ᠰᠢ ᠶᠢᠨ ᠫᠢᠩ ᠭᠠᠳᠠᠭᠠᠳᠤ ᠤᠯᠤᠰ ᠤᠨ ᠰᠢᠨ᠎ᠡ ᠪᠠᠷ ᠲᠤᠰᠢᠶᠠᠯ ᠳᠤ ᠭᠠᠷᠤᠭᠰᠠᠨ ᠳᠤᠮᠳᠠᠳᠤ ᠤᠯᠤᠰ ᠲᠤ ᠰᠠᠭᠤᠭ᠎ᠠ ᠡᠯᠴᠢᠨ ᠰᠠᠶᠢᠳ ᠤᠨ ᠳᠡᠪᠰᠢᠭᠦᠯᠦᠭᠰᠡᠨ ᠲᠥᠷᠥ ᠶᠢᠨ ᠪᠢᠴᠢᠭ ᠢ ᠭᠥᠯᠢᠶᠡᠨ ᠠᠪᠴᠠᠢ
ᠨᠡᠶᠢᠲᠡᠯᠡᠭᠰᠡᠨ ᠴᠠᠭ᠄
2024/12/13
      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ   12 ᠰᠠᠷ᠎ᠠ ᠶᠢᠨ 12 ᠤᠨ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠰᠠᠭᠤᠭ᠎ᠠ 28 ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ ᠭᠥᠯᠢᠶᠡᠨ ᠠᠪᠤᠪᠠ ᠃
12-13-4-1.jpg
      12 ᠰᠠᠷ᠎ᠠ ᠶᠢᠨ 12 ᠤᠨ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠰᠠᠭᠤᠭ᠎ᠠ 28 ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ ᠭᠥᠯᠢᠶᠡᠨ ᠠᠪᠤᠪᠠ ᠃ ᠲᠦᠷᠦ ᠶᠢᠨ ᠪᠢᠴᠢᠭ ᠳᠡᠪᠰᠢᠭᠦᠯᠬᠦ ᠶᠣᠰᠣᠯᠠᠯ ᠲᠡᠭᠦᠰᠦᠭᠰᠡᠨ ᠤ ᠳᠠᠷᠠᠭ᠎ᠠ ᠂ ᠰᠢ ᠶᠢᠨ ᠫᠢᠩ ᠪᠡᠭᠡᠵᠢᠩ ᠲᠢᠩᠬᠢᠮ ᠳᠤ ᠡᠯᠴᠢᠨ ᠰᠠᠶᠢᠳ ᠨᠠᠷ ᠲᠤ ᠶᠠᠷᠢᠶ᠎ᠠ ᠲᠠᠯᠪᠢᠪᠠ ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ  ᠬᠤᠸᠠᠩ ᠵᠢᠩ ᠸᠧᠨ  ᠰᠡᠭᠦᠳᠡᠷᠯᠡᠪᠡ      ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠡᠭᠦᠳᠡᠨ ᠤ ᠭᠠᠳᠠᠨ᠎ᠠ ᠂ ᠶᠣᠰᠣᠯᠠᠯ ᠤᠨ ᠴᠡᠷᠢᠭ ᠬᠤᠶᠠᠷ ᠭᠠᠷᠯᠠᠨ ᠵᠢᠭᠰᠠᠵᠤ ᠂ ᠪᠦᠷᠢᠶᠡᠴᠢᠳ ᠵᠣᠴᠢᠨ ᠤᠭᠲᠤᠬᠤ ᠪᠦᠷᠢᠶ᠎ᠡ ᠦᠯᠢᠶᠡᠪᠡ ᠃ ᠡᠯᠴᠢᠨ ᠰᠠᠶᠢᠳ ᠨᠠᠷ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠵᠦ ᠂ ᠲᠤᠭ ᠤᠨ ᠵᠢᠭᠰᠠᠭᠠᠯ ᠢ ᠥᠩᠭᠡᠷᠡᠨ ᠂ ᠭᠠᠨᠳᠢᠭ ᠴᠢᠯᠠᠭᠤᠨ ᠶᠡᠨᠳᠡᠷ ᠢᠶᠠᠷ ᠳᠡᠭᠡᠭᠰᠢ ᠠᠯᠬᠤᠯᠠᠪᠠ ᠃      ︽ᠠᠭᠤᠯᠠ ᠤᠰᠤᠨ ᠡᠶᠢᠨ ᠬᠦ ᠲᠠᠩᠰᠤᠭ ᠰᠠᠶᠢᠬᠠᠨ︾ ᠭᠡᠬᠦ ᠲᠣᠮᠣ ᠬᠠᠨ᠎ᠠ ᠶᠢᠨ ᠵᠢᠷᠤᠭ ᠤᠨ ᠡᠮᠦᠨ᠎ᠡ ᠂ ᠰᠢ  ᠶᠢᠨ ᠫᠢᠩ ᠲᠤᠰ ᠲᠤᠰ ᠡᠯᠴᠢᠨ ᠰᠠᠶᠢᠳ ᠨᠠᠷ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ ᠭᠥᠯᠢᠶᠡᠨ ᠠᠪᠤᠭᠰᠠᠨ ᠪᠥᠭᠡᠳ ᠲᠡᠳᠡᠨᠤᠰ ᠲᠠᠢ ᠨᠢᠭᠡᠳ ᠨᠢᠭᠡ ᠪᠠᠷ ᠬᠠᠮᠲᠤ ᠶᠢᠨ ᠰᠡᠭᠦᠳᠡᠷ ᠲᠠᠲᠠᠭᠤᠯᠪᠠ ᠃      ᠲᠡᠳᠡ ᠨᠠᠷ ᠪᠣᠯ᠄ ᠳᠤᠮᠳᠠᠳᠤ ᠤᠯᠤᠰ ᠲᠤ ᠰᠠᠭᠤᠭ᠎ᠠ ᠬᠤᠯᠠᠨᠳ᠋ ᠤᠨ ᠡᠯᠴᠢᠨ ᠰᠠᠶᠢᠳ ᠬᠤᠤᠱᠪᠦ᠋ᠸᠧ ᠂ ᠳᠤᠮᠳᠠᠳᠤ ᠤᠯᠤᠰ ᠲᠤ ᠰᠠᠭᠤᠭ᠎ᠠ ᠮᠣᠷᠣᠺᠺᠤ ᠶᠢᠨ ᠡᠯᠴᠢᠨ ᠰᠠᠶᠢᠳ ᠠᠨᠰᠠᠷᠢ ᠂ ᠳᠤᠮᠳᠠᠳᠤ ᠤᠯᠤᠰ ᠲᠤ ᠰᠠᠭᠤᠭ᠎ᠠ ᠺᠠᠮᠪᠤᠵᠠ ᠶᠢᠨ ᠡᠯᠴᠢᠨ ᠰᠠᠶᠢᠳ ᠰᠦᠩ ᠵᠢᠶᠠ ᠸᠧᠢ ᠂ ᠳᠤᠮᠳᠠᠳᠤ ᠤᠯᠤᠰ ᠲᠤ ᠰᠠᠭᠤᠭ᠎ᠠ ᠤᠮᠠᠷᠠᠲᠤ ᠮᠠᠺᠧᠳᠤᠨᠢᠶ᠎ᠠ ᠶᠢᠨ ᠡᠯᠴᠢᠨ ᠰᠠᠶᠢᠳ ᠨᠠᠰᠠᠶᠢᠹ ᠂ ᠳᠤᠮᠳᠠᠳᠤ ᠤᠯᠤᠰ ᠲᠤ ᠰᠠᠭᠤᠭ᠎ᠠ ᠭᠷᠦ᠋ᠽᠢᠶᠠ ᠶᠢᠨ ᠡᠯᠴᠢᠨ ᠰᠠᠶᠢᠳ ᠺᠠᠯᠠᠨᠳᠠᠽᠧ ᠂ ᠳᠤᠮᠳᠠᠳᠤ ᠤᠯᠤᠰ ᠲᠤ ᠰᠠᠭᠤᠭ᠎ᠠ ᠢᠰᠫᠠᠨᠢ ᠶᠢᠨ ᠡᠯᠴᠢᠨ ᠰᠠᠶᠢᠳ ᠪᠧᠲ᠋ᠠᠨᠰᠤᠰ ᠂ ᠳᠤᠮᠳᠠᠳᠤ ᠤᠯᠤᠰ ᠲᠤ ᠰᠠᠭᠤᠭ᠎ᠠ ᠠᠷᠭᠧᠨ᠋ᠲ᠋ᠢᠨ ᠤ ᠡᠯᠴᠢᠨ ᠰᠠᠶᠢᠳ ᠮᠠᠷᠼᠧᠯᠤ᠋ · ᠰᠤᠸᠠᠷᠢᠰ · ᠰᠠᠶᠢᠯᠸᠢᠶ᠎ᠡ ᠂ ᠳᠤᠮᠳᠠᠳᠤ ᠤᠯᠤᠰ ᠲᠤ ᠰᠠᠭᠤᠭ᠎ᠠ ᠲᠠᠢ ᠤᠯᠤᠰ ᠤᠨ ᠡᠯᠴᠢᠨ ᠰᠠᠶᠢᠳ ᠬᠠᠨ ᠼᠠᠨ ᠼᠠᠢ ᠂ ᠳᠤᠮᠳᠠᠳᠤ ᠤᠯᠤᠰ ᠲᠤ ᠰᠠᠭᠤᠭ᠎ᠠ ᠰᠠᠶᠢᠫᠷᠦ᠋ᠰ ᠤᠨ ᠡᠯᠴᠢᠨ ᠰᠠᠶᠢᠳ ᠯᠠᠨᠢᠳᠦ᠋ ᠂ ᠳᠤᠮᠳᠠᠳᠤ ᠤᠯᠤᠰ ᠲᠤ ᠰᠠᠭᠤᠭ᠎ᠠ ᠰᠷᠢ ᠯᠠᠨᠺᠠ ᠶᠢᠨ ᠡᠯᠴᠢᠨ ᠰᠠᠶᠢᠳ ᠮᠠᠺᠢᠨᠳᠠ ᠂ ᠳᠤᠮᠳᠠᠳᠤ ᠤᠯᠤᠰ ᠲᠤ ᠰᠠᠭᠤᠭ᠎ᠠ ᠮᠠᠯᠳᠠᠶᠢᠹ ᠤᠨ ᠡᠯᠴᠢᠨ ᠰᠠᠶᠢᠳ ᠹᠠᠽᠧᠷ ᠂ ᠳᠤᠮᠳᠠᠳᠤ ᠤᠯᠤᠰ ᠲᠤ ᠰᠠᠭᠤᠭ᠎ᠠ ᠮᠠᠯᠢ ᠶᠢᠨ ᠡᠯᠴᠢᠨ ᠰᠠᠶᠢᠳ ᠳ᠋ᠠᠠᠦ᠋ ᠂ ᠳᠤᠮᠳᠠᠳᠤ ᠤᠯᠤᠰ ᠲᠤ ᠰᠠᠭᠤᠭ᠎ᠠ ᠯᠠᠲᠸᠢᠶ᠎ᠠ ᠶᠢᠨ ᠡᠯᠴᠢᠨ ᠰᠠᠶᠢᠳ ᠠᠶᠢᠾᠧᠩᠪᠤᠮᠰ ᠂ ᠳᠤᠮᠳᠠᠳᠤ ᠤᠯᠤᠰ ᠲᠤ ᠰᠠᠭᠤᠭ᠎ᠠ ᠳ᠋ᠠᠨᠮᠠᠷᠺ ᠤᠨ ᠡᠯᠴᠢᠨ ᠰᠠᠶᠢᠳ ᠺᠦᠩᠮᠦ᠋ᠸᠧᠺᠧ ᠂ ᠳᠤᠮᠳᠠᠳᠤ ᠤᠯᠤᠰ ᠲᠤ ᠰᠠᠭᠤᠭ᠎ᠠ ᠠᠶᠢᠷᠯᠠᠨᠳ᠋ ᠤᠨ ᠡᠯᠴᠢᠨ ᠰᠠᠶᠢᠳ ᠡᠸᠦᠪᠦ᠋ᠸᠧᠷᠧᠨ ᠂ ᠳᠤᠮᠳᠠᠳᠤ ᠤᠯᠤᠰ ᠲᠤ ᠰᠠᠭᠤᠭ᠎ᠠ ᠽᠢᠮᠪᠠᠪᠦ᠋ᠸᠧᠢ ᠶᠢᠨ ᠡᠯᠴᠢᠨ ᠰᠠᠶᠢᠳ ᠱᠤᠤᠨᠢᠸᠠ ᠂ ᠲᠤᠮᠳᠠᠳᠤ ᠤᠯᠤᠰ ᠲᠤ ᠰᠠᠭᠤᠭ᠎ᠠ ᠮᠣᠩᠭᠤᠯ ᠤᠯᠤᠰ ᠤᠨ ᠡᠯᠴᠢᠨ ᠰᠠᠶᠢᠳ ᠡᠩᠬᠡᠪᠣᠯᠣᠳ ᠂ ᠳᠤᠮᠳᠠᠳᠤ ᠤᠯᠤᠰ ᠲᠤ ᠰᠠᠭᠤᠭ᠎ᠠ ᠨᠣᠷᠸᠠᠢ ᠶᠢᠨ ᠡᠯᠴᠢᠨ ᠰᠠᠶᠢᠳ ᠳ᠋ᠠᠸᠢᠡᠧᠨ ᠂ ᠳᠤᠮᠳᠠᠳᠤ ᠤᠯᠤᠰ ᠲᠤ ᠰᠠᠭᠤᠭ᠎ᠠ ᠨᠠᠥ᠋ᠷᠦ᠋ ᠶᠢᠨ ᠡᠯᠴᠢᠨ ᠰᠠᠶᠢᠳ ᠵᠢᠶᠧᠯᠢᠮᠠᠶᠢᠶᠠ ᠂ ᠳᠤᠮᠳᠠᠳᠤ ᠤᠯᠤᠰ ᠲᠤ ᠰᠠᠭᠤᠭ᠎ᠠ ᠹᠢᠨᠯᠠᠨᠳ᠋ ᠤᠨ ᠡᠯᠴᠢᠨ ᠰᠠᠶᠢᠳ ᠮᠢᠩᠺᠠᠢ ᠂ ᠳᠤᠮᠳᠠᠳᠤ ᠤᠯᠤᠰ ᠲᠤ ᠰᠠᠭᠤᠭ᠎ᠠ ᠮᠣᠨᠲ᠋ᠧᠨᠧᠭᠷᠤ᠋ ᠶᠢᠨ ᠡᠯᠴᠢᠨ ᠰᠠᠶᠢᠳ ᠪᠦᠯᠠᠲ᠋ᠤᠸᠢᠴ ᠂ ᠳᠤᠮᠳᠠᠳᠤ ᠤᠯᠤᠰ ᠲᠤ ᠰᠠᠭᠤᠭ᠎ᠠ ᠰᠠᠯᠸᠠᠳᠤᠷ ᠤᠨ ᠡᠯᠴᠢᠨ ᠰᠠᠶᠢᠳ ᠯᠤᠫᠧᠰ ᠂ ᠳᠤᠮᠳᠠᠳᠤ ᠤᠯᠤᠰ ᠲᠤ ᠰᠠᠭᠤᠭ᠎ᠠ ᠰᠯᠤᠸᠧᠨᠢᠶ᠎ᠠ ᠶᠢᠨ ᠡᠯᠴᠢᠨ ᠰᠠᠶᠢᠳ ᠮᠠᠪᠦ᠋ᠸᠧᠶᠠᠩ ᠂ ᠳᠤᠮᠳᠠᠳᠤ ᠤᠯᠤᠰ ᠲᠤ ᠰᠠᠭᠤᠭ᠎ᠠ ᠸᠧᠨᠧᠽᠦ᠋ᠧᠯᠠ ᠶᠢᠨ ᠡᠯᠴᠢᠨ ᠰᠠᠶᠢᠳ ᠰᠠᠶᠢᠸᠠᠯᠦ᠋ᠧᠧᠰ ᠂ ᠳᠤᠮᠳᠠᠳᠤ ᠤᠯᠤᠰ ᠲᠤ ᠰᠠᠭᠤᠭ᠎ᠠ ᠴᠠᠳ᠋ ᠤᠨ ᠡᠯᠴᠢᠨ ᠰᠠᠶᠢᠳ ᠠᠪᠠᠺᠠᠷ ᠂ ᠳᠤᠮᠳᠠᠳᠤ ᠤᠯᠤᠰ ᠲᠤ ᠰᠠᠭᠤᠭ᠎ᠠ ᠰᠣᠮᠠᠯᠢ ᠶᠢᠨ ᠡᠯᠴᠢᠨ ᠰᠠᠶᠢᠳ ᠡᠾᠧᠳᠠᠨ ᠂ ᠳᠤᠮᠳᠠᠳᠤ ᠤᠯᠤᠰ ᠲᠤ ᠰᠠᠭᠤᠭ᠎ᠠ ᠨᠧᠫᠠᠯ ᠤᠨ ᠡᠯᠴᠢᠨ ᠰᠠᠶᠢᠳ ᠤᠤᠯᠢ ᠂ ᠳᠤᠮᠳᠠᠳᠤ ᠤᠯᠤᠰ ᠲᠤ ᠰᠠᠭᠤᠭ᠎ᠠ ᠪᠧᠩᠭᠠᠯ ᠤᠨ ᠡᠯᠴᠢᠨ ᠰᠠᠶᠢᠳ ᠨᠠᠽᠮᠦᠷ ᠨᠠᠷ ᠪᠣᠯᠣᠨ᠎ᠠ ᠃      ᠲᠦᠷᠦ ᠶᠢᠨ ᠪᠢᠴᠢᠭ ᠳᠡᠪᠰᠢᠭᠦᠯᠬᠦ ᠶᠣᠰᠣᠯᠠᠯ ᠲᠡᠭᠦᠰᠦᠭᠰᠡᠨ ᠤ ᠳᠠᠷᠠᠭ᠎ᠠ ᠂ ᠰᠢ ᠶᠢᠨ ᠫᠢᠩ ᠪᠡᠭᠡᠵᠢᠩ ᠲᠢᠩᠬᠢᠮ ᠳᠤ ᠡᠯᠴᠢᠨ ᠰᠠᠶᠢᠳ ᠨᠠᠷ ᠲᠤ ᠶᠠᠷᠢᠶ᠎ᠠ ᠲᠠᠯᠪᠢᠪᠠ ᠃
12-13-4-3.jpg
      12 ᠰᠠᠷ᠎ᠠ ᠶᠢᠨ 12 ᠤᠨ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠰᠠᠭᠤᠭ᠎ᠠ 28 ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ ᠭᠥᠯᠢᠶᠡᠨ ᠠᠪᠤᠪᠠ ᠃ ᠲᠦᠷᠦ ᠶᠢᠨ ᠪᠢᠴᠢᠭ ᠳᠡᠪᠰᠢᠭᠦᠯᠬᠦ ᠶᠣᠰᠣᠯᠠᠯ ᠲᠡᠭᠦᠰᠦᠭᠰᠡᠨ ᠤ ᠳᠠᠷᠠᠭ᠎ᠠ ᠂ ᠰᠢ ᠶᠢᠨ ᠫᠢᠩ ᠪᠡᠭᠡᠵᠢᠩ ᠲᠢᠩᠬᠢᠮ ᠳᠤ ᠡᠯᠴᠢᠨ ᠰᠠᠶᠢᠳ ᠨᠠᠷ ᠲᠤ ᠶᠠᠷᠢᠶ᠎ᠠ ᠲᠠᠯᠪᠢᠪᠠ ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ  ᠳ᠋ᠢᠩ ᠬᠠᠢ ᠲᠣᠣ  ᠰᠡᠭᠦᠳᠡᠷᠯᠡᠪᠡ      ᠰᠢ ᠶᠢᠨ ᠫᠢᠩ ᠡᠯᠴᠢᠨ ᠰᠠᠶᠢᠳ ᠨᠠᠷ ᠤᠨ ᠳᠤᠮᠳᠠᠳᠤ ᠤᠯᠤᠰ ᠲᠤ ᠢᠷᠡᠵᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠶᠠᠷᠯᠠᠨ ᠤᠭᠲᠤᠵᠤ ᠂ ᠲᠡᠳᠡᠨ ᠢᠶᠠᠷ ᠳᠠᠮᠵᠢᠭᠤᠯᠤᠨ ᠲᠣᠰ ᠲᠣᠰ ᠤᠨ ᠤᠯᠤᠰ ᠤᠨ ᠬᠢᠨᠢ ᠤᠳᠤᠷᠢᠳᠬᠤ ᠬᠥᠮᠥᠰ ᠪᠣᠯᠣᠨ ᠠᠷᠠᠳ ᠲᠦᠮᠡᠨ ᠳᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠡᠯᠴᠢᠨ ᠰᠠᠶᠢᠳ ᠨᠠᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠲᠥᠭᠦᠮ ᠦᠵᠡᠭᠦᠯᠵᠦ ᠳᠡᠮᠵᠢᠯᠭᠡ ᠬᠠᠩᠭᠠᠨ᠎ᠠ ᠭᠡᠵᠦ ᠢᠯᠡᠷᠬᠡᠶᠢᠯᠡᠪᠡ ᠃      ᠰᠢ ᠶᠢᠨ ᠫᠢᠩ ᠂ ᠳᠤᠮᠳᠠᠳᠤ ᠤᠯᠤᠰ ᠥᠨᠢ ᠤᠳᠠᠭᠠᠨ ᠲᠡᠦᠬᠡ ᠲᠠᠢ ᠂ ᠨᠤᠲᠤᠭ ᠳᠡᠪᠢᠰᠬᠡᠷ ᠥᠷᠭᠡᠨ ᠠᠭᠤᠳᠠᠮ ᠶᠤᠮ ᠃ ᠡᠯᠴᠢᠨ ᠰᠠᠶᠢᠳ ᠨᠠᠷ ᠳᠤᠮᠳᠠᠳᠤ ᠤᠯᠤᠰ ᠤᠨ ᠡᠯ᠎ᠡ ᠭᠠᠵᠠᠷ ᠢᠶᠠᠷ ᠢᠯᠡᠭᠦᠬᠡᠨ ᠶᠠᠪᠤᠵᠤ ᠦᠵᠡᠨ ᠂ ᠳᠤᠮᠳᠠᠳᠤ ᠤᠯᠤᠰ ᠤᠨ ᠠᠷᠠᠳ ᠤᠯᠠᠨ ᠤ ᠲᠠᠭᠤᠨ ᠢ ᠢᠯᠡᠭᠦᠬᠡᠨ ᠰᠣᠨᠣᠰᠴᠤ ᠂ ᠲᠡᠦᠬᠡᠨ ᠳᠠᠬᠢ ᠳᠤᠮᠳᠠᠳᠤ ᠤᠯᠤᠰ ᠂ ᠤᠳᠤ ᠶᠢᠨ ᠳᠤᠮᠳᠠᠳᠤ ᠤᠯᠤᠰ ᠂ ᠢᠷᠡᠭᠡᠳᠦᠢ ᠶᠢᠨ ᠳᠤᠮᠳᠠᠳᠤ ᠤᠯᠤᠰ ᠢ ᠪᠦᠭᠦ ᠲᠠᠯ᠎ᠠ ᠪᠠᠷ ᠣᠶᠢᠯᠠᠭᠠᠵᠤ ᠂ ᠳᠤᠮᠳᠠᠳᠤ ᠤᠯᠤᠰ ᠤᠨ ᠴᠠᠭ ᠦᠶ᠎ᠡ ᠶᠢᠨ ᠳᠦᠷᠰᠦ ᠪᠠᠶᠢᠳᠠᠯ ᠂ ᠬᠥᠭᠵᠢᠯᠲᠡ ᠶᠢᠨ ᠵᠠᠮ ᠂ ᠤᠷᠤᠭᠰᠢᠯᠠᠯᠲᠠ ᠶᠢᠨ ᠴᠢᠭᠯᠡᠯ ᠢ ᠪᠤᠰᠤᠳᠴᠢ ᠪᠠᠷ ᠲᠤᠰᠬᠠᠵᠤ ᠂ ᠳᠤᠮᠳᠠᠳᠤ ᠤᠯᠤᠰ ᠪᠣᠯᠣᠨ ᠳᠡᠯᠡᠬᠡᠢ ᠶᠢᠨ ᠬᠤᠭᠤᠷᠣᠨᠳᠤᠭᠢ ᠶᠠᠪᠤᠯᠴᠠᠭ᠎ᠠ ᠶᠢᠨ ᠬᠥᠭᠦᠷᠭᠡ ᠶᠢ ᠲᠠᠯᠪᠢᠭᠴᠢ ᠂ ᠬᠠᠮᠲᠤᠷᠠᠯᠴᠠᠭ᠎ᠠ ᠶᠢ ᠠᠬᠢᠭᠤᠯᠤᠭᠴᠢ ᠂ ᠨᠥᠬᠦᠷᠯᠡᠯ ᠤᠨ ᠤᠯᠠᠮᠵᠢᠯᠠᠭᠴᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃      ᠰᠢ ᠶᠢᠨ ᠫᠢᠩ ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ ᠃ 75 ᠵᠢᠯ ᠤᠨ ᠰᠢᠷᠭᠠᠭᠤ ᠬᠠᠲᠠᠭᠤᠵᠢᠯᠲᠠᠢ ᠲᠡᠮᠡᠴᠡᠯ ᠢᠶᠠᠷ ᠳᠠᠮᠵᠢᠭᠠᠳ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢᠭᠡᠨᠲᠡ ᠰᠦᠷᠯᠢᠭ ᠰᠠᠶᠢᠬᠠᠨ ᠦᠵᠡᠮᠵᠢᠲᠦ ᠵᠢᠷᠤᠭ ᠢ ᠳᠡᠯᠭᠡᠭᠰᠡᠨ ᠪᠥᠭᠡᠳ ᠵᠦᠢᠷᠯᠡᠰᠢ ᠦᠭᠡᠢ ᠭᠡᠷᠡᠯ ᠰᠠᠴᠤᠷᠠᠩᠭᠤᠢ ᠠᠯᠤᠰ ᠢᠷᠡᠭᠡᠳᠦᠢ ᠢᠯᠡᠷᠡᠪᠡ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ ᠂ 300 ᠭᠠᠷᠤᠢ ᠵᠦᠢᠯ ᠤᠨ ᠥᠭᠡᠷᠡᠴᠢᠯᠡᠯᠲᠡ ᠶᠢᠨ ᠴᠢᠬᠤᠯᠠ ᠠᠷᠭ᠎ᠠ ᠪᠠᠷᠢᠯ ᠢ ᠳᠤᠷᠠᠳᠤᠨ ᠭᠠᠷᠭᠠᠪᠠ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠪᠡᠶ᠎ᠡ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ ᠣᠳᠣᠬᠢᠴᠢᠯᠠᠯᠲᠠ ᠪᠢᠰᠢ ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠡᠯ᠎ᠡ ᠤᠯᠤᠰ ᠲᠠᠢ ᠬᠠᠮᠲᠤ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠵᠦ ᠂ ᠰᠠᠶᠢᠨ ᠰᠠᠶᠢᠬᠠᠨ ᠢᠶᠠᠨ ᠬᠠᠮᠲᠤ ᠪᠠᠷ ᠬᠤᠪᠢᠶᠠᠯᠴᠠᠵᠤ ᠂ ᠬᠠᠷᠢᠯᠴᠠᠨ ᠲᠤᠰᠠᠯᠠᠯᠴᠠᠵᠤ ᠠᠮᠵᠢᠯᠲᠠ ᠣᠯᠬᠤ ᠶᠢ ᠪᠡᠶᠡᠯᠡᠭᠦᠯᠵᠦ ᠂ ᠡᠩᠬᠡ ᠲᠠᠶᠢᠪᠤᠩ ᠬᠥᠭᠵᠢᠯᠲᠡ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠭᠠᠷ ᠬᠤᠯᠪᠣᠯᠴᠠᠨ ᠲᠡᠮᠡᠴᠡᠨ᠎ᠡ ᠭᠡᠵᠦ ᠵᠢᠭᠠᠵᠤ ᠭᠠᠷᠭᠠᠪᠠ ᠃
12-13-4-2.jpg
      12 ᠰᠠᠷ᠎ᠠ ᠶᠢᠨ 12 ᠤᠨ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠰᠠᠭᠤᠭ᠎ᠠ 28 ᠡᠯᠴᠢᠨ ᠰᠠᠶᠢᠳ ᠤᠨ ᠳᠡᠪᠰᠢᠭᠦᠯᠦᠭᠰᠡᠨ ᠲᠦᠷᠦ ᠶᠢᠨ ᠪᠢᠴᠢᠭ ᠢ ᠭᠥᠯᠢᠶᠡᠨ ᠠᠪᠤᠪᠠ ᠃ ᠲᠦᠷᠦ ᠶᠢᠨ ᠪᠢᠴᠢᠭ ᠳᠡᠪᠰᠢᠭᠦᠯᠬᠦ ᠶᠣᠰᠣᠯᠠᠯ ᠲᠡᠭᠦᠰᠦᠭᠰᠡᠨ ᠤ ᠳᠠᠷᠠᠭ᠎ᠠ ᠂ ᠰᠢ ᠶᠢᠨ ᠫᠢᠩ ᠪᠡᠭᠡᠵᠢᠩ ᠲᠢᠩᠬᠢᠮ ᠳᠤ ᠡᠯᠴᠢᠨ ᠰᠠᠶᠢᠳ ᠨᠠᠷ ᠲᠤ ᠶᠠᠷᠢᠶ᠎ᠠ ᠲᠠᠯᠪᠢᠪᠠ ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ  ᠶᠢᠨ ᠪᠦᠸᠧ ᠭᠦ᠋  ᠰᠡᠭᠦᠳᠡᠷᠯᠡᠪᠡ      ᠰᠢ ᠶᠢᠨ ᠫᠢᠩ ᠂ ᠮᠠᠨ ᠤ ᠣᠷᠣᠰᠢᠵᠤ ᠪᠠᠶᠢᠭ᠎ᠠ ᠴᠠᠭ ᠦᠶ᠎ᠡ ᠭᠠᠵᠠᠷ ᠣᠷᠣᠨ ᠤ ᠮᠥᠷᠭᠦᠯᠳᠦᠭᠡᠨ ᠂ ᠭᠠᠭᠴᠠ ᠲᠠᠯ᠎ᠠ ᠶᠢᠨ ᠠᠵᠢᠯᠯᠠᠭ᠎ᠠ ᠂ ᠬᠠᠮᠠᠭᠠᠯᠠᠬᠤ ᠦᠵᠡᠯ ᠤᠨ ᠬᠡᠴᠡᠭᠦᠳᠡᠯ ᠵᠢᠴᠢ ᠠᠭᠤᠷ ᠠᠮᠢᠰᠬᠤᠯ ᠤᠨ ᠬᠤᠪᠢᠷᠠᠯᠲᠠ ᠵᠡᠷᠭᠡ ᠬᠦᠨᠳᠦ ᠶᠡᠭᠡ ᠥᠷᠢᠰᠦᠯᠳᠦᠭᠡᠨ ᠪᠠ ᠬᠢᠮᠤᠷᠠᠯ ᠳᠤ ᠲᠤᠯᠭᠠᠷᠠᠵᠤ ᠪᠠᠶᠢᠭ᠎ᠠ ᠪᠣᠯᠬᠤᠷ ᠡᠯ᠎ᠡ ᠤᠯᠤᠰ ᠬᠠᠮᠲᠤ ᠪᠠᠷ ᠠᠵᠢᠯᠯᠠᠭ᠎ᠠ ᠠᠪᠬᠤ ᠴᠢᠬᠤᠯᠠᠲᠠᠢ ᠪᠠᠶᠢᠨ᠎ᠠ ᠃ ᠲᠡᠦᠬᠡ ᠶᠢᠨ ᠰᠢᠨ᠎ᠡ ᠲᠣᠨᠣᠯᠵᠢᠨ ᠵᠠᠮ ᠳᠡᠭᠡᠷ᠎ᠡ ᠵᠣᠭᠰᠣᠭᠰᠠᠨ ᠡᠯ᠎ᠡ ᠤᠯᠤᠰ ᠨᠡᠩ ᠴᠤ ᠬᠥᠮᠥᠨ ᠲᠥᠷᠥᠯᠬᠢᠲᠡᠨ ᠤ ᠲᠡᠦᠬᠡ ᠠᠴᠠ ᠲᠤᠷᠰᠢᠯᠭ᠎ᠠ ᠰᠤᠷᠭᠠᠮᠵᠢ ᠠᠪᠴᠤ ᠂ ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠵᠤ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠬᠠᠮᠠᠭᠠᠯᠠᠬᠤ ᠳᠤ ᠨᠡᠩ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠬᠤ ᠴᠢᠬᠤᠯᠠᠲᠠᠢ ᠶᠤᠮ ᠃ ᠳᠡᠯᠡᠬᠡᠢ ᠨᠡᠶᠢᠭᠡᠮ ᠤᠨ ᠲᠣᠭᠲᠠᠭᠤᠨ ᠂ ᠢᠳᠡᠪᠬᠢᠲᠡᠢ ᠂ ᠲᠠᠪᠰᠢᠯᠳᠠ ᠶᠢᠨ ᠬᠦᠴᠦᠨ ᠪᠣᠯᠤᠭᠰᠠᠨ ᠤ ᠬᠤᠪᠢ ᠳᠤ ᠂ ᠳᠤᠮᠳᠠᠳᠤ ᠤᠯᠤᠰ ᠢᠮᠠᠭᠲᠠ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ ᠂ ᠡᠯ᠎ᠡ ᠤᠯᠤᠰ ᠲᠠᠢ ᠬᠠᠮᠲᠤ ᠪᠠᠷ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ ᠲᠤᠶᠢᠯᠵᠢᠯᠲᠡ ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠦᠢᠯᠡᠳᠦᠯᠭᠡᠵᠢᠭᠦᠯᠵᠦ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ ᠃      ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号