮᠡᠷᠭᠡᠵᠢᠯ ᠤᠨ ᠦᠷ᠎ᠡ ᠪᠦᠲᠦᠭᠡᠯ ᠢ ᠳᠠᠬᠢᠨ ᠬᠢᠨᠠᠬᠤ ᠠᠵᠢᠯ ᠢ ᠥᠷᠨᠢᠭᠦᠯᠪᠡ᠃ | ᠲᠣᠰ ᠤᠳᠠᠭᠠᠨ ᠤ ᠬᠠᠮᠢᠶᠠᠷᠤᠨ ᠡᠵᠡᠮᠳᠡᠬᠦ ᠬᠡᠪᠴᠢᠶ᠎ᠡ ᠶᠢ ᠵᠠᠭᠠᠭᠯᠠᠨ ᠲᠣᠭᠲᠠᠭᠠᠬᠤ ᠠᠵᠢᠯ ᠨᠢ ᠦᠨᠳᠦᠰᠦᠨ | ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠪᠥᠬᠦ ᠶᠠᠪᠤᠴᠠ ᠶᠢ | ᠭᠦᠢᠴᠡᠳ ᠣᠷᠣᠯᠴᠠᠭᠤᠯᠵᠤ᠂ ᠥᠷᠭᠡᠨ ᠢᠶᠠᠷ ᠰᠠᠨᠠᠯ ᠬᠤᠷᠢᠶᠠᠵᠤ᠂ ᠭᠤᠤᠯᠳᠠᠯᠭ᠎ᠠ ᠲᠠᠢ ᠭᠤᠤᠯ ᠮᠥᠷᠡᠨ ᠤ ︽ᠨᠢᠭᠡ | ᠱᠤᠭᠤᠮ ᠬᠤᠶᠠᠷ ᠣᠷᠣᠨ︾ ᠤ ᠸᠧᠺᠲ᠋ᠣᠷ ᠲᠤᠭ᠎ᠠ ᠪᠠᠷᠢᠮᠲᠠ ᠶᠢ ᠰᠢᠯᠢᠳᠡᠭᠵᠢᠭᠦᠯᠦᠨ ᠳᠣᠭᠢᠷᠠᠭᠤᠯᠤᠨ᠎ᠠ᠃ ᠳᠠᠬᠢᠨ | ᠳᠠᠪᠲᠠᠨ ᠰᠤᠳᠤᠯᠤᠨ ᠶᠠᠷᠢᠯᠴᠠᠬᠤ ᠪᠠᠷ ᠳᠡᠮᠵᠢᠨ᠂ 21 ᠵᠤᠷᠪᠤᠰ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ | ᠭᠤᠤᠯ ᠮᠥᠷᠡᠨ ᠤ ︽ᠨᠢᠭᠡ ᠱᠤᠭᠤᠮ ᠬᠤᠶᠠᠷ ᠣᠷᠣᠨ︾ ᠤ ᠠᠩᠬ᠎ᠠ ᠠᠯᠬᠤᠮ ᠤᠨ ᠦᠷ᠎ᠡ ᠪᠦᠲᠦᠭᠡᠯ ᠢ | ᠦᠨᠳᠦᠰᠦᠨ ᠳᠡᠭᠡᠨ ᠪᠡᠶᠡᠯᠡᠭᠦᠯᠵᠦ᠂ ᠲᠠᠷᠠᠭᠠᠴᠢ ᠶᠢᠨ ᠠᠯᠬᠤᠮ ᠳᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠳᠤ | ᠰᠠᠭᠤᠷᠢ ᠲᠠᠯᠪᠢᠪᠠ᠃ | |