ᠰᠢ ᠶᠢᠨ ᠫᠢᠩ ᠾᠧ ᠢ ᠴᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/12/19
      ᠰᠢᠨᠬᠤᠸᠠ ᠬᠤᠷᠢᠶ᠎ᠠ ᠶᠢᠨ ᠣᠣᠮᠧᠨ ᠤ 12 ᠰᠠᠷ᠎ᠠ ᠶᠢᠨ 18 ᠤ ᠴᠠᠭᠢᠯᠭᠠᠨ ᠮᠡᠳᠡᠭᠡ   ᠤᠯᠤᠰ ᠤᠨ ᠲᠡᠷᠢᠭᠦᠯᠡᠭᠴᠢ ᠰᠢ ᠶᠢᠨ ᠫᠢᠩ 18 ᠤ ᠦᠳᠡ ᠶᠢᠨ ᠬᠤᠶᠢᠨ᠎ᠠ ᠣᠣᠮᠧᠨ ᠳᠤ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠲᠠᠢ ᠠᠭᠤᠯᠵᠠᠪᠠ ᠃
12-19-1.jpg
      12 ᠰᠠᠷ᠎ᠠ ᠶᠢᠨ 18 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ  ᠰᠢ ᠶᠢᠨ ᠫᠢᠩ ᠣᠣᠮᠧᠨ ᠳᠤ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠲᠠᠢ ᠠᠭᠤᠯᠵᠠᠪᠠ ᠃   ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠵᠠᠢ ᠵᠢᠶᠠᠨ ᠯᠠᠨ  ᠰᠡᠭᠦᠳᠡᠷᠯᠡᠪᠡ      ᠰᠢ ᠶᠢᠨ ᠫᠢᠩ ᠾᠧ ᠢ ᠴᠧᠩ ᠳᠤ ᠲᠠ ᠵᠠᠰᠠᠭ ᠵᠠᠬᠢᠷᠭᠠᠨ ᠤ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠡᠨᠡ 5 ᠵᠢᠯ ᠳᠤ ᠬᠦᠴᠢᠷ ᠢ ᠰᠥᠷᠦᠨ ᠤᠷᠤᠭᠰᠢᠯᠠᠵᠤ ᠂ ᠪᠣᠳᠠᠲᠠᠢ ᠶᠢ ᠡᠷᠬᠢᠮᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ  ᠨᠢ ᠮᠠᠰᠢ ᠭᠢᠯᠪᠠᠷ ᠪᠤᠰᠤ ᠪᠥᠭᠡᠳ ᠮᠠᠰᠢ ᠶᠡᠭᠡ ᠠᠮᠵᠢᠯᠲᠠ ᠪᠦᠲᠦᠮᠵᠢ ᠣᠯᠵᠠᠢ ᠃ ᠲᠠ ᠲᠤᠰ ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠢ ᠳᠠᠭᠠᠭᠤᠯᠤᠨ ᠣᠣᠮᠧᠨ ᠤ ᠨᠡᠶᠢᠭᠡᠮ ᠤᠨ ᠡᠯ᠎ᠡ ᠡᠲᠡᠭᠡᠳ ᠤᠨ ᠬᠢᠨ ᠢ ᠪᠦᠯᠬᠦᠮᠳᠡᠭᠦᠯᠵᠦ ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠭᠦ ᠲᠠᠯ᠎ᠠ ᠪᠠᠷ ᠵᠥᠪ ᠣᠨᠣᠪᠴᠢᠲᠠᠢ ᠂ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠵᠤ ᠂ ᠤᠯᠤᠰ ᠤᠨ ᠡᠷᠬᠡ ᠮᠡᠳᠡᠯ ᠂ ᠠᠮᠤᠷ ᠲᠦᠪᠰᠢᠨ ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠳᠠᠭᠠᠷᠢᠯᠲᠠ ᠶᠢᠨ ᠥᠷᠢᠰᠦᠯᠳᠦᠭᠡᠨ ᠢ ᠢᠯᠠᠨ ᠳᠠᠪᠠᠵᠤ ᠂ ᠠᠵᠤ ᠠᠬᠤᠢ ᠶᠢᠨ ᠵᠣᠬᠢᠰᠲᠠᠢ ᠬᠡᠮᠵᠢᠶ᠎ᠡ ᠪᠠᠷ ᠤᠯᠠᠨ ᠡᠰᠢᠵᠢᠬᠦ ᠬᠥᠭᠵᠢᠯᠲᠡ ᠶᠢ ᠴᠢᠷᠮᠠᠶᠢᠨ ᠠᠬᠢᠭᠤᠯᠵᠤ ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠲᠠᠢ ᠪᠣᠯᠵᠤ ᠂ ᠬᠥᠭᠵᠢᠯ ᠴᠡᠴᠡᠭᠯᠡᠯ ᠲᠠᠢ ᠲᠣᠭᠲᠠᠭᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠪᠡ ᠃ ᠲᠥᠪ ᠠᠴᠠ ᠲᠠ ᠪᠣᠯᠣᠨ ᠲᠤᠰ ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠠᠵᠢᠯ ᠢ ᠭᠦᠢᠴᠡᠳ ᠨᠤᠲᠠᠯᠠᠵᠤ ᠪᠠᠶᠢᠨ᠎ᠠ ᠭᠡᠵᠦ ᠢᠯᠡᠳᠬᠡᠪᠡ ᠃      ᠰᠢ ᠶᠢᠨ ᠫᠢᠩ ᠂ ᠲᠠᠨ ᠤ ᠰᠢᠨ᠎ᠡ ᠬᠤᠭᠤᠴᠠᠭᠠᠨ ᠤ ᠵᠠᠰᠠᠭ ᠵᠠᠬᠢᠷᠭᠠᠨ ᠤ ᠳᠠᠷᠤᠭ᠎ᠠ ᠵᠢᠴᠢ ᠲᠡᠭᠦᠨ ᠤ ᠬᠠᠮᠢᠶᠠᠷᠤᠨ ᠵᠠᠰᠠᠬᠤ ᠪᠦᠯᠭᠦᠮ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠳᠡᠪᠬᠢᠲᠡᠢ ᠲᠡᠮᠵᠢᠵᠥ ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠦᠢᠯᠡᠰ ᠂ ᠣᠣᠮᠧᠨ ᠪᠣᠯᠣᠨ ᠤᠯᠤᠰ ᠤᠨ ᠬᠥᠭᠵᠢᠯᠲᠡ ᠳᠤ ᠦᠷᠭᠦᠯᠵᠢᠯᠡᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃      ᠾᠧ ᠢ ᠴᠧᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠪᠣᠯᠣᠨ ᠣᠣᠮᠧᠨ ᠤ ᠬᠤᠳᠠ ᠶᠢᠨ ᠠᠷᠠᠳ ᠤᠨ ᠡᠮᠦᠨ᠎ᠡ ᠠᠴᠠ ᠲᠡᠷᠢᠭᠦᠯᠡᠭᠴᠢ ᠰᠢ ᠶᠢᠨ ᠫᠢᠩ ᠪᠣᠯᠣᠨ ᠬᠠᠳᠤᠨ ᠫᠧᠩ ᠯᠢ ᠶᠤᠸᠠᠨ ᠤ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠤᠯᠴᠠᠬᠤ ᠶᠢᠨ ᠬᠠᠮᠲᠤ ᠣᠣᠮᠧᠨ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ ᠃ ᠲᠡᠷᠡ ᠂ ᠲᠡᠷᠢᠭᠦᠯᠡᠭᠴᠢ ᠰᠢ ᠶᠢᠨ ᠫᠢᠩ ᠪᠣᠯᠣᠨ ᠲᠥᠪ ᠵᠠᠰᠠᠭ ᠤᠨ ᠣᠷᠳᠣᠨ ᠤ ᠢᠲᠡᠭᠡᠯ ᠪᠣᠯᠣᠨ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠃ ᠲᠥᠪ ᠤᠨ ᠬᠦᠴᠦᠲᠡᠢ ᠳᠡᠮᠵᠢᠯᠭᠡ ᠳᠣᠣᠷ᠎ᠠ ᠲᠠᠪᠤᠨ ᠵᠢᠯ ᠤᠨ ᠲᠤᠷᠰᠢ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠪᠦᠯᠬᠦᠮᠳᠡᠭᠦᠯᠦᠨ ᠳᠠᠭᠠᠭᠤᠯᠵᠤ ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠶᠢ ᠡᠷᠡᠰ ᠬᠦᠴᠦᠲᠡᠢ ᠠᠷᠭᠠᠴᠠᠭᠠᠵᠤ ᠂ ᠣᠨᠴᠠᠭᠠᠢ ᠵᠠᠰᠠᠭ ᠵᠠᠬᠢᠷᠭᠠᠨ ᠤ ᠣᠷᠣᠨ ᠤ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠪᠦᠭᠦ ᠲᠠᠯ᠎ᠠ ᠪᠠᠷ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ ᠃ ᠪᠢ ᠰᠢᠨ᠎ᠡ ᠬᠤᠭᠤᠴᠠᠭᠠᠨ ᠤ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠳᠡᠮᠵᠢᠵᠦ ᠂ ᠣᠣᠮᠧᠨ ᠪᠣᠯᠣᠨ ᠤᠯᠤᠰ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠳᠤ ᠦᠷᠭᠦᠯᠵᠢᠯᠡᠨ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ ᠃      ᠼᠠᠢ ᠴᠢ ᠂ ᠰᠢᠶᠠ ᠪᠦᠦ ᠯᠦᠩ ᠨᠠᠷ ᠠᠭᠤᠯᠵᠠᠯᠲᠠ ᠳᠤ ᠣᠷᠣᠯᠴᠠᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号