ᠰᠤᠪᠨᠠᠭᠤᠷ 20 ᠵᠢᠯ ᠳᠠᠷᠠᠭᠠᠯᠠᠨ ᠬᠠᠲᠠᠭᠰᠠᠨ ᠦᠭᠡᠢ
ᠨᠡᠶᠢᠲᠡᠯᠡᠭᠰᠡᠨ ᠴᠠᠭ᠄
2024/12/10
  ᠰᠤᠷᠪᠤᠯᠵᠢᠯᠠᠭᠴᠢ ᠡᠵᠡᠨ᠎ᠡ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶᠠᠨ ᠠᠴᠠ ᠣᠶᠢᠯᠭᠠᠭᠰᠠᠨ ᠢᠶᠠᠷ᠂ ᠤᠶᠢᠷ᠎ᠠ ᠳᠤ᠂ ᠡᠵᠡᠨ᠎ᠡ ᠭᠤᠣᠯ ᠤᠨ ᠤᠷᠤᠰᠬᠠᠯ ᠤᠨ 2023 — 2024 ᠣᠨ ᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠲᠡᠭᠦᠰ ᠠᠮᠵᠢᠯᠲᠠ ᠲᠠᠢ ᠳᠠᠭᠤᠰᠬᠤ ᠶᠢ ᠳᠠᠭᠠᠯᠳᠤᠨ᠂ ᠡᠵᠡᠨ᠎ᠡ ᠬᠤᠰᠢᠭᠤᠨ ᠤ ᠰᠤᠪᠨᠠᠭᠤᠷ ᠤᠨ ᠤᠰᠤᠨ ᠤ ᠬᠡᠮᠵᠢᠶ᠎ᠡ ᠪᠦᠲᠦᠮᠵᠢᠲᠡᠢ ᠨᠥᠬᠦᠪᠥᠷᠢ ᠣᠯᠪᠠ᠃ ᠣᠳᠣᠬᠠᠨ ᠳᠤ᠂ ᠪᠠᠷᠠᠭᠤᠨ ᠲᠠᠯ᠎ᠠ ᠶᠢᠨ ᠨᠠᠭᠤᠷ ᠤᠨ ᠤᠰᠤᠨ ᠭᠠᠳᠠᠷᠭᠤ ᠶᠢᠨ ᠲᠠᠯᠠᠪᠠᠢ 37.6 ᠲᠡᠭᠰᠢ ᠳᠥᠷᠪᠡᠯᠵᠢᠨ ᠮᠧᠲᠷ ᠪᠠᠶᠢᠵᠤ᠂ ᠬᠠᠳᠠᠭᠠᠯᠠᠯᠲᠠ ᠶᠢᠨ ᠬᠡᠮᠵᠢᠶ᠎ᠡ 4370 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ 20 ᠵᠢᠯ ᠳᠠᠷᠠᠭᠠᠯᠠᠨ ᠰᠢᠷᠭᠢᠬᠦ ᠥᠬᠡᠶ ᠪᠠᠶᠢᠬᠤ ᠶᠢ ᠪᠡᠶᠡᠯᠡᠭᠦᠯᠵᠦ᠂ ᠡᠵᠡᠨ᠎ᠡ ᠶᠢᠨ ᠨᠣᠭᠤᠭᠠᠨ ᠪᠦᠷᠢᠳᠦ ᠶᠢᠨ ᠠᠮᠢ ᠠᠬᠤᠶ ᠦᠷᠭᠦᠯᠵᠢᠯᠡᠨ ᠰᠠᠶᠢᠵᠢᠷᠠᠪᠠ᠃  ᠣᠶᠢᠯᠠᠭᠠᠭᠰᠠᠨ ᠢᠶᠠᠷ᠂ ᠡᠨᠡ ᠵᠢᠯ ᠤᠨ ᠱᠤᠤ ᠮᠠ ᠶᠢᠩ ᠤᠰᠤᠨ ᠰᠢᠨᠵᠢᠯᠡᠭᠡᠨ ᠤ ᠥᠷᠲᠡᠭᠡ ᠶᠢᠨ ᠬᠢᠨᠠᠨ ᠬᠡᠮᠵᠢᠯᠲᠡ ᠶᠢᠨ ᠣᠭᠲᠣᠯᠤᠭᠠᠰᠤ ᠨᠢ ᠨᠡᠶᠢᠲᠡ 69661 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ 2023 ᠣᠨ ᠤ ᠠᠳᠠᠯᠢ ᠬᠤᠭᠤᠴᠠᠭᠠᠨ ᠤ ᠬᠢ ᠠᠴᠠ 17986 ᠲᠦᠮᠡᠨ ᠪᠣᠰᠤᠭ᠎ᠠ ᠳᠥᠷᠪᠡᠯᠵᠢᠨ ᠮᠧᠲᠷ ᠢᠯᠡᠭᠦᠤ ᠪᠠᠶᠢᠵᠤ᠂ 34.81% ᠨᠡᠮᠡᠭᠳᠡᠪᠡ︔ ᠪᠠᠶᠠᠨᠪᠤᠭᠳᠠ ︵ᠯᠠᠩ ᠰᠢᠨ ᠱᠠᠨ ᠠᠭᠤᠯᠠ︶ ᠶᠢᠨ ᠤᠰᠤᠨ ᠵᠦᠶ ᠶᠢᠨ ᠣᠭᠲᠣᠯᠤᠭᠠᠰᠤ ᠨᠢ ᠨᠡᠶᠢᠲᠡ ᠬᠢᠯᠢ ᠪᠠᠷ ᠣᠷᠣᠵᠤ ᠢᠷᠡᠭᠰᠡᠨ ᠤᠰᠤᠨ ᠤ ᠬᠡᠮᠵᠢᠶ᠎ᠡ 59143 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ 2023 ᠣᠨ ᠤ ᠠᠳᠠᠯᠢ ᠬᠤᠭᠤᠴᠠᠭᠠᠨ ᠤ ᠬᠢ ᠠᠴᠠ 17582 ᠲᠦᠮᠡᠨ ᠪᠣᠰᠤᠭ᠎ᠠ ᠳᠥᠷᠪᠡᠯᠵᠢᠨ ᠮᠧᠲᠷ ᠢᠯᠡᠭᠦᠤ ᠨᠡᠮᠡᠭᠳᠡᠵᠡᠢ︔ ᠨᠡᠶᠢᠲᠡ 44.811 ᠲᠦᠮᠡᠨ ᠮᠥ ᠤᠰᠤᠯᠠᠵᠤ᠂ ᠨᠢᠳᠤᠨᠤᠨ ᠤ ᠬᠢ ᠠᠴᠠ 7.181 ᠲᠦᠮᠡᠨ ᠮᠥ ᠨᠡᠮᠡᠭᠳᠡᠪᠡ᠃  2023 — 2024 ᠣᠨ ᠪᠣᠯᠲᠠᠯ᠎ᠠ 5 ᠤᠳᠠᠭ᠎ᠠ ᠲᠣᠬᠢᠷᠠᠭᠤᠯᠵᠤ᠂ ᠰᠤᠪᠨᠠᠭᠤᠷ ᠤᠨ ᠤᠰᠤ ᠨᠥᠬᠦᠪᠥᠷᠢᠯᠡᠬᠦ ᠬᠡᠮᠵᠢᠶ᠎ᠡ 0.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠦᠷᠪᠡ᠂ ᠡᠭᠦᠨ ᠳᠤ ︽ᠡᠪᠦᠯ ᠬᠠᠪᠤᠷ ᠤᠨ ᠤᠰᠤ ᠶᠢ ᠵᠠᠯᠭᠠᠪᠠᠷ ᠪᠠᠷ ᠲᠤᠬᠢᠷᠠᠭᠤᠯᠬᠤ︾ 3 ᠤᠳᠠᠭ᠎ᠠ ᠰᠤᠪᠨᠠᠭᠤᠷ ᠲᠤ ᠤᠰᠤ ᠳᠠᠮᠵᠢᠭᠤᠯᠤᠨ 0.4 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠬᠦᠷᠭᠡᠵᠦ᠂ ᠰᠤᠪᠨᠠᠭᠤᠷ ᠲᠤ ᠵᠠᠯᠭᠠᠭ᠎ᠠ ᠪᠠᠷ 20 ᠵᠢᠯ ᠳᠠᠷᠠᠭᠠᠯᠠᠨ ᠬᠠᠲᠠᠬᠤ ᠦᠭᠡᠢ ᠪᠠᠶᠢᠬᠤ ᠤᠰᠤᠨ ᠤ ᠬᠡᠮᠵᠢᠶ᠎ᠡ ᠶᠢᠨ ᠴᠢᠬᠤᠯᠠ ᠪᠠᠲᠤᠯᠠᠭ᠎ᠠ ᠶᠢ ᠬᠠᠩᠭᠠᠭᠰᠠᠨ ᠪᠠᠶᠢᠨ᠎ᠠ᠃  ᠡᠨᠡ ᠵᠢᠯ ᠠᠴᠠ ᠨᠠᠭᠠᠰᠢ᠂ ᠡᠵᠡᠨ᠎ᠡ ᠬᠤᠰᠢᠭᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠤᠰᠤ ᠲᠠᠲᠠᠵᠤ ᠤᠰᠤ ᠬᠡᠷᠡᠭᠯᠡᠬᠦ ᠬᠠᠷᠠᠯᠲᠠᠲᠤ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ ᠵᠠᠷᠯᠢᠭ ᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠤ ᠪᠠᠶᠢᠳᠠᠯ ᠤᠨ ᠮᠡᠳᠡᠭᠡ ᠵᠠᠩᠭᠢ ᠶᠢ ᠬᠠᠷᠢᠯᠴᠠᠨ ᠨᠡᠪᠲᠡᠷᠡᠯᠴᠡᠵᠦ᠂ ᠪᠥᠬᠦ ᠰᠠᠪᠠ ᠭᠠᠵᠠᠷ ᠤᠨ ᠨᠢᠭᠡᠳᠦᠯᠲᠡᠶ ᠲᠣᠬᠢᠷᠠᠭᠤᠯᠤᠯᠲᠠ ᠶᠢ ᠴᠢᠩᠭᠠᠳᠬᠠᠪᠠ᠃ ᠵᠠᠩᠭᠢᠯᠠᠭ᠎ᠠ ᠶᠢᠨ ᠲᠣᠬᠢᠷᠠᠭᠤᠯᠬᠤ ᠬᠤᠭᠤᠴᠠᠭᠠᠨ ᠳᠤ᠂ ᠬᠠᠲᠤᠨ ᠭᠤᠤᠯ ᠤᠨ ᠬᠤᠸᠠᠩ ᠽᠠᠩ ᠱᠢ ᠤᠰᠤᠨ ᠠᠰᠢᠭᠯᠠᠯᠲᠠ ᠶᠢᠨ ᠬᠦᠢᠰᠦ ᠢᠨᠵᠧᠨᠧᠷᠢᠩ ᠢ ᠠᠩᠬ᠎ᠠ ᠤᠳᠠᠭ᠎ᠠ ᠬᠡᠷᠡᠭᠯᠡᠨ ᠲᠥᠪᠯᠡᠷᠡᠭᠦᠯᠦᠨ ᠤᠰᠤ ᠲᠣᠬᠢᠷᠠᠭᠤᠯᠬᠤ ᠶᠢ ᠬᠡᠷᠡᠭᠵᠢᠭᠦᠯᠵᠦ᠂ ᠪᠥᠬᠦ ᠱᠤᠭᠤᠮ ᠢᠶᠠᠷ ᠪᠢᠲᠡᠭᠦᠮᠵᠢᠯᠡᠬᠦ ᠠᠷᠭ᠎ᠠ ᠬᠡᠮᠵᠢᠶ᠎ᠡ ᠠᠪᠴᠤ᠂ ᠡᠵᠡᠨ᠎ᠡ ᠭᠤᠤᠯ ᠤᠨ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠨᠠᠩ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠪᠠᠷ ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃  ︽ᠡᠵᠡᠨ᠎ᠡ ᠬᠤᠰᠢᠭᠤ ᠤᠰᠤᠨ ᠤ ᠬᠡᠮᠵᠢᠶ᠎ᠡ ᠶᠢ ᠬᠥᠳᠡᠯᠦᠩᠭᠦᠶ ᠪᠠᠷ ᠳᠣᠭᠢᠷᠠᠭᠤᠯᠬᠤ ᠶᠢ ᠨᠠᠷᠢᠯᠢᠭ ᠣᠨᠣᠴᠠᠲᠠᠶ ᠪᠠᠷ ᠬᠡᠷᠡᠭᠵᠢᠭᠦᠯᠵᠦ᠂ ︿ᠤᠰᠤ ᠲᠥᠪᠯᠡᠷᠡᠭᠦᠯᠬᠦ᠂ ᠣᠷᠣᠨ ᠬᠤᠪᠢᠶᠠᠨ ᠡᠭᠡᠯᠵᠢᠯᠡᠨ ᠤᠰᠤᠯᠠᠬᠤ﹀ ᠵᠡᠷᠭᠡ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠠᠷᠭ᠎ᠠ ᠬᠡᠮᠵᠢᠶ᠎ᠡ ᠠᠪᠴᠤ᠂ ᠪᠠᠶᠢᠭᠠᠯᠢ ᠶᠢᠨ ᠣᠶ ᠰᠢᠭᠤᠶ ᠨᠤᠲᠤᠭ ᠪᠡᠯᠴᠢᠭᠡᠷ ᠤᠨ ᠤᠰᠤᠯᠠᠯᠲᠠ ᠶᠢ ᠪᠦᠲᠦᠮᠵᠢᠲᠡᠶ ᠪᠠᠲᠤᠯᠠᠵᠤ᠂ ᠡᠵᠡᠨ᠎ᠡ ᠭᠤᠣᠯ ᠤᠨ ᠤᠰᠤᠨ ᠤ ᠠᠮᠢ ᠠᠬᠤᠶ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠂ ᠪᠠᠷᠠᠭᠤᠨ ᠭᠤᠤᠯ ᠱᠤᠭᠤᠮ ᠤᠨ ᠬᠤᠶᠠᠷ ᠤᠳᠠᠭ᠎ᠠ ᠪᠥᠬᠦ ᠱᠤᠭᠤᠮ ᠢᠶᠠᠷ ᠥᠩᠭᠡᠷᠡᠬᠦ ᠶᠢ ᠪᠡᠶᠡᠯᠡᠭᠦᠯᠵᠦ᠂ ᠡᠵᠡᠨ᠎ᠡ ᠭᠤᠤᠯ ᠤᠨ ᠤᠰᠤ ᠲᠠᠲᠠᠬᠤ ᠵᠢᠴᠢ ᠡᠵᠢ ᠭᠤᠤᠯ ᠤᠨ ᠰᠡᠷᠭᠦᠭᠡᠯᠲᠡ ᠶᠢᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ︾ ᠭᠡᠵᠡᠶ᠃ ᠡᠵᠡᠨ᠎ᠡ ᠭᠤᠣᠯ ᠤᠨ ᠡᠵᠡᠨ᠎ᠡ ᠶᠢᠨ ᠤᠰᠤᠯᠠᠯᠲᠠ ᠶᠢᠨ ᠣᠷᠣᠨ ᠤ ᠤᠰᠤ ᠠᠰᠢᠭᠯᠠᠯᠲᠠ ᠶᠢᠨ ᠬᠦᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠵᠠᠩ ᠱᠤᠤ ᠮᠢᠩ ᠬᠡᠯᠡᠪᠡ᠃  ︵︽ᠥᠪᠥᠷ ᠮᠣᠩᠭᠤᠯ ᠤᠨ ᠡᠳᠦᠷ ᠤᠨ ᠰᠣᠨᠢᠨ︾ ᠠᠴᠠ ᠰᠢᠯᠵᠢᠭᠦᠯᠪᠡ  ᠰᠤᠷᠪᠤᠯᠵᠢᠯᠠᠭᠴᠢ ᠯᠢᠦ ᠬᠤᠩ ᠵᠠᠩ   ᠳᠠᠳᠤᠯᠭ᠎ᠠ ᠶᠢᠨ ᠰᠤᠷᠤᠭᠴᠢ ᠯᠢᠦ ᠱᠠᠨ︶ 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号