ᠭᠠᠵᠠᠷ ᠳᠤᠤᠷᠠᠬᠢ ᠤᠰᠤᠨ ᠳᠠᠷᠤᠯᠲᠠ ᠶᠢᠨ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠳᠤ ᠣᠯᠠᠨ ᠲᠠᠯ᠎ᠠ ᠪᠠᠷ ᠬᠦᠴᠦᠯᠡᠨ᠎ᠡ — ᠥᠪᠥᠷ ᠮᠣᠩᠭᠤᠯ ᠤᠨ ᠣᠲᠤᠭ ᠤᠨ ᠡᠮᠦᠨᠡᠲᠦ ᠬᠤᠰᠢᠭᠤ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠪᠡ
ᠨᠡᠶᠢᠲᠡᠯᠡᠭᠰᠡᠨ ᠴᠠᠭ᠄
2024/12/13
  ᠠᠳᠡᠬᠢ ᠪᠠᠶᠢᠭᠠᠯᠢ ᠶᠢᠨ ᠥᠩᠭᠡ ᠦᠵᠡᠮᠵᠢ ᠭᠤᠶᠤ ᠰᠠᠶᠢᠬᠠᠨ ᠂ ᠰᠣᠶᠣᠯ ᠤᠨ ᠰᠠᠭᠤᠷᠢ ᠭᠦᠨ ᠵᠤᠵᠠᠭᠠᠨ ᠂ ᠦᠨᠳᠦᠰᠦᠲᠡᠨ ᠤ ᠵᠠᠩ ᠠᠭᠠᠯᠢ ᠭᠦᠨ ᠵᠤᠵᠠᠭᠠᠨ ᠂ ᠠᠵᠤ ᠦᠢᠯᠡᠰ ᠤᠨ ᠬᠥᠭᠵᠢᠯᠲᠡ ᠬᠦᠴᠦᠷᠬᠡᠭ ᠶᠡᠭᠡ ᠪᠠᠶᠢᠨ᠎ᠠ ᠃ ᠳᠤᠮᠳᠠᠳᠤ ᠤᠯᠤᠰ ᠤᠨ ᠪᠣᠬᠢᠷᠲᠤᠯ ᠦᠭᠡᠢ ᠨᠡᠷᠡᠲᠦ ᠬᠤᠰᠢᠭᠤ ᠂ ᠤᠯᠤᠰ ᠤᠨ ᠴᠡᠴᠡᠷᠯᠢᠭᠲᠦ ᠰᠢᠶᠠᠨ ᠤ ᠬᠤᠲᠠ ᠂ ᠳᠤᠮᠳᠠᠳᠤ ᠤᠯᠤᠰ ᠤᠨ ᠬᠠᠮᠤᠭ ᠤᠨ ᠰᠠᠶᠢᠨ ᠰᠡᠯᠡᠭᠦᠴᠡᠯ ᠤᠨ ᠵᠢᠭᠤᠯᠴᠢᠯᠠᠯ ᠤᠨ ᠵᠣᠷᠢᠭᠰᠠᠨ ᠭᠠᠵᠠᠷ ᠪᠣᠯ ᠲᠡᠭᠦᠨ ᠤ ᠲᠤᠰᠬᠠᠶ ᠨᠡᠷ᠎ᠡ ᠶᠢᠨ ᠬᠠᠭᠤᠳᠠᠰᠤ ᠮᠥᠨ︔ ᠮᠤᠤᠠᠤᠰᠤ ᠶᠢᠨ ᠡᠯᠡᠰᠦᠷᠬᠡᠭ ᠭᠠᠵᠠᠷ ᠲᠤ ᠪᠠᠶᠢᠷᠢᠯᠠᠵᠤ ᠂ ᠵᠢᠯ ᠲᠤᠷᠰᠢ ᠭᠠᠩ ᠬᠠᠭᠤᠷᠠᠶ ᠪᠣᠷᠣᠭᠠᠨ ᠪᠠᠭ᠎ᠠ ᠪᠠᠶᠢᠵᠤ ᠂ ᠤᠰᠤᠨ ᠤ ᠡᠬᠢ ᠪᠠᠶᠠᠯᠢᠭ ᠤᠨ ᠲᠠᠷᠬᠠᠯᠲᠠ ᠲᠡᠭᠰᠢ ᠪᠤᠰᠤ ᠂ ᠠᠮᠢ ᠠᠬᠤᠶ ᠶᠢᠨ ᠣᠷᠴᠢᠨ ᠲᠣᠭᠤᠷᠢᠨ ᠬᠡᠪᠡᠷᠡᠭ ᠪᠠᠶᠢᠵᠤ ᠂ ᠮᠥᠨ ᠴᠦ ᠲᠡᠭᠦᠨ ᠤ ᠪᠠᠯᠠᠯᠵᠤ ᠳᠡᠶᠢᠯᠬᠦ ᠦᠭᠡᠢ ᠲᠡᠮᠳᠡᠭ ᠪᠣᠯᠣᠨ᠎ᠠ ᠃ ᠡᠨᠡ ᠪᠤᠯ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ︽ᠪᠠᠷᠠᠭᠤᠨ ᠡᠮᠤᠨᠡᠳᠤ ᠤᠷᠤᠨ ᠤ ᠶᠡᠭᠡ ᠬᠠᠭᠠᠯᠭ᠎ᠠ︾ ᠬᠡᠬᠦ ᠨᠡᠷ᠎ᠠ ᠲᠠᠢ ᠤᠷᠳᠤᠰ ᠬᠤᠳᠠ ᠶᠢᠨ ᠤᠳᠤᠭ ᠤᠨ ᠡᠮᠤᠨᠡᠳᠤ ᠬᠤᠰᠢᠭᠤ ᠪᠤᠯᠤᠨ᠎ᠠ ᠃ ᠥᠩᠭᠡᠷᠡᠭᠰᠡᠨ ᠳᠤ ︽ᠤᠰᠤᠨ ᠳᠤ ᠬᠢᠵᠠᠭᠠᠷᠯᠠᠭᠳᠠᠵᠤ︾ ᠪᠠᠶᠢᠭᠰᠠᠨ ᠠᠴᠠ ᠪᠠᠨ ᠣᠲᠣ ᠪᠣᠯᠬᠤ ᠳᠤ ︽ᠤᠰᠤ ᠶᠢ ᠵᠠᠰᠠᠬᠤ ᠳᠤ ᠠᠷᠭ᠎ᠠ ᠲᠠᠢ︾ ᠪᠣᠯᠵᠤ ᠂ ᠣᠲᠤᠭ ᠤᠨ ᠡᠮᠦᠨᠡᠲᠦ ᠬᠤᠰᠢᠭᠤᠨ ᠤ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ ᠃  ᠭᠠᠵᠠᠷ ᠲᠣᠣᠷᠠᠬᠢ ᠣᠰᠣᠨ ᠤ ᠲᠣᠷᠣᠭᠰᠢᠯᠠᠯᠳᠠ  ᠤᠳᠤᠭ ᠤᠨ ᠡᠮᠤᠨᠡᠳᠤ ᠬᠤᠰᠢᠭᠤᠨ ᠤ ᠬᠢᠵᠠᠭᠠᠷ ᠲᠤᠳᠤᠷᠠᠬᠢ ᠤᠰᠤᠨ ᠤ ᠡᠬᠢ ᠪᠠᠶᠠᠯᠢᠭ ᠤᠨ ᠶᠡᠷᠤᠩᠬᠡᠢ ᠬᠡᠮᠵᠢᠶ᠎ᠡ ᠨᠢ 3.49 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠪᠠᠶᠢᠵᠤ ᠂ ᠡᠬᠦᠨ ᠳᠤ ᠭᠠᠵᠠᠷ ᠳᠤᠤᠷᠠᠬᠢ ᠤᠰᠤᠨ ᠤ ᠡᠬᠢ ᠪᠠᠶᠠᠯᠢᠭ ᠤᠨ ᠶᠡᠷᠤᠩᠬᠡᠢ ᠬᠡᠮᠵᠢᠶ᠎ᠡ ᠨᠢ 3.21 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠪᠠᠶᠢᠵᠤ ᠂ 92% ᠢ ᠡᠵᠡᠯᠡᠵᠤ ᠪᠤᠢ ᠃ ᠪᠥᠬᠦ ᠬᠤᠰᠢᠭᠤᠨ ᠤ ᠵᠣᠩᠬᠢᠯᠠᠬᠤ ᠣᠯᠠᠨ ᠲᠣᠭᠠᠨ ᠤ ᠭᠠᠵᠠᠷ ᠣᠷᠣᠨ ᠤ ᠥᠩᠭᠡᠷᠡᠭᠰᠡᠨ ᠤ ᠭᠤᠤᠯ ᠪᠣᠯᠬᠤ ᠤᠰᠤᠨ ᠤ ᠡᠬᠢ ᠰᠤᠷᠪᠤᠯᠵᠢ ᠨᠢ ᠴᠢᠨᠠᠭᠰᠢᠯᠠᠪᠠᠯ ᠴᠤᠷ ᠤᠨ ᠭᠠᠭᠴᠠ ᠤᠰᠤᠨ ᠤ ᠡᠬᠢ ᠰᠤᠷᠪᠤᠯᠵᠢ ᠪᠠᠶᠢᠵᠤ ᠂ ᠭᠠᠵᠠᠷ ᠳᠣᠤᠷᠠᠬᠢ ᠤᠰᠤ ᠨᠢ ᠠᠷᠠᠳ ᠤᠨ ᠠᠮᠢᠳᠤᠷᠠᠯ ᠢ ᠪᠠᠲᠤᠯᠠᠬᠤ ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠵᠦ ᠪᠠᠶᠢᠨ᠎ᠠ ᠃  ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ ᠂ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠲᠦᠷᠭᠡᠨ ᠨᠡᠮᠡᠭᠳᠡᠵᠦ ᠂ ᠵᠠᠷᠢᠮ ᠭᠠᠵᠠᠷ ᠣᠷᠣᠨ ᠨᠢ ︽ᠳᠡᠭᠡᠷᠡᠮᠳᠡᠯᠭᠡ ᠶᠢᠨ ᠮᠠᠶ᠋ᠢᠭ︾ ᠤᠨ ᠨᠡᠭᠡᠭᠡᠨ ᠮᠠᠯᠲᠠᠬᠤ ᠪᠠᠶᠢᠳᠠᠯ ᠲᠠᠢ ᠪᠣᠯᠣᠭᠠᠳ ᠭᠠᠵᠠᠷ ᠳᠣᠤᠷᠠᠬᠢ ᠤᠰᠤ ᠶᠢ ᠬᠦᠨᠳᠦ ᠨᠣᠴᠢᠲᠠᠶ ᠬᠡᠳᠦ ᠮᠠᠯᠲᠠᠵᠤ ᠂ ᠣᠷᠣᠨ ᠪᠦᠰᠡ ᠶᠢᠨ ᠭᠠᠵᠠᠷ ᠳᠣᠤᠷᠠᠬᠢ ᠤᠰᠤᠨ ᠤ ᠲᠦᠪᠰᠢᠨ ᠦᠷᠭᠦᠯᠵᠢᠯᠡᠨ ᠳᠣᠷᠣᠭᠰᠢᠯᠠᠪᠠ ᠃ ᠬᠡᠲᠦᠷᠡᠲᠡᠯ᠎ᠡ ᠮᠠᠯᠲᠠᠭᠰᠠᠨ ᠣᠷᠣᠨ ᠢ ᠵᠠᠰᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ ᠃  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠣᠷᠠᠬᠢ ᠤᠰᠤ ᠶᠢ ᠬᠠᠮᠠᠭᠠᠯᠠᠬᠤ ᠠᠵᠢᠯᠯᠠᠭ᠎ᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠣᠰᠣᠨ ᠤ ᠡᠬᠢ ᠰᠣᠷᠪᠣᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠵᠢᠴᠢ ᠦᠪᠡᠷᠲᠡᠭᠡᠨ ᠵᠠᠰᠠᠬᠤ ᠣᠷᠣᠨ ᠂ ᠣᠷᠳᠣᠰ ᠬᠤᠲᠠ ᠶᠢᠨ ᠭᠠᠵᠠᠷ ᠳᠣᠣᠷᠠᠬᠢ ᠣᠰᠣᠨ ᠤ ᠬᠡᠲᠦ ᠮᠠᠯᠲᠠᠯᠲᠠ ᠶᠢᠨ ᠣᠷᠣᠨ ᠤ ᠵᠠᠰᠠᠯᠲᠠ ᠶᠢᠨ ᠱᠠᠭᠠᠷᠳᠠᠯᠭ᠎ᠠ ᠶᠤᠰᠤᠭᠠᠷ ᠂ ᠣᠲᠤᠭ ᠤᠨ ᠡᠮᠦᠨᠡᠲᠦ ᠬᠤᠰᠢᠭᠤ ︽ᠣᠲᠤᠭ ᠤᠨ ᠡᠮᠦᠨᠡᠲᠦ ᠬᠤᠰᠢᠭᠤᠨ ᠤ ᠭᠠᠵᠠᠷ ᠳᠣᠣᠷᠠᠬᠢ ᠣᠰᠣᠨ ᠤ ᠬᠡᠲᠦ ᠠᠰᠢᠭᠯᠠᠯᠲᠠ ᠶᠢᠨ ᠣᠷᠣᠨ ᠤ ᠵᠠᠰᠠᠯᠲᠠ ᠶᠢᠨ ᠲᠦᠰᠦᠯ︾ ᠢ ᠲᠣᠭᠲᠠᠭᠠᠵᠤ ᠂ ᠣᠰᠣᠨ ᠤ ᠡᠬᠢ ᠰᠣᠷᠪᠣᠯᠵᠢ ᠶᠢᠨ ᠬᠤᠳᠳᠤᠭ ᠪᠠ ᠤᠰᠤᠯᠠᠯᠲᠠ ᠶᠢᠨ ᠮᠠᠰᠢᠨ ᠬᠤᠳᠳᠤᠭ ᠢ ᠢᠳᠡᠪᠬᠢᠲᠡᠢ ᠪᠠᠷ ᠪᠢᠳᠡᠭᠦᠮᠵᠢᠯᠡᠬᠦ ᠂ ᠭᠠᠵᠠᠷ ᠳᠣᠣᠷᠠᠬᠢ ᠣᠰᠤ ᠠᠴᠠ ᠣᠰᠣ ᠠᠪᠬᠤ ᠵᠦᠪᠰᠢᠶᠡᠷᠡᠯ ᠤᠨ ᠬᠢᠨᠠᠨ ᠵᠦᠪᠰᠢᠶᠡᠷᠡᠯ ᠢ ᠴᠢᠩᠭᠠᠳᠬᠠᠬᠤ ᠂ ᠦᠨᠳᠦᠷ ᠪᠦᠲᠦᠮᠵᠢᠲᠡᠢ ᠣᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠪᠦᠬᠦ ᠲᠠᠯ᠎ᠠ ᠪᠠᠷ ᠳᠡᠯᠭᠡᠷᠡᠬᠦᠯᠬᠦ ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠣᠮᠳᠠᠬᠢ ᠬᠡᠰᠡᠭ ᠰᠠᠭᠤᠭᠠᠯᠢ ᠠᠷᠠᠳ ᠢ ᠲᠦᠪᠯᠡᠷᠡᠭᠦᠯᠦᠨ ᠨᠡᠭᠦᠯᠭᠡᠬᠦ ᠂ ᠣᠰᠣᠨ ᠤ ᠡᠬᠢ ᠰᠣᠷᠪᠣᠯᠵᠢ ᠶᠢ ᠰᠣᠯᠢᠬᠤ ᠵᠢᠴᠢ ᠬᠢᠨᠠᠯᠲᠠ ᠬᠠᠮᠢᠶᠠᠷᠣᠯᠲᠠ ᠪᠠᠨ ᠴᠢᠩᠭᠠᠳᠬᠠᠬᠤ ᠵᠡᠷᠭᠡ ᠠᠷᠭ᠎ᠠ ᠠᠪᠴᠠᠯ ᠢᠶᠠᠷ ᠳᠠᠮᠵᠢᠨ ᠂ ᠭᠠᠵᠠᠷ ᠳᠣᠣᠷᠠᠬᠢ ᠣᠰᠣ ᠶᠢ ᠬᠡᠳᠣᠷᠬᠡᠢ ᠠᠰᠢᠭᠯᠠᠭᠰᠠᠨ ᠪᠠᠶᠢᠳᠠᠯ ᠢ ᠪᠦᠲᠦᠮᠵᠢᠲᠡᠢ ᠬᠤᠷᠢᠭᠯᠠᠵᠤ ᠂ ᠣᠰᠣᠨ ᠲᠦᠪᠰᠢᠨ ᠵᠢᠯ ᠳᠠᠷᠠᠭᠠᠯᠠᠨ ᠳᠡᠭᠡᠭᠰᠢᠯᠡᠨ ᠂ ᠬᠡᠲᠦ ᠮᠠᠯᠲᠠᠭᠰᠠᠨ ᠣᠷᠣᠨ ᠢ ᠵᠠᠰᠠᠬᠤ ᠠᠵᠢᠯ ᠢᠯᠡᠳᠲᠡ ᠠᠮᠵᠢᠯᠲᠠ ᠣᠯᠪᠠ ᠃  ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠲᠤᠬᠢᠷᠠᠭᠤᠯᠤᠯᠲᠠ ᠶᠢ ᠲᠠᠭᠠᠯᠳᠤᠨ ᠂ ᠤᠳᠤᠭ ᠤᠨ ᠡᠮᠤᠨᠡᠳᠤ ᠬᠤᠰᠢᠭᠤᠨ ᠤ ᠬᠡᠰᠡᠭ ᠤᠰᠤᠯᠠᠯᠳᠠ ᠶᠢᠨ ᠳᠠᠯᠠᠪᠠᠢ ᠶᠢᠨ ᠰᠡᠷᠬᠦᠯᠳᠡ ᠨᠢ ᠤᠰᠤᠯᠠᠯᠳᠠ ᠳᠤ ᠬᠡᠷᠡᠭᠯᠡᠬᠦ ᠤᠰᠤᠨ ᠤ ᠬᠡᠮᠵᠢᠶ᠎ᠡ ᠦᠷᠬᠦᠯᠵᠢᠯᠡᠨ ᠨᠡᠮᠡᠭᠳᠡᠵᠤ ᠂ ᠭᠠᠵᠠᠷ ᠳᠤᠤᠷᠠᠬᠢ ᠤᠰᠤᠨ ᠤ ᠲᠦᠪᠰᠢᠨ ᠳᠠᠬᠢᠨ ᠪᠠᠭᠤᠷᠠᠬᠤ ᠬᠠᠨᠳᠤᠰᠢ ᠲᠠᠢ ᠪᠤᠯᠪᠠ ᠃ 2021 ᠣᠨ ᠤ 5 ᠳ᠋ᠤᠭᠠᠷ ᠰᠠᠷ᠎ᠠ ᠂ 10 ᠳ᠋ᠤᠭᠠᠷ ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠷᠢᠳ ᠬᠤᠵᠢᠳ 2 ᠤᠳᠠᠭ᠎ᠠ ︽ᠰᠢᠷ᠎ᠠ ᠫᠠᠶᠢᠰᠠ︾ ᠪᠠᠷ ᠤᠷᠢᠳᠴᠢᠯᠠᠨ ᠰᠡᠷᠡᠮᠵᠢᠯᠡᠭᠦᠯᠪᠡ ᠃  ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠰᠡᠷᠡᠮᠵᠢ ᠶᠢᠨ ᠬᠤᠩᠬᠤ ᠶᠢ ᠳᠠᠬᠢᠨᠲᠠ ᠳᠤᠤᠭᠠᠷᠭᠠᠪᠠ ᠃ ᠲᠠᠷᠢᠶᠠᠨ ᠭᠠᠵᠠᠷ ᠢ ᠤᠰᠤᠯᠠᠵᠤ ᠂ ᠠᠮᠤ ᠪᠤᠳᠠᠭ᠎ᠠ ᠶᠢ ᠪᠠᠲᠤᠯᠠᠵᠤ ᠂ ᠨᠢᠭᠡ ᠲᠠᠯ᠎ᠠ ᠪᠠᠷ ᠤᠰᠤ ᠬᠡᠷᠡᠭᠯᠡᠵᠦ ᠂ ᠨᠥᠭᠦᠭᠡ ᠲᠠᠯ᠎ᠠ ᠪᠠᠷ ᠲᠠᠲᠠᠬᠤ ᠶᠢ ᠬᠢᠵᠠᠭᠠᠷᠯᠠᠵᠤ ᠂ ᠬᠤᠰᠢᠭᠤᠨ ᠳᠣᠲᠣᠷᠠᠬᠢ ᠤᠰᠤᠨ ᠤ ᠡᠬᠢ ᠪᠠᠶᠠᠯᠢᠭ ᠢ ᠬᠡᠷᠬᠢᠨ ᠠᠮᠢᠳᠤᠯᠢᠭ ᠪᠣᠯᠭᠠᠬᠤ ᠪᠣᠶ︖  ᠬᠤᠰᠢᠭᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠣᠰᠣᠨ ᠠᠰᠢᠭᠯᠠᠯᠳᠠ ᠶᠢᠨ ᠰᠠᠯᠠᠭ᠎ᠠ ᠮᠦᠴᠢᠷ ᠲᠠᠢ ᠬᠠᠮᠳᠣᠷᠠᠨ ᠲᠠᠬᠢᠨ ᠲᠠᠪᠳᠠᠨ ᠪᠠᠶᠢᠴᠠᠭᠠᠨ ᠰᠣᠳᠣᠯᠵᠣ ᠨᠣᠳᠠᠯᠠᠨ ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷᠯᠢᠭ ᠬᠦᠭᠵᠢᠯᠳᠡ ᠶᠢᠨ ᠠᠵᠢᠯ ᠤᠨ ᠱᠠᠭᠠᠷᠳᠠᠯᠭ᠎ᠠ ᠶᠢ ᠬᠠᠩᠭᠠᠬᠤ ᠶᠢ ᠪᠠᠳᠣᠯᠠᠭᠰᠠᠨ ᠣᠷᠢᠳᠠᠯ ᠲᠣᠣᠷ᠎ᠠ ᠂ ᠪᠦᠬᠦ ᠬᠤᠰᠢᠭᠤᠨ ᠤ ᠬᠦᠴᠦᠨ ᠢᠶᠠᠷ ᠣᠳᠤᠭ ᠤᠨ ᠡᠮᠦᠨᠡᠳᠦ ᠬᠤᠰᠢᠭᠤᠨ ᠤ ᠣᠯᠵᠠᠴᠢ ᠪᠠᠯᠭᠠᠰᠣᠨ ᠤ ᠭᠠᠵᠠᠷ ᠲᠣᠣᠷᠠᠬᠢ ᠣᠰᠣᠨ ᠤ ᠠᠰᠢᠭᠯᠠᠯᠳᠠ ︵ᠣᠰᠣᠨ ᠤ ᠠᠮᠢ ᠠᠬᠤᠢ︶ ᠶᠢ ᠶᠡᠷᠦᠩᠭᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠬᠦ ᠪᠠᠷ ᠲᠣᠭᠳᠠᠪᠠ ᠃  ᠲᠣᠰ ᠢᠨᠵᠧᠨᠧᠷᠢᠩ ᠤᠨ ᠤᠰᠤᠨ ᠤ ᠡᠬᠢ ᠰᠤᠷᠪᠤᠯᠵᠢ ᠨᠢ ᠪᠥᠬᠦ ᠬᠤᠰᠢᠭᠤᠨ ᠤ ᠴᠣᠷ ᠤᠨ ᠭᠠᠭᠴᠠ ᠭᠠᠵᠠᠷ ᠳᠡᠭᠡᠷᠡᠬᠢ ᠤᠰᠤᠨ ᠤ ᠡᠬᠢ ᠪᠠᠶᠠᠯᠢᠭ ᠢ ᠠᠰᠢᠭᠯᠠᠵᠤ ᠪᠣᠯᠬᠤ ᠳ᠋ᠠ ᠭᠸᠦ ᠸᠠᠨ ᠤᠰᠤᠨ ᠴᠥᠭᠦᠷᠥᠮ ᠪᠣᠯᠤᠨ᠎ᠠ ᠂ ᠬᠥᠪᠦᠮᠡᠯ ᠣᠩᠭᠤᠴᠠ ᠶᠢᠨ ᠬᠥᠭᠡᠷᠭᠡ ᠶᠢᠨ ᠥᠷᠲᠡᠭᠡ 1 ᠂ ᠬᠤᠶᠠᠳᠤᠭᠠᠷ ᠳᠡᠰ ᠤᠨ ᠳᠠᠷᠤᠯᠲᠠᠲᠤ ᠬᠥᠭᠡᠷᠭᠡ ᠶᠢᠨ ᠥᠷᠲᠡᠭᠡ 1 ᠂ ᠬᠦᠷᠢᠶᠡᠯᠡᠩ ᠲᠣᠭᠤᠷᠢᠭ ᠤᠨ ᠤᠰᠤ ᠴᠡᠪᠡᠷᠰᠢᠭᠦᠯᠬᠦ ᠦᠢᠯᠡᠳᠪᠦᠷᠢ ᠶᠢᠨ ᠲᠣᠭᠤᠷᠢᠭ 1 ᠶᠢ ᠰᠢᠨ᠎ᠡ ᠪᠠᠷ ᠪᠠᠶᠢᠭᠤᠯᠬᠤ ᠪᠠᠷ ᠳᠠᠮᠵᠢᠭᠤᠯᠤᠨ ᠂ ᠤᠰᠤ ᠳᠠᠮᠵᠢᠭᠤᠯᠬᠤ ᠬᠤᠭᠤᠯᠠᠶ 129 ᠺᠢᠯᠤᠮᠧᠲᠷ ᠳᠡᠪᠢᠰᠴᠦ ᠂ ᠤᠰᠤ ᠶᠢ ᠳ᠋ᠠ ᠭᠸᠦ ᠸᠠᠨ ᠤᠰᠤᠨ ᠴᠥᠭᠦᠷᠥᠮ ᠠᠴᠠ ᠣᠯᠵᠠᠴᠢ ᠪᠠᠯᠭᠠᠰᠤᠨ ᠳᠤ ᠬᠦᠷᠭᠡᠵᠦ ᠂ ᠪᠥᠬᠦ ᠬᠤᠰᠢᠭᠤᠨ ᠤ ᠤᠰᠤ ᠬᠡᠷᠡᠭᠯᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ ᠃  ᠭᠠᠵᠠᠷ ᠳᠡᠭᠡᠷᠡᠬᠢ ᠤᠰᠤ ᠶᠢ ᠣᠷᠣᠭᠤᠯᠵᠤ ᠢᠷᠡᠭᠰᠡᠨ ᠤ ᠲᠠᠷᠠᠭ᠎ᠠ ᠂ ᠣᠯᠵᠠᠴᠢ ᠪᠠᠯᠭᠠᠰᠤᠨ ᠤ ᠬᠡᠲᠦᠷᠡᠲᠡᠯ᠎ᠡ ᠮᠠᠯᠲᠠᠭᠰᠠᠨ ᠣᠷᠣᠨ ᠤ ᠳᠣᠲᠣᠷᠠᠬᠢ ᠨᠣᠭᠤᠭᠠᠷᠠᠭᠤᠯᠤᠯᠲᠠ ᠳᠤ ᠬᠡᠷᠡᠭᠯᠡᠬᠦ 67 ᠬᠤᠳᠳᠤᠭ ᠢ ᠪᠢᠲᠡᠭᠦᠮᠵᠢᠯᠡᠵᠦ ᠂ ᠭᠠᠵᠠᠷ ᠳᠣᠣᠷᠠᠬᠢ ᠤᠰᠤ ᠶᠢ 320 ᠲᠦᠮᠡᠨ ᠪᠣᠰᠤᠭ᠎ᠠ ᠳᠥᠷᠪᠡᠯᠵᠢᠨ ᠮᠧᠲᠷ ᠰᠣᠯᠢᠵᠤ ᠂ ᠬᠤᠳᠠ ᠪᠠᠯᠭᠠᠰᠤᠨ ᠤ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠭᠠᠵᠠᠷ ᠳᠣᠣᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ ᠪᠦᠲᠦᠮᠵᠢᠲᠡᠢ ᠪᠠᠭᠠᠰᠬᠠᠵᠤ ᠂ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠰᠤᠨ ᠤ ᠣᠷᠴᠢᠨ ᠲᠣᠭᠤᠷᠢᠨ ᠤ ᠳᠠᠭᠠᠭᠠᠴᠠ ᠶᠢ ᠳᠡᠭᠡᠭᠰᠢᠯᠡᠭᠦᠯᠪᠡ︔ ᠭᠠᠵᠠᠷ ᠳᠣᠤᠷᠠᠬᠢ ᠤᠰᠤᠨ ᠤ ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠵᠦ ᠂ ᠣᠯᠵᠠᠴᠢ ᠪᠠᠯᠭᠠᠰᠤᠨ ᠤ ᠬᠡᠲᠦᠷᠡᠲᠡᠯ᠎ᠡ ᠮᠠᠯᠲᠠᠭᠰᠠᠨ ᠣᠷᠣᠨ ᠪᠠ ᠭᠤᠷᠪᠠᠳᠤᠭᠠᠷ ᠬᠡᠰᠡᠭ ᠤᠨ ᠭᠠᠵᠠᠷ ᠤᠨ ᠬᠡᠲᠦᠷᠡᠲᠡᠯ᠎ᠡ ᠮᠠᠯᠲᠠᠭᠰᠠᠨ ᠣᠷᠣᠨ ᠤ 6 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ ᠪᠣᠯᠲᠠᠯᠠᠬᠢ ᠭᠠᠵᠠᠷ ᠳᠣᠤᠷᠠᠬᠢ ᠤᠰᠤᠨ ᠤ ᠲᠦᠪᠰᠢᠨ 2023 ᠣᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 0.25 — 2.12 ᠮᠧᠲᠷ ᠂ 1.53 — 4.8 ᠮᠧᠲᠷ ᠵᠡᠷᠭᠡ ᠠᠳᠠᠯᠢ ᠪᠤᠰᠤ ᠬᠡᠮᠵᠢᠶ᠎ᠡ ᠪᠠᠷ ᠢᠯᠡᠷᠡᠵᠦ ᠂ ︽ᠬᠡᠲᠦᠷᠡᠲᠡᠯ᠎ᠡ ᠮᠠᠯᠲᠠᠭᠰᠠᠨ︾ ᠪᠠᠶᠢᠳᠠᠯ ᠢᠯᠡᠳᠲᠡ ᠰᠠᠶᠢᠵᠢᠷᠠᠪᠠ︔ ᠣᠯᠵᠠᠴᠢ ᠪᠠᠯᠭᠠᠰᠣᠨ ᠤ ᠶᠡᠷᠦᠩᠬᠡᠶᠢᠯᠡᠭᠰᠡᠨ ᠠᠵᠣ ᠣᠶᠢᠯᠠᠰ ᠤᠨ ᠬᠦᠷᠢᠶᠡᠯᠡᠩ ᠤᠨ ᠠᠵᠣ ᠣᠶᠢᠯᠠᠳᠪᠦᠷᠢ ᠶᠢᠨ ᠲᠦᠷᠦᠯ ᠵᠦᠢᠯ ᠵᠢᠴᠢ ᠰᠢᠳᠠᠮᠠᠬᠠᠢ ᠬᠡᠢ ᠶᠢᠨ ᠲᠦᠷᠦᠯ ᠵᠦᠢᠯ ᠤᠨ ᠣᠰᠣ ᠬᠡᠷᠡᠭᠯᠡᠬᠦ ᠱᠠᠭᠠᠷᠳᠠᠯᠭ᠎ᠠ ᠶᠢ ᠪᠦᠲᠦᠮᠵᠢᠲᠡᠢ ᠪᠠᠳᠣᠯᠠᠵᠣ ᠂ ᠬᠦᠷᠢᠶᠡᠯᠡᠩ ᠲᠣᠭᠤᠷᠢᠭ ᠤᠨ ᠲᠣᠳᠣᠷᠠᠬᠢ 6 ᠠᠵᠣ ᠣᠶᠢᠯᠠᠳᠪᠦᠷᠢ ᠶᠢᠨ ᠠᠵᠣ ᠠᠬᠤᠶᠢᠯᠠᠯ ᠳᠤ 69.2 ᠲᠦᠮᠡᠨ ᠪᠣᠰᠤᠭ᠎ᠠ ᠲᠦᠷᠪᠡᠯᠵᠢᠨ ᠮᠧᠲᠷ ᠣᠰᠣ ᠬᠡᠷᠡᠭᠯᠡᠬᠦ ᠵᠢᠭᠠᠯᠳᠠ ᠲᠤᠭ᠎ᠠ ᠶᠢ ᠲᠣᠬᠢᠷᠠᠭᠤᠯᠵᠣ ᠂ ᠵᠢᠯ ᠤᠨ ᠣᠶᠢᠯᠠᠰ ᠤᠨ ᠦᠷᠳᠡᠭ ᠨᠢ 40 ᠭᠠᠷᠣᠢ ᠳ᠋ᠦᠩᠰᠢᠭᠤᠷ ᠲᠦᠭᠦᠷᠢᠭ ᠪᠣᠯᠣᠨ᠎ᠠ ᠃  ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠠᠯᠬᠤᠮ ᠠᠯᠬᠤᠮ ᠢᠶᠠᠷ ᠲᠡᠭᠦᠯᠳᠡᠷᠵᠢᠬᠦ ᠶᠢ ᠳᠠᠭᠠᠯᠳᠤᠨ ᠂ ᠲᠤᠰ ᠢᠨᠵᠧᠨᠧᠷᠢᠩ ᠤᠨ ᠤᠰᠤ ᠬᠠᠩᠭᠠᠬᠤ ᠬᠦᠷᠢᠶ᠎ᠡ ᠬᠡᠪᠴᠢᠶ᠎ᠡ ᠶᠢ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠪᠠ ᠲᠠᠷᠢᠶᠠᠯᠠᠩ ᠤᠨ ᠤᠰᠤᠯᠠᠯᠲᠠ ᠶᠢᠨ ᠤᠰᠤ ᠵᠡᠷᠭᠡ ᠲᠠᠯ᠎ᠠ ᠳᠤ ᠬᠦᠷᠲᠡᠯ᠎ᠡ ᠤᠯᠠᠮ ᠨᠢᠭᠡ ᠠᠯᠬᠤᠮ ᠥᠷᠭᠡᠳᠬᠡᠬᠦ ᠪᠣᠯᠤᠨ᠎ᠠ ᠃  ᠬᠡᠳᠤ ᠮᠠᠯᠳᠠᠯᠳᠠ ᠶᠢᠨ ᠤᠷᠤᠨ ᠤ ᠶᠡᠷᠤᠩᠬᠡᠶᠢᠯᠡᠭᠰᠡᠨ ᠵᠠᠰᠠᠯᠳᠠ  ᠰᠡᠳᠬᠢᠴᠡ ᠪᠠᠨ ᠬᠤᠪᠢᠷᠠᠭᠤᠯᠬᠤ ᠳᠤ ᠤᠰᠤᠨ ᠤ ᠡᠬᠢ ᠰᠣᠷᠪᠣᠯᠵᠢ ᠶᠢᠨ ︽ᠬᠤᠶᠠᠳᠣᠭᠠᠷ ᠣᠷᠣᠨ ᠵᠠᠢ︾ ᠶᠢ ᠨᠡᠭᠡᠭᠡᠵᠦ ᠂ ᠣᠷᠣᠨ ᠪᠦᠰᠡ ᠶᠢᠨ ᠣᠰᠣᠨ ᠤ ᠡᠬᠢ ᠰᠣᠷᠪᠣᠯᠵᠢ ᠶᠢ ᠨᠡᠭᠡᠭᠡᠨ ᠠᠰᠢᠭᠯᠠᠬᠤ ᠬᠦᠴᠦᠯᠡᠴᠡ ᠶᠢ ᠪᠠᠭᠠᠰᠬᠠᠬᠤ ᠪᠠᠷ ᠪᠠᠷᠠᠬᠤ ᠦᠭᠡᠢ ᠣᠰᠣᠨ ᠤ ᠡᠬᠢ ᠰᠣᠷᠪᠣᠯᠵᠢ ᠶᠢ ᠮᠠᠰᠢ ᠶᠡᠭᠡ ᠰᠢᠯᠢᠳᠡᠭᠵᠢᠬᠦᠯᠬᠦ ᠪᠠ ᠳᠡᠭᠡᠭᠰᠢᠯᠡᠬᠦᠯᠦᠨ ᠂ ᠭᠠᠵᠠᠷ ᠲᠣᠣᠷᠠᠬᠢ ᠣᠰᠣᠨ ᠤ ᠬᠡᠳᠣᠷᠬᠡᠢ ᠮᠠᠯᠳᠠᠭᠰᠠᠨ ᠣᠷᠣᠨ ᠤ ᠨᠡᠭᠡᠭᠡᠨ ᠠᠰᠢᠭᠯᠠᠯᠳᠠ ᠶᠢᠨ ᠨᠦᠬᠦᠪᠣᠷᠢ  ᠶᠢᠨ ᠲᠡᠩᠴᠡᠬᠦᠷᠢ ᠶᠢ ᠨᠢ ᠪᠡᠶᠡᠯᠡᠬᠦᠯᠬᠦ ᠳᠤ ᠮᠠᠰᠢ ᠠᠰᠢᠭᠲᠠᠢ ᠪᠠᠶᠢᠵᠤ ᠂ ᠣᠳᠤᠭ ᠤᠨ ᠡᠮᠦᠨᠡᠳᠦ ᠬᠤᠰᠢᠭᠤᠨ ᠳᠤ ᠣᠯᠠᠨ ᠵᠢᠯ ᠭᠠᠴᠢᠬᠳᠠᠭᠰᠠᠨ ᠭᠠᠵᠠᠷ ᠲᠣᠣᠷᠠᠬᠢ ᠣᠰᠣ ᠶᠢ ᠬᠡᠳᠣᠷᠬᠡᠢ ᠮᠠᠯᠳᠠᠭᠰᠠᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠤᠨ᠎ᠠ ᠃  ᠠᠷᠪᠢᠯᠠᠨ ᠭᠠᠮᠨᠠᠵᠤ ᠂ ᠤᠰᠤᠨ ᠤ ᠡᠬᠢ ᠪᠠᠶᠠᠯᠢᠭ ᠢ ᠨᠠᠷᠢᠨ ᠨᠢᠮᠪᠠᠶ ᠲᠥᠯᠥᠪᠯᠡᠨ ᠰᠠᠶᠢᠲᠤᠷ ᠬᠡᠷᠡᠭᠯᠡᠵᠦ ᠂ ᠳᠤᠰᠤᠯ ᠤᠰᠤ ᠨᠢᠭᠡᠪᠦᠷᠢ ᠶᠢᠨ ᠳᠠᠯᠳᠠ ᠬᠦᠴᠦᠨ ᠢ ᠠᠭᠤᠳᠠᠯᠤᠨ ᠂ ︽ᠡᠬᠢ ᠪᠠᠶᠠᠯᠢᠭ︾ ᠲᠠᠢ ᠵᠡᠷᠭᠡ ᠪᠠᠷ ᠤᠷᠤᠭᠰᠢᠯᠠᠵᠤ ᠂ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ  ᠶᠢᠨ ︽ᠦᠷ᠎ᠡ ᠠᠰᠢᠭ︾ ᠢ ᠨᠡᠮᠡᠭᠳᠡᠭᠦᠯᠪᠡ ᠃  ᠣᠲᠤᠭ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠶᠡᠷᠦᠩᠬᠡᠶ ᠡᠵᠡᠮᠰᠢᠯ ᠤᠨ ᠲᠥᠪ ᠤᠨ ᠲᠣᠮᠣ ᠳᠡᠯᠭᠡᠴᠡ ᠳᠡᠭᠡᠷ᠎ᠡ ᠂ ᠬᠤᠰᠢᠭᠤᠨ ᠤ ᠬᠡᠪᠴᠢᠶᠡᠨ ᠳᠠᠬᠢ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ ᠢᠯᠡᠷᠡᠭᠦᠯᠵᠦ ᠂ ᠠᠵᠢᠯᠲᠠᠳ ᠨᠢᠭᠡ ᠲᠠᠯ᠎ᠠ ᠪᠠᠷ ᠦᠵᠡᠭᠦᠯᠦᠨ ᠲᠠᠨᠢᠭᠤᠯᠬᠤ ᠲᠠᠯ᠎ᠠ ᠪᠠᠷ᠄ ︽︿ᠬᠤᠳᠳᠤᠭ ᠴᠠᠬᠢᠯᠭᠠᠨ ᠬᠤᠶᠠᠷ ᠢ ᠡᠵᠡᠮᠳᠡᠬᠦ﹀ ᠤᠶᠤᠨᠲᠤ ᠲᠥᠬᠦᠭᠡᠷᠦᠮᠵᠢ ᠨᠢ ᠬᠤᠳᠳᠤᠭ ᠤᠨ ᠳᠣᠲᠣᠷᠠᠬᠢ ᠪᠥᠬᠦ ᠵᠢᠯ ᠤᠨ ᠤᠰᠤ ᠲᠠᠲᠠᠬᠤ ᠬᠡᠮᠵᠢᠶ᠎ᠡ ᠶᠢᠨ ᠵᠠᠷᠯᠢᠭ ᠢ ᠦᠨᠳᠦᠰᠦᠯᠡᠨ ᠤᠰᠤ ᠠᠪᠬᠤ ᠶᠠᠪᠤᠴᠠ ᠳᠤ ᠬᠤᠪᠢᠶᠠᠷᠢᠯᠠᠵᠤ ᠂ ᠠᠯᠤᠰ ᠠᠴᠠ ᠬᠠᠮᠢᠶᠠᠷᠤᠨ ᠡᠵᠡᠮᠳᠡᠵᠦ ᠂ ᠭᠠᠵᠠᠷ ᠣᠷᠣᠨ ᠤ ᠬᠤᠭᠤᠯᠠᠢ ᠪᠠᠷ ᠤᠰᠤ ᠬᠠᠮᠢᠶᠠᠷᠬᠤ ᠵᠣᠷᠢᠯᠭ᠎ᠠ ᠳᠠᠭᠠᠨ ᠬᠦᠷᠴᠦ ᠪᠣᠯᠤᠨ᠎ᠠ ᠃ ᠤᠰᠤᠯᠠᠬᠤ ᠦᠶ᠎ᠡ ᠳᠤ ᠂ ᠪᠣᠳᠠᠲᠠᠶ ᠬᠡᠷᠡᠭᠯᠡᠬᠦ ᠤᠰᠤᠨ ᠤ ᠬᠡᠮᠵᠢᠶ᠎ᠡ ᠨᠢ ᠤᠰᠤ ᠬᠡᠷᠡᠭᠯᠡᠬᠦ ᠲᠥᠯᠥᠪᠯᠡᠭᠡ ᠶᠢ ᠬᠢᠨᠠᠨ ᠲᠣᠭᠲᠠᠭᠠᠬᠤ ᠬᠡᠮᠵᠢᠭᠳᠡᠯ ᠳᠤ ᠬᠦᠷᠪᠡᠯ ᠂ ᠲᠥᠬᠦᠭᠡᠷᠦᠮᠵᠢ ᠨᠢ ᠠᠦ᠋ᠲ᠋ᠣ᠋ ᠮᠠᠰᠢᠨ ᠬᠤᠳᠳᠤᠭ ᠢ ᠬᠠᠭᠠᠵᠤ ᠵᠣᠭᠰᠣᠭᠠᠵᠤ ᠂ ᠮᠠᠯᠴᠢᠨ ᠲᠠᠷᠢᠶᠠᠴᠢᠨ ᠢ ᠬᠡᠳᠡᠷᠬᠦ ᠰᠢᠬᠠᠮᠳᠠᠭᠤᠯᠵᠤ ᠪᠠᠶᠢᠭᠠᠳ ᠤᠰᠤᠨ ᠤ ᠡᠬᠢ ᠪᠠᠶᠠᠯᠢᠭ ᠢ ᠰᠠᠶᠢᠲᠤᠷ ᠬᠡᠷᠡᠭᠯᠡᠭᠦᠯᠦᠨ᠎ᠡ ᠃  ᠤᠳᠤᠭ ᠤᠨ ᠡᠮᠤᠨᠡᠳᠤ ᠬᠤᠰᠢᠭᠤᠨ ᠤ ᠳᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠳᠠ ᠶᠢᠨ ᠳᠤᠪᠴᠢᠶᠠᠨ ᠤ ᠳᠠᠷᠤᠭ᠎ᠠ ᠶᠠᠩ ᠪᠦᠸᠧ ᠨᠦᠬᠦᠪᠦᠷᠢᠯᠡᠬᠦ ᠳᠡᠭᠡᠨ᠄ ︽ᠳᠠᠷᠢᠶᠠᠯᠠᠩ ᠤᠨ ᠤᠰᠤᠯᠠᠯᠳᠠ ᠳᠤ ᠬᠡᠷᠡᠭᠯᠡᠬᠦ ᠤᠰᠤᠨ ᠤ ᠶᠡᠷᠤᠩᠬᠡᠢ ᠬᠡᠮᠵᠢᠶ᠎ᠡ ᠶᠢ ᠬᠢᠵᠠᠭᠠᠷᠯᠠᠬᠤ ᠪᠠ ᠬᠢᠵᠠᠭᠠᠷᠯᠠᠬᠤ ᠳᠤᠭ᠎ᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠴᠢᠩᠭᠠᠳᠬᠠᠬᠤ ᠶᠢᠨ ᠳᠤᠰᠠᠳᠠ ᠂ ᠬᠤᠳᠠ ᠶᠢᠨ ᠵᠠᠰᠠᠭ ᠤᠨ ᠤᠷᠳᠤᠨ ᠪᠠ ᠬᠤᠳᠠ ᠶᠢᠨ ᠤᠰᠤᠨ ᠠᠰᠢᠭᠯᠠᠯᠳᠠ ᠶᠢᠨ ᠳᠤᠪᠴᠢᠶᠠᠨ ᠳᠠᠷᠤᠭ᠎ᠠ 1840 ᠳᠦᠮᠡᠨ ᠳᠦᠬᠦᠷᠢᠭ ᠤᠨ ᠲᠦᠷᠤᠯ ᠵᠦᠢᠯ ᠤᠨ ᠪᠡᠯᠡ ᠮᠦᠩᠬᠦ ᠶᠢ ᠢᠵᠢ ᠪᠦᠷᠢᠳᠦᠬᠦᠯᠵᠤ ᠂ ᠤᠶᠤᠨᠳᠤ ᠤᠰᠤᠨ ᠠᠰᠢᠭᠯᠠᠯᠳᠠ ᠶᠢᠨ ᠤᠶᠢᠯᠡᠴᠢᠯᠡᠬᠡᠨ ᠤ ᠳᠡᠪᠴᠡᠩ ᠢ ᠪᠠᠶᠢᠭᠤᠯᠬᠤ ᠳᠤ ᠬᠡᠷᠡᠭᠯᠡᠵᠤ ᠂ ᠮᠡᠳᠡᠭᠡ ᠵᠠᠩᠬᠢᠵᠢᠯᠳᠠ ᠶᠢᠨ ᠶᠡᠷᠤᠩᠬᠡᠢ ᠡᠵᠡᠮᠰᠢᠯ ᠤᠨ ᠳᠦᠪ ᠂ ᠬᠤᠪᠢᠶᠠᠷᠢ ᠡᠵᠡᠮᠰᠢᠯ ᠤᠨ ᠳᠦᠪ ᠢ 5 ᠪᠠᠶᠢᠭᠤᠯᠵᠤ ᠂ 2400 ᠢᠵᠢ ᠬᠤᠳᠳᠤᠭ ᠴᠠᠬᠢᠯᠭᠠᠨ ᠬᠤᠤᠰ ᠡᠵᠡᠮᠳᠡᠯ ᠤᠨ ᠲᠦᠬᠦᠬᠡᠷᠤᠮᠵᠢ ᠶᠢ ᠤᠭᠰᠠᠷᠠᠵᠤ ᠂ ᠬᠡᠳᠤ ᠮᠠᠯᠳᠠᠯᠳᠠ ᠶᠢᠨ ᠤᠷᠤᠨ ᠳᠤ ᠨᠡᠶᠢᠳᠡ 440 ᠪᠤᠰᠤᠭ᠎ᠠ ᠳᠦᠷᠪᠠᠯᠵᠢᠨ ᠮᠧᠲᠷ ᠤᠰᠤ ᠤᠷᠤᠭᠤᠯᠵᠤ ᠂ 220 ᠪᠤᠰᠤᠭ᠎ᠠ ᠳᠦᠷᠪᠡᠯᠵᠢᠨ ᠮᠧᠲᠷ ᠤᠨ ᠳᠤᠳᠤᠷ᠎ᠡ ᠂ 6.4 ᠳᠦᠮᠡᠨ ᠪᠤᠰᠤᠭ᠎ᠠ ᠳᠦᠷᠪᠠᠯᠵᠢᠨ ᠮᠧᠲᠷ ᠤᠨ ᠳᠤᠳᠤᠷ᠎ᠡ ᠪᠦᠲᠦᠮᠵᠢᠲᠠᠢ ᠤᠰᠤ ᠠᠷᠪᠢᠯᠠᠵᠤ ᠂ ᠳᠠᠷᠢᠶᠠᠯᠠᠩ ᠤᠨ ᠤᠰᠤᠯᠠᠯᠳᠠ ᠶᠢᠨ ᠤᠰᠤᠨ ᠤ ᠠᠰᠢᠭᠯᠠᠮᠵᠢ ᠶᠢᠨ ᠨᠤᠷᠮ᠎ᠠ ᠶᠢ ᠶᠡᠬᠡᠪᠡᠷ ᠳᠡᠭᠡᠭᠰᠢᠯᠡᠬᠦᠯᠪᠡ ᠃  ᠶᠡᠷᠦᠩᠬᠡᠢ ᠬᠡᠮᠵᠢᠶ᠎ᠡ ᠶᠢ ᠬᠢᠵᠠᠭᠠᠷᠯᠠᠨ ᠂ ᠬᠢᠵᠠᠭᠠᠷᠯᠠᠬᠤ ᠲᠤᠭ᠎ᠠ ᠪᠠᠷ ᠬᠠᠮᠢᠶᠠᠷᠴᠤ ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ ᠂ ᠣᠲᠤᠭ ᠤᠨ ᠡᠮᠦᠨᠡᠲᠦ ᠬᠤᠰᠢᠭᠤᠨ ᠳᠤ ᠤᠰᠤᠨ ᠤ ᠡᠬᠢ ᠪᠠᠶᠠᠯᠢᠭ ᠤᠨ ︽ᠬᠥᠭᠵᠢᠯᠲᠡ ᠶᠢᠨ ᠣᠷᠣᠨ ᠵᠠᠢ︾ ᠶᠢ ᠰᠢᠬᠠᠨ ᠭᠠᠷᠭᠠᠵᠤ ᠥᠭᠭᠦᠨ᠎ᠡ ᠃  ᠨᠠᠮᠤᠷ ᠤᠨ ᠰᠡᠭᠦᠯᠴᠢ ᠪᠣᠯᠬᠤ ᠳᠤ ᠂ ᠲᠠᠷᠢᠶᠠᠨ ᠳᠣᠲᠣᠷ᠎ᠠ ᠭᠠᠵᠠᠷ ᠪᠣᠯᠭᠠᠨ ᠳᠤ ᠠᠯᠳᠠᠨ ᠰᠢᠷᠭᠠᠯ ᠭᠡᠷᠡᠯ ᠰᠠᠴᠤᠷᠠᠨ᠎ᠠ ᠃ ᠡᠨᠡ ᠪᠣᠯ ᠨᠡᠷᠡᠲᠦ ᠲᠥᠮᠥᠰᠥ ᠮᠥᠨ ᠂ ᠪᠢᠳᠡᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠷ ᠳᠠᠮᠵᠢᠭᠤᠯᠤᠨ ᠣᠷᠣᠭᠤᠯᠤᠭᠰᠠᠨ ᠰᠢᠨ᠎ᠡ ᠡᠭᠦᠯᠳᠡᠷ ᠮᠥᠨ ᠂ ᠠᠵᠤ ᠠᠬᠤᠶᠢᠯᠠᠯ ᠠᠴᠠ ᠦᠷ᠎ᠡ ᠬᠠᠩᠭᠠᠵᠤ ᠂ ᠪᠥᠬᠦ ᠶᠠᠪᠤᠴᠠ ᠶᠢᠨ ᠮᠡᠷᠭᠡᠵᠢᠯ ᠤᠨ ᠵᠢᠯᠣᠭᠤᠳᠣᠯᠭ᠎ᠠ ᠬᠠᠩᠭᠠᠵᠤ ᠂ ᠬᠠᠮᠠᠭᠠᠯᠠᠯᠲᠠ ᠶᠢᠨ ᠦᠨ᠎ᠡ ᠶᠢᠨ ᠵᠠᠬᠢᠶᠠᠯᠠᠭ᠎ᠠ ᠶᠢ ᠬᠤᠷᠢᠶᠠᠨ ᠠᠪᠴᠤ ᠪᠠᠶᠢᠨ᠎ᠠ ᠃ ᠡᠨᠡ ᠵᠢᠯ ᠠᠩᠬ᠎ᠠ ᠤᠳᠠᠭ᠎ᠠ 3300 ᠮᠦ ᠲᠥᠪᠯᠡᠷᠡᠭᠦᠯᠦᠨ ᠵᠠᠯᠭᠠᠯᠳᠤᠭᠤᠯᠤᠨ ᠲᠠᠷᠢᠬᠤ ᠶᠢ ᠲᠤᠷᠰᠢᠵᠤ ᠂ ᠦᠷ᠎ᠡ ᠪᠦᠲᠦᠮᠵᠢ ᠨᠢ ᠣᠨᠴᠠᠭᠠᠶ ᠰᠠᠶᠢᠨ ᠪᠠᠶᠢᠵᠤ ᠂ ᠠᠩᠬ᠎ᠠ ᠠᠯᠬᠤᠮ ᠪᠠᠷᠤᠭᠴᠠᠭᠠᠯᠠᠭᠰᠠᠨ ᠢᠶᠠᠷ ᠮᠦ ᠪᠦᠷᠢ ᠶᠢᠨ ᠤᠨᠠᠯᠲᠠ 5000 ᠵᠢᠩ ᠠᠴᠠ 6000 ᠵᠢᠩ ᠳᠤ ᠬᠦᠷᠴᠦ ᠂ ᠴᠡᠪᠡᠷ ᠣᠷᠣᠯᠭ᠎ᠠ 1500 — 2000 ᠲᠥᠭᠦᠷᠢᠭ ᠲᠤ ᠬᠦᠷᠬᠦ ᠪᠣᠯᠤᠨ᠎ᠠ︾ ᠭᠡᠵᠡᠢ ᠃ ᠣᠯᠵᠠᠴᠢ ᠪᠠᠯᠭᠠᠰᠤᠨ ᠤ ᠳᠠᠷᠤᠭ᠎ᠠ ᠢᠦᠢ ᠫᠸᠢ ᡁᠢ ᠬᠡᠯᠡᠪᠡ ᠃  ᠪᠢᠳᠡᠨ ᠤ ᠡᠨᠡ ᠤᠳᠠᠬᠠᠨ ᠤ ᠬᠠᠶᠢᠨ ᠰᠦ᠋ᠪᠡᠭᠴᠢᠯᠡᠯᠲᠡ ᠠᠮᠵᠢᠯᠲᠠ ᠲᠠᠢ ᠭᠡᠵᠦ ᠬᠡᠯᠡᠵᠦ ᠪᠤᠯᠤᠨ᠎ᠠ ᠃ ᠠᠵᠤ ᠠᠬᠤᠶ ᠶᠢᠨ ᠦᠷ᠎ᠡ ᠠᠰᠢᠭ ᠢᠶᠠᠷ ᠰᠠᠶᠢᠨ ᠪᠠᠶᠢᠬᠤ ᠨᠢ ᠠᠷᠠᠳ ᠣᠯᠠᠨ ᠤ ᠣᠷᠣᠯᠭ᠎ᠠ ᠶᠢ ᠨᠡᠮᠡᠭᠳᠡᠭᠦᠯᠬᠦ ᠪᠣᠯ ᠨᠢᠭᠡ ᠲᠠᠯ᠎ᠠ ᠪᠣᠯᠤᠨ᠎ᠠ ᠂ ᠡᠷᠳᠡᠨᠢ ᠰᠢᠰᠢ ᠲᠠᠢ ᠬᠠᠷᠢᠴᠠᠭᠤᠯᠪᠠᠯ ᠂ ᠬᠠᠭᠤᠷᠠᠶ ᠪᠠᠷ ᠨᠡᠷᠡᠲᠦ ᠲᠥᠮᠥᠰᠥ ᠢ ᠳᠠᠷᠢᠪᠠᠯ ᠮᠦ ᠪᠦᠷᠢ 400 ᠪᠣᠰᠤᠭ᠎ᠠ ᠳᠥᠷᠪᠡᠯᠵᠢᠨ ᠮᠧᠲᠷ ᠣᠷᠴᠢᠮ ᠤᠰᠤ ᠠᠷᠪᠢᠯᠠᠵᠤ ᠂ ᠡᠬᠢᠯᠡᠵᠦ ᠶᠡᠭᠡ ᠬᠡᠪᠴᠢᠶ᠎ᠡ ᠪᠠᠷ ᠳᠡᠯᠭᠡᠷᠡᠭᠦᠯᠪᠡᠯ ᠂ ᠤᠰᠤ ᠠᠷᠪᠢᠯᠠᠬᠤ ᠦᠷ᠎ᠡ ᠪᠦᠲᠦᠮᠵᠢ ᠨᠢ ᠮᠠᠰᠢ ᠰᠠᠶᠢᠨ ᠪᠠᠶᠢᠳᠠᠭ ᠂ ᠡᠨᠡ ᠨᠢ ᠬᠡᠲᠦᠷᠡᠲᠡᠯ᠎ᠡ ᠮᠠᠯᠲᠠᠭᠰᠠᠨ ᠣᠷᠣᠨ ᠢ ᠵᠠᠰᠠᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠵᠡᠢ︾ ᠭᠡᠵᠡᠶ ᠃ ᠢᠦᠢ ᠫᠸᠢ ᡁᠢ ᠦᠷᠭᠦᠯᠵᠢᠯᠡᠨ ᠨᠦᠬᠦᠪᠦᠷᠢᠯᠡᠵᠦ ᠬᠡᠯᠡᠪᠡ ᠃  ᠨᠡᠷᠡᠲᠦ ᠲᠥᠮᠥᠰᠥ ᠂  ᠬᠦᠬᠦᠷᠭᠡᠨ᠎ᠡ ᠶᠢᠨ ᠦᠨᠳᠦᠰᠦ ᠂ ᠳ᠋ᠠ ᠱᠠ ᠲᠸᠤ ᠲᠣᠰᠬᠤᠨ ᠤ ᠵᠢᠮᠢᠰ ᠤᠨ ᠮᠣᠳᠣ ᠂ ᠬᠤᠩ ᠱᠠᠨ ᠨᠠᠭᠤᠷ ᠤᠨ ᠢᠳᠡᠰᠢᠨ ᠮᠥᠭᠦ ᠵᠡᠷᠭᠡ ᠨᠢᠭᠡ ᠪᠦᠯᠦᠭ ᠤᠰᠤ ᠠᠷᠪᠢᠯᠠᠬᠤ ᠬᠡᠯᠪᠡᠷᠢ ᠶᠢᠨ ᠤᠨᠴᠠᠯᠢᠬᠳᠤ ᠲᠥᠬᠦᠭᠡᠷᠦᠮᠵᠢ ᠶᠢᠨ ᠲᠠᠷᠢᠮᠠᠯ ᠤᠨ ᠠᠵᠤ ᠦᠢᠯᠡᠰ ᠥᠷᠨᠢᠭᠦᠨ ᠬᠥᠭᠵᠢᠵᠡᠢ ᠃ ᠣᠳᠤᠭ ᠤᠨ ᠡᠮᠦᠨᠡᠳᠦ ᠬᠤᠰᠢᠭᠤ ᠬᠡᠲᠦ ᠮᠠᠯᠳᠠᠭᠰᠠᠨ ᠣᠷᠣᠨ ᠢ ᠲᠦᠪᠯᠡᠷᠡᠭᠦᠯᠦᠭᠰᠡᠨ ᠲᠦᠬᠦᠭᠡᠷᠦᠮᠵᠢᠲᠦ ᠲᠠᠷᠢᠶᠠᠯᠠᠩ ᠤᠨ ᠬᠦᠭᠵᠢᠯᠳᠡ ᠶᠢᠨ ᠣᠷᠣᠨ ᠪᠣᠯᠭᠠᠨ ᠪᠠᠶᠢᠭᠤᠯᠬᠤ ᠪᠠᠷ ᠬᠦᠴᠦᠯᠡᠨ ᠴᠢᠷᠮᠠᠶᠢᠵᠤ ᠂ ᠣᠰᠣ ᠪᠠᠭ᠎ᠠ ᠵᠠᠷᠣᠴᠠᠭᠤᠯᠣᠭᠰᠠᠨ ᠂ ᠦᠨᠳᠦᠷ ᠦᠷ᠎ᠡ ᠠᠰᠢᠭᠳᠠᠢ ᠲᠠᠷᠢᠮᠠᠯ ᠤᠨ ᠪᠦᠲᠦᠴᠡ ᠶᠢ ᠬᠦᠴᠦᠯᠡᠨ ᠪᠠᠶᠢᠭᠤᠯᠵᠣ ᠂ ᠠᠵᠣ ᠣᠶᠢᠯᠠᠰ ᠤᠨ ᠣᠰᠣ ᠠᠷᠪᠢᠯᠠᠬᠤ ᠂ ᠣᠷᠣᠯᠭ᠎ᠠ ᠶᠢ ᠨᠡᠮᠡᠭᠳᠡᠭᠦᠯᠬᠦ ᠬᠤᠣᠰ ᠢᠯᠠᠯᠳᠠ ᠶᠢ ᠪᠡᠶᠡᠯᠡᠭᠦᠯᠬᠦ ᠬᠠᠷᠠᠯᠲᠠ ᠶᠢ ᠲᠦᠯᠬᠢᠨ ᠠᠬᠢᠭᠤᠯᠣᠨ ᠂ ︽ᠣᠰᠣᠨ ᠬᠤᠭᠤᠯᠠᠢ︾ ᠶᠢ ᠴᠢᠩᠭᠠᠯᠠᠬᠤ ᠪᠠᠷ ᠪᠠᠷᠠᠬᠤ ᠦᠭᠡᠢ ᠪᠠᠰᠠ ︽ᠵᠣᠭᠤᠰᠣᠨ ᠤᠭᠤᠳᠠ︾ ᠶᠢ ᠬᠦᠪᠴᠢᠯᠡᠨ᠎ᠡ ᠃  ︽ᠣᠰᠣ ᠶᠢ ᠡᠵᠡᠮᠳᠡᠬᠦ ᠂ ᠣᠰᠣ ᠶᠢ ᠲᠠᠳᠠᠬᠤ ᠂ ᠣᠰᠣ ᠶᠢ ᠠᠷᠪᠢᠯᠠᠬᠤ ᠂ ᠣᠰᠣ ᠶᠢ ᠬᠠᠮᠢᠶᠠᠷᠬᠤ︾ ᠠᠵᠢᠯ ᠢ ᠴᠢᠩᠭ᠎ᠠ ᠠᠳᠬᠤᠵᠣ ᠂ ᠣᠳᠤᠭ ᠤᠨ ᠡᠮᠦᠨᠡᠳᠦ ᠬᠤᠰᠢᠭᠤ ᠵᠠᠪᠠᠯ ᠣᠰᠣ ᠵᠠᠰᠠᠬᠤ ᠰᠢᠲᠠᠷ᠎ᠠ ᠶᠢ ᠲᠠᠯᠪᠢᠵᠣ ᠂ ᠠᠷᠠᠳ ᠲᠤ ᠠᠰᠢᠭᠳᠠᠢ ᠡᠪᠬᠡᠮᠡᠯ ᠢ ᠬᠠᠷᠢᠭᠤᠯᠬᠤ ᠬᠡᠷᠡᠭᠳᠡᠢ ᠃ ᠢᠷᠡᠭᠡᠳᠦᠶ ᠪᠠᠨ ᠪᠠᠷᠠᠯᠠᠬᠤᠶ᠎ᠠ ᠂ ︽ᠰᠠᠭᠤᠷᠢ ᠥᠩᠭᠡ︾ ᠨᠢ ᠨᠠᠩ ᠥᠳᠬᠡᠨ ᠂ ︽ᠥᠩᠭᠡ ᠵᠢᠰᠦ︾ ᠨᠢ ᠨᠠᠩ ᠥᠨᠳᠥᠷ ᠂ ︽ᠰᠦᠷ ᠵᠢᠪᠬᠤᠭ᠎ᠠ︾ ᠨᠢ ᠨᠠᠩ ᠰᠠᠶᠢᠨ ᠤᠰᠤᠨ ᠠᠰᠢᠭᠯᠠᠯᠲᠠ ᠶᠢᠨ ᠵᠢᠷᠤᠭ ᠳᠦᠷᠰᠦ ᠣᠲᠤᠭ ᠤᠨ ᠡᠮᠦᠨᠡᠲᠦ ᠬᠤᠰᠢᠭᠤᠨ ᠤ ᠡᠬᠡ ᠭᠠᠵᠠᠷ ᠲᠤ ᠠᠯᠭᠤᠷᠬᠠᠨ ᠳᠡᠯᠭᠡᠭᠳᠡᠵᠦ ᠪᠠᠶᠢᠨ᠎ᠠ ᠃  ︵ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ ᠤ ᠮᠡᠳᠡᠭᠡᠯᠡᠭᠴᠢ ᠵᠤᠤ ᠴᠢᠶᠠᠨ  ᠰᠤᠷᠪᠤᠯᠵᠢᠯᠠᠭᠴᠢ ᠯᠢ ᠵᠢᠶᠠᠨ ᠭᠦᠸᠧ︶ 
 
ᠢᠷᠡᠯᠲᠡ᠄ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号