ᠤᠯᠠᠭᠠᠨᠴᠠᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶ ᠬᠤᠩ | ᠣᠶᠢᠷ᠎ᠠ ᠶᠢᠨ ᠵᠢᠯ ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ | ᠤᠰᠤ ᠵᠠᠰᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠦ ᠂ ︽ᠤᠰᠤ ᠪᠠᠷ ᠳᠦᠷᠪᠡᠨ ᠵᠦᠢᠯ ᠢ | ᠲᠤᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ ᠂ ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ | ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠤᠰᠤᠨ ᠤ ᠡᠬᠢ ᠪᠠᠶᠠᠯᠢᠭ ᠤᠨ ᠬᠠᠮᠤᠭ ᠤᠨ ᠬᠠᠲᠠᠭᠤ | ᠬᠢᠵᠠᠭᠠᠷᠯᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠥᠨᠳᠥᠷ ᠪᠦᠲᠦᠮᠵᠢᠲᠡᠶ ᠤᠰᠤ ᠠᠷᠪᠢᠯᠠᠬᠤ ᠠᠷᠭ᠎ᠠ ᠵᠠᠮ ᠢ | ᠢᠳᠡᠪᠬᠢᠲᠡᠶ ᠬᠠᠶᠢᠨ ᠰᠦᠪᠡᠭᠴᠢᠯᠡᠵᠦ ᠂ ᠲᠠᠷᠢᠶᠠᠯᠠᠩ ᠤᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠂ ᠤᠰᠤ ᠠᠷᠪᠢᠯᠠᠵᠤ ᠠᠷᠠᠳ ᠲᠤ | ᠠᠰᠢᠭ ᠬᠦᠷᠲᠡᠭᠡᠬᠦ ᠶᠢ ᠠᠬᠢᠭᠤᠯᠵᠤ ᠂ ᠲᠠᠷᠢᠶᠠᠯᠠᠩ ᠬᠥᠳᠡᠭᠡ ᠲᠣᠰᠬᠤᠨ ᠤ ᠤᠰᠤᠨ ᠠᠰᠢᠭᠯᠠᠯᠲᠠ ᠶᠢᠨ ᠠᠵᠢᠯ ᠤᠨ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ ᠃ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ | ᠨᠡᠶᠢᠭᠡᠮ ᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ ᠂ ᠪᠥᠬᠦ ᠣᠷᠣᠨ ᠤ ᠲᠠᠷᠢᠶᠠᠯᠠᠩ ᠤᠨ ᠤᠰᠤᠨ ᠤ ᠦᠨ᠎ᠡ | ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠰᠢᠯᠭᠠᠨ ᠠᠪᠬᠤ ᠶᠠᠪᠤᠴᠠ ᠳᠤ ᠰᠢᠯᠢᠳᠡᠭ ᠪᠠᠶᠢᠬᠤ ᠶᠢᠨ | ᠬᠠᠮᠲᠤ ᠪᠥᠬᠦ ᠣᠷᠣᠨ ᠳᠤ ᠲᠡᠷᠢᠭᠦᠨ ᠤ ᠲᠤᠷᠰᠢᠯᠭ᠎ᠠ ᠶᠢ ᠳᠡᠯᠭᠡᠷᠡᠭᠦᠯᠦᠨ᠎ᠡ ᠃ | ᠨᠢᠭᠡ ᠂ ︽ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠂ ᠰᠢᠰᠲ᠋ᠧᠮ ᠤᠨ ᠤᠰᠤ ᠠᠷᠪᠢᠯᠠᠬᠤ︾ ᠶᠢ | ᠲᠤᠪᠤᠶᠢᠯᠭᠠᠵᠤ ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠪᠠᠬᠢᠯᠡᠯᠲᠡ ᠶᠢ ᠠᠷᠢᠯᠭᠠᠨ᠎ᠠ | ᠪᠠᠶᠢᠭᠤᠯᠤᠯ ᠲᠣᠭᠲᠠᠴᠠ ᠶᠢ ᠰᠢᠯᠤᠭᠤᠳᠬᠠᠬᠤ ᠡᠨᠡ ᠬᠦ ᠦᠨᠳᠦᠰᠦᠨ ᠵᠦᠢᠯ ᠢ ᠴᠢᠩᠭ᠎ᠠ ᠠᠳᠬᠤᠵᠤ ᠂ ︽ | ᠤᠰᠤ ᠶᠢ ᠲᠣᠰᠬᠤᠨ ᠳᠤ ᠬᠤᠪᠢᠶᠠᠷᠢᠯᠠᠬᠤ ᠂ ᠬᠡᠮᠵᠢᠯᠲᠡ ᠶᠢ ᠬᠤᠳᠳᠤᠭ ᠲᠤ ᠬᠦᠷᠭᠡᠬᠦ ᠂ ᠤᠰᠤ ᠶᠢ ᠡᠷᠦᠬᠡ ᠳᠤ | ᠬᠦᠷᠭᠡᠬᠦ ᠂ ᠤᠰᠤ ᠬᠡᠷᠡᠭᠯᠡᠵᠦ ᠰᠦᠢᠳᠬᠡᠯ ᠲᠤᠰᠢᠶᠠᠬᠤ ᠂ ᠤᠰᠤ ᠠᠪᠬᠤ ᠬᠡᠮᠵᠢᠶ᠎ᠡ ᠶᠢ ᠬᠢᠵᠠᠭᠠᠷᠯᠠᠬᠤ ᠂ ᠲᠤᠭ᠎ᠠ ᠠᠴᠠ | ᠬᠡᠲᠦᠷᠡᠪᠡᠯ ᠦᠨ᠎ᠡ ᠨᠡᠮᠡᠬᠦ︾ ᠰᠡᠳᠬᠢᠴᠡ ᠶᠣᠰᠣᠭᠠᠷ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠳᠠᠮᠵᠢᠭᠤᠯᠤᠨ ᠲᠠᠷᠢᠶᠠᠯᠠᠩ ᠤᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠴᠢᠨᠠᠷᠲᠠᠶ ᠬᠦᠴᠢᠷ ᠠᠰᠠᠭᠤᠳᠠᠯ ᠢ | ᠰᠢᠢᠳᠪᠦᠷᠢᠯᠡᠬᠦ ᠬᠡᠷᠡᠭᠲᠡᠶ ᠃ ᠤᠰᠤᠨ ᠤ ᠡᠷᠬᠡ ᠶᠢᠨ ᠬᠤᠪᠢᠶᠠᠷᠢᠯᠠᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ | ᠲᠡᠭᠦᠯᠳᠡᠷᠵᠢᠭᠦᠯᠦᠨ᠎ᠡ ᠃ ᠪᠥᠬᠦ ᠬᠤᠰᠢᠭᠤᠨ ᠤ 4347 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠤᠰᠤ | ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠭᠡᠯ ᠲᠤᠭ᠎ᠠ ᠶᠢ 6 ᠤᠰᠤ ᠬᠡᠷᠡᠭᠯᠡᠬᠦ ᠶᠡᠭᠡ ᠨᠢᠭᠡᠴᠢ ᠂ 12 | ᠤᠰᠤ ᠬᠡᠷᠡᠭᠯᠡᠬᠦ ᠪᠠᠭ᠎ᠠ ᠨᠢᠭᠡᠴᠢ ᠳᠤ ᠬᠦᠷᠲᠡᠯ᠎ᠡ ᠵᠠᠳᠠᠯᠵᠤ ᠂ ᠪᠥᠬᠦ ᠬᠤᠰᠢᠭᠤᠨ ᠤ 22 ᠲᠦᠮᠡᠨ ᠮᠥ ᠤᠰᠤ | ᠠᠷᠪᠢᠯᠠᠬᠤ ᠤᠰᠤᠯᠠᠯᠲᠠ ᠶᠢᠨ ᠲᠠᠷᠢᠶᠠᠨ ᠭᠠᠵᠠᠷ ᠢ ᠭᠠᠵᠠᠷ ᠳᠣᠤᠷᠠᠬᠢ ᠤᠰᠤ ᠶᠢ ᠬᠢᠵᠠᠭᠠᠷᠯᠠᠬᠤ ᠭᠦᠢᠴᠡᠳᠭᠡᠯ | ᠲᠤᠭ᠎ᠠ ᠶᠢ 1780 ᠲᠦᠮᠡᠨ ᠪᠣᠰᠤᠭ᠎ᠠ ᠳᠥᠷᠪᠡᠯᠵᠢᠨ ᠮᠧᠲᠷ ︵ᠵᠠᠷᠴᠢᠮ ᠳᠡᠭᠡᠷ᠎ᠡ ᠪᠠᠨ ᠲᠠᠷᠢᠶᠠᠯᠠᠩ ᠤᠨ | ᠤᠰᠤᠯᠠᠯᠲᠠ ᠶᠢᠨ ᠤᠰᠤ ᠬᠡᠷᠡᠭᠯᠡᠬᠦ ᠨᠣᠷᠮ᠎ᠠ ᠶᠢ 80 ᠪᠣᠰᠤᠭ᠎ᠠ ᠳᠥᠷᠪᠡᠯᠵᠢᠨ ᠮᠧᠲᠷ / ᠮᠥ ᠠᠴᠠ ᠬᠡᠲᠦᠷᠡᠭᠦᠯᠵᠦ | ᠪᠣᠯᠬᠤ ᠥᠬᠡᠶ︶ ᠶᠢ ᠬᠢᠨᠠᠨ ᠲᠣᠭᠲᠠᠭᠠᠵᠤ ᠂ ᠤᠰᠤ ᠬᠡᠷᠡᠭᠯᠡᠬᠦ ᠭᠦᠢᠴᠡᠳᠭᠡᠯ ᠲᠤᠭ᠎ᠠ ᠶᠢ ᠲᠣᠰᠬᠤᠨ ᠡᠷᠦᠬᠡ ᠳᠤ | ᠬᠦᠷᠲᠡᠯ᠎ᠡ ᠨᠠᠷᠢᠯᠢᠭ ᠣᠨᠣᠴᠠᠲᠠᠶ ᠪᠠᠷ ᠬᠤᠪᠢᠶᠠᠷᠢᠯᠠᠵᠤ ᠂ ︽ᠬᠡᠳᠦᠶ ᠤᠰᠤ ᠪᠠᠶᠢᠬᠤ ᠂ ᠬᠡᠷᠡᠭᠯᠡᠵᠦ ᠪᠣᠯᠬᠤ ᠤᠰᠤ | ᠬᠡᠳᠦᠢ ᠪᠠᠶᠢᠬᠤ ᠂ ᠬᠡᠳᠦᠶ ᠤᠰᠤ ᠬᠡᠷᠡᠭᠯᠡᠭᠰᠡᠨ︾ ᠵᠡᠷᠭᠡ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ ᠃ | ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ | ᠲᠤᠰᠬᠠᠢ ᠤᠳᠤᠷᠢᠳᠬᠤ ᠳᠤᠭᠤᠶᠢᠯᠠᠩ ᠪᠠᠶᠢᠭᠤᠯᠵᠤ ᠂ ︽2024 ᠣᠨ ᠤ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠭᠤᠣᠯᠳᠠᠯᠭ᠎ᠠ︾ ᠂ ︽ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠴᠢᠩᠭᠠᠳᠬᠠᠵᠤ ᠤᠰᠤ ᠴᠠᠬᠢᠯᠭᠠᠨ ᠤ ᠬᠤᠣᠰ ᠡᠵᠡᠮᠳᠡᠯ ᠤᠨ ᠤᠶᠤᠨᠴᠢᠯᠠᠭᠰᠠᠨ | ᠬᠡᠮᠵᠢᠯᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯᠯᠠᠭᠠᠨ ᠤ ᠰᠠᠨᠠᠭᠤᠯᠬᠤ ᠵᠠᠬᠢᠳᠠᠯ︾ ᠂ ︽ᠴᠠᠬᠠᠷ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠦᠨ᠎ᠡ ᠶᠢ | ᠬᠡᠷᠡᠭᠵᠢᠭᠦᠯᠬᠦ ᠲᠥᠰᠥᠯ︾ ᠵᠡᠷᠭᠡ 15 ᠵᠦᠢᠯ ᠤᠨ ᠪᠢᠴᠢᠭ ᠮᠠᠲ᠋ᠧᠷᠢᠶᠠᠯ ᠢ ᠢᠵᠢ ᠪᠦᠷᠢᠳᠦᠭᠦᠯᠦᠨ ᠲᠣᠭᠲᠠᠭᠠᠵᠤ ᠂ | ᠲᠣᠭᠲᠠᠭᠰᠠᠨ ᠨᠤᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠲᠣᠭᠲᠠᠴᠠ ᠶᠢ ᠴᠢᠩᠭ᠎ᠠ | ᠬᠡᠷᠡᠭᠵᠢᠭᠦᠯᠵᠦ ᠂ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠠᠵᠢᠯᠯᠠᠭᠠᠨ ᠤ ᠰᠠᠭᠤᠷᠢ ᠤᠰᠤᠨ ᠤ | ᠦᠨ᠎ᠡ ᠶᠢ 0.21 ᠲᠥᠭᠦᠷᠢᠭ / ᠪᠣᠰᠤᠭ᠎ᠠ ᠳᠥᠷᠪᠡᠯᠵᠢᠨ ᠮᠧᠲᠷ ᠭᠡᠵᠦ ᠲᠣᠳᠣᠷᠬᠠᠶᠢᠯᠠᠪᠠ︔ ᠤᠰᠤ ᠬᠡᠷᠡᠭᠯᠡᠬᠦ | ᠲᠣᠭᠲᠠᠭᠰᠠᠨ ᠨᠣᠷᠮ᠎ᠠ ᠶᠢᠨ 20% ᠵᠢᠴᠢ ᠡᠭᠦᠨ ᠤ ᠳᠣᠲᠣᠷ᠎ᠠ ᠬᠡᠲᠦᠷᠡᠭᠰᠡᠨ ᠪᠣᠯ ᠂ ᠬᠡᠲᠦᠷᠡᠭᠰᠡᠨ ᠬᠡᠰᠡᠭ ᠢ | ᠲᠠᠷᠢᠶᠠᠯᠠᠩ ᠤᠨ ᠰᠠᠭᠤᠷᠢ ᠤᠰᠤᠨ ᠤ ᠦᠨ᠎ᠡ ᠶᠢᠨ 1.5 ᠳᠠᠬᠢᠨ ᠢᠶᠠᠷ ᠬᠤᠷᠢᠶᠠᠨ᠎ᠠ ᠃ ᠤᠰᠤ ᠬᠡᠷᠡᠭᠯᠡᠬᠦ ᠲᠣᠭᠲᠠᠭᠰᠠᠨ | ᠨᠣᠷᠮ᠎ᠠ ᠶᠢᠨ 20% ᠠᠴᠠ 50% ᠠᠴᠠ ᠳᠠᠪᠠᠭᠰᠠᠨ ᠪᠠᠶᠢᠪᠠᠯ ᠂ ᠬᠡᠲᠦᠷᠡᠭᠰᠡᠨ ᠬᠡᠰᠡᠭ ᠢ ᠲᠠᠷᠢᠶᠠᠯᠠᠩ ᠤᠨ ᠰᠠᠭᠤᠷᠢ | ᠤᠰᠤᠨ ᠤ ᠦᠨ᠎ᠡ ᠶᠢᠨ 2 ᠳᠠᠬᠢᠨ ᠢᠶᠠᠷ ᠬᠤᠷᠢᠶᠠᠨ᠎ᠠ ᠃ ᠤᠰᠤ ᠬᠡᠷᠡᠭᠯᠡᠬᠦ ᠲᠣᠭᠲᠠᠭᠰᠠᠨ ᠲᠤᠭ᠎ᠠ ᠶᠢᠨ 50% ᠠᠴᠠ | ᠬᠡᠲᠦᠷᠡᠭᠰᠡᠨ ᠪᠠᠶᠢᠪᠠᠯ ᠂ ᠬᠡᠲᠦᠷᠡᠭᠰᠡᠨ ᠬᠡᠰᠡᠭ ᠢ ᠲᠠᠷᠢᠶᠠᠯᠠᠩ ᠤᠨ ᠰᠠᠭᠤᠷᠢ ᠤᠰᠤᠨ ᠤ ᠦᠨ᠎ᠡ ᠶᠢᠨ 3 ᠳᠠᠬᠢᠨ ᠢᠶᠠᠷ | ᠬᠤᠷᠢᠶᠠᠨ᠎ᠠ ᠃ ᠣᠳᠣᠬᠠᠨ ᠳᠤ ᠂ ᠪᠥᠬᠦ ᠬᠤᠰᠢᠭᠤᠨ ᠤ ᠴᠢᠨᠠᠷ ᠰᠠᠶᠢᠲᠠᠶ ᠦᠷ᠎ᠡ ᠪᠦᠲᠦᠮᠵᠢ ᠪᠠᠷ ᠲᠠᠷᠢᠶᠠᠯᠠᠩ ᠤᠨ | ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠶ ᠶᠢ 22 ᠲᠦᠮᠡᠨ ᠮᠥ ᠪᠡᠶᠡᠯᠡᠭᠦᠯᠪᠡ ᠃ | ᠤᠰᠤ ᠬᠠᠮᠢᠶᠠᠷᠬᠤ ᠰᠢᠰᠲ᠋ᠧᠮ ᠤᠨ ᠥᠭᠡᠷᠡᠴᠢᠯᠡᠯᠲᠡ ᠳᠤ ᠰᠢᠨ᠎ᠡ ᠶᠢ ᠡᠭᠦᠳᠦᠨ᠎ᠡ ᠃ ︽ᠰᠠᠶᠢᠨ ᠳᠤᠷ᠎ᠠ ᠠᠴᠠ ᠪᠠᠨ | ᠣᠷᠣᠯᠴᠠᠬᠤ ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠵᠠᠷᠴᠢᠮ ᠢ ᠪᠠᠷᠢᠮᠲᠠᠯᠠᠵᠤ ᠂ ᠮᠠᠨ ᠤ ᠬᠤᠰᠢᠭᠤ ᠪᠥᠬᠦ | ᠬᠤᠲᠠ ᠳᠤ ᠠᠩᠬᠠᠳᠠᠭᠴᠢ ᠰᠢᠶᠠᠩ ᠪᠠᠯᠭᠠᠰᠤ ᠪᠠᠷ ᠨᠢᠭᠡᠴᠢ ᠪᠣᠯᠭᠠᠭᠰᠠᠨ ᠲᠠᠷᠢᠶᠠᠴᠢᠳ ᠤᠨ ᠤᠰᠤ ᠬᠡᠷᠡᠭᠯᠡᠬᠦ | ᠨᠡᠶᠢᠭᠡᠮᠯᠢᠭ ᠢ ᠤᠷᠢᠳᠠᠪᠠᠷ ᠪᠠᠶᠢᠭᠤᠯᠵᠤ ᠂ ᠤᠰᠤᠨ ᠤ ᠡᠬᠢ ᠪᠠᠶᠠᠯᠢᠭ ᠵᠢᠴᠢ ᠤᠰᠤᠨ ᠠᠰᠢᠭᠯᠠᠯᠲᠠ ᠶᠢᠨ | ᠢᠨᠵᠧᠨᠧᠷᠢᠩ ᠤᠨ ︽ᠬᠠᠮᠢᠶᠠᠷᠬᠤ ᠂ ᠬᠡᠷᠡᠭᠯᠡᠬᠦ ᠂ ᠬᠠᠮᠠᠭᠠᠯᠠᠬᠤ︾ ᠶᠢ ᠨᠢᠭᠡ ᠴᠣᠭᠴᠠᠵᠢᠭᠤᠯᠤᠭᠰᠠᠨ ᠪᠥᠬᠦ | ᠶᠠᠪᠤᠴᠠ ᠶᠢᠨ ᠤᠰᠤ ᠬᠡᠷᠡᠭᠯᠡᠬᠦ ᠥᠪᠡᠷᠲᠡᠭᠡᠨ ᠵᠠᠰᠠᠬᠤ ᠰᠢᠰᠲ᠋ᠧᠮ ᠢ ᠪᠠᠶᠢᠭᠤᠯᠵᠤ ᠂ ᠠᠵᠤ ᠠᠬᠤᠶ ᠶᠢᠨ ᠦᠷ᠎ᠡ ᠠᠰᠢᠭ ᠂ | ᠨᠡᠶᠢᠭᠡᠮ ᠤᠨ ᠦᠷ᠎ᠡ ᠠᠰᠢᠭ ᠂ ᠣᠷᠴᠢᠨ ᠲᠣᠭᠤᠷᠢᠨ ᠤ ᠦᠷ᠎ᠡ ᠠᠰᠢᠭ ᠵᠡᠷᠭᠡ ᠭᠤᠷᠪᠠᠨ ᠦᠷ᠎ᠡ ᠪᠦᠲᠦᠮᠵᠢᠲᠡᠢ | ᠪᠠᠶᠢᠬᠤ ᠶᠢ ᠪᠡᠶᠡᠯᠡᠭᠦᠯᠪᠡ ᠃ | ᠬᠤᠶᠠᠷ ᠂ ︽ᠡᠷᠴᠢᠮᠯᠢᠭ ᠢᠶᠠᠷ ᠥᠨᠳᠥᠷ ᠪᠦᠲᠦᠮᠵᠢᠲᠡᠶ ᠂ ᠪᠣᠬᠢᠷᠲᠤᠯ ᠥᠬᠡᠶ ᠤᠶᠤᠨᠴᠢᠯᠠᠬᠤ︾ ᠶᠢᠨ | ᠲᠣᠭᠤᠷᠢᠨ ᠳᠤ ᠂ ᠡᠬᠢ ᠪᠠᠶᠠᠯᠢᠭ ᠢ ᠠᠰᠢᠭᠯᠠᠬᠤ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠦᠨ᠎ᠡ | ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠡᠨᠡ ᠬᠦ ᠭᠤᠣᠯ ᠢ ᠪᠣᠳᠣᠯᠬᠢᠯᠠᠨ ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠵᠤ ᠂ ᠤᠰᠤᠨ ᠤ ᠡᠬᠢ | ᠪᠠᠶᠠᠯᠢᠭ ᠢ ᠠᠰᠢᠭᠯᠠᠬᠤ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠪᠠ ᠃ ︽ᠤᠰᠤᠨ | ᠴᠠᠬᠢᠯᠭᠠᠨ ᠬᠤᠶᠠᠷ ᠢ ᠡᠵᠡᠮᠳᠡᠬᠦ︾ ᠬᠡᠮᠵᠢᠯᠲᠡ ᠶᠢᠨ ᠢᠨᠵᠧᠨᠧᠷᠢᠩ ᠢ ᠬᠡᠷᠡᠭᠵᠢᠭᠦᠯᠦᠨ᠎ᠡ ᠃ ᠪᠥᠬᠦ ᠬᠤᠰᠢᠭᠤᠨ ᠤ | ᠣᠲᠣ ᠶᠢᠨ ᠪᠠᠶᠢᠭ᠎ᠠ ᠤᠰᠤ ᠲᠠᠲᠠᠬᠤ ᠠᠮᠠᠰᠠᠷ ᠢ ᠪᠥᠬᠦ ᠲᠠᠯ᠎ᠠ ᠪᠠᠷ ᠬᠢᠨᠠᠨ ᠪᠠᠶᠢᠴᠠᠭᠠᠵᠤ ᠳᠡᠩᠰᠡᠯᠡᠨ ᠲᠡᠮᠳᠡᠭᠯᠡᠵᠦ ᠂ | ᠤᠰᠤ ᠠᠪᠬᠤ ᠵᠥᠪᠰᠢᠶᠡᠷᠡᠯ ᠤᠨ ᠨᠥᠬᠦᠴᠡᠯ ᠳᠤ ᠨᠡᠶᠢᠴᠡᠬᠦ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ | ᠬᠤᠳᠳᠤᠭ 1873 ᠬᠤᠳᠳᠤᠭ ᠢ ᠪᠠᠶᠢᠴᠠᠭᠠᠨ ᠵᠢᠭᠰᠠᠭᠠᠵᠤ ᠂ ᠤᠰᠤ ᠴᠠᠬᠢᠯᠭᠠᠨ ᠤ ᠬᠤᠤᠰ ᠡᠵᠡᠮᠳᠡᠯ ᠤᠨ | ᠣᠶᠤᠨᠴᠢ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠬᠤ ᠪᠠᠷ ᠳᠡᠮᠵᠢᠨ ᠂ ᠤᠰᠤ ᠬᠡᠷᠡᠭᠯᠡᠭᠰᠡᠨ ᠪᠠᠶᠢᠳᠠᠯ ᠢ ᠪᠥᠬᠦ | ᠡᠳᠦᠷ ᠢᠶᠠᠷ ᠬᠢᠨᠠᠨ ᠬᠡᠮᠵᠢᠵᠦ ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠤᠰᠤᠨ ᠤ | ᠬᠡᠮᠵᠢᠶ᠎ᠡ ᠤᠰᠤ ᠬᠡᠷᠡᠭᠯᠡᠬᠦ ᠭᠦᠢᠴᠡᠳᠭᠡᠯ ᠲᠤᠭ᠎ᠠ ᠠᠴᠠ ᠳᠠᠪᠠᠭᠰᠠᠨ ᠤ ᠳᠠᠷᠠᠭ᠎ᠠ ᠂ ᠲᠣᠭᠲᠠᠭᠰᠠᠨ ᠨᠤᠷᠮ᠎ᠠ ᠠᠴᠠ | ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠲᠣᠭᠲᠠᠴᠠ ᠶᠢ ᠴᠢᠩᠭ᠎ᠠ ᠬᠡᠷᠡᠭᠵᠢᠭᠦᠯᠵᠦ ᠂ ᠭᠦᠢᠴᠡᠳᠭᠡᠯ | ᠲᠤᠭ᠎ᠠ ᠠᠴᠠ ᠬᠡᠲᠦᠷᠡᠭᠦᠯᠦᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ ᠃ ᠥᠨᠳᠥᠷ ᠦᠷ᠎ᠡ ᠠᠰᠢᠭ ᠲᠠᠢ ᠤᠰᠤ | ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ᠎ᠡ ᠃ ᠤᠰᠤ ᠪᠣᠷᠳᠣᠭᠤᠷ ᠢ ᠨᠢᠭᠡ ᠴᠣᠭᠴᠠᠵᠢᠭᠤᠯᠤᠨ | ᠨᠠᠷᠢᠯᠢᠭ ᠣᠨᠣᠴᠠᠲᠠᠶ ᠤᠰᠤᠯᠠᠬᠤ ᠂ ᠤᠰᠤ ᠬᠦᠷᠦᠰᠦ ᠶᠢ ᠬᠡᠮᠵᠢᠨ ᠪᠣᠷᠳᠣᠭᠤᠷ ᠣᠷᠣᠭᠤᠯᠬᠤ ᠂ ᠪᠦᠷᠬᠦᠪᠴᠢ ᠶᠢᠨ | ᠳᠣᠣᠷ᠎ᠠ ᠳᠤᠰᠤᠯᠭᠠᠨ ᠤᠰᠤᠯᠠᠬᠤ ᠮᠡᠷᠭᠡᠵᠢᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ ᠂ ᠲᠠᠷᠢᠶᠠᠯᠠᠩ ᠤᠨ | ᠤᠰᠤᠯᠠᠯᠲᠠ ᠶᠢᠨ ᠠᠷᠭ᠎ᠠ ᠮᠠᠶ᠋ᠢᠭ ᠨᠢ ︽ᠲᠠᠷᠢᠶᠠᠨ ᠭᠠᠵᠠᠷ︾ ᠠᠴᠠ ︽ᠤᠰᠤᠯᠠᠬᠤ ᠲᠠᠷᠢᠮᠠᠯ︾ ᠪᠣᠯᠭᠠᠨ ᠲᠦᠷᠭᠡᠨ | ᠬᠤᠪᠢᠷᠠᠭᠤᠯᠬᠤ ᠶᠢ ᠪᠡᠶᠡᠯᠡᠭᠦᠯᠦᠨ᠎ᠡ ᠃ ᠪᠥᠬᠦ ᠬᠤᠰᠢᠭᠤᠨ ᠤ ᠭᠤᠤᠯ ᠪᠣᠯᠬᠤ ᠲᠠᠷᠢᠮᠠᠯ ᠤᠨ ᠮᠥ ᠪᠦᠷᠢ ᠶᠢᠨ ᠤᠰᠤ | ᠬᠡᠷᠡᠭᠯᠡᠬᠦ ᠳᠤᠮᠳᠠᠴᠢ ᠬᠡᠮᠵᠢᠶ᠎ᠡ 2022 ᠣᠨ ᠤ ᠤᠰᠤ ᠠᠷᠪᠢᠯᠠᠬᠤ 33%︔ ᠲᠠᠷᠢᠶᠠᠨ ᠭᠠᠵᠠᠷ ᠤᠨ | ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ 0.7948 % ᠳᠤ ᠬᠦᠷᠴᠦ ᠂ ᠪᠥᠬᠦ | ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ ᠃ ᠲᠣᠭᠠᠴᠢᠯᠠᠭᠰᠠᠨ ᠳᠡᠪᠴᠠᠩ ᠤᠨ ᠬᠢᠨᠡᠯᠳᠡ | ᠬᠠᠮᠢᠶᠡᠷᠦᠯᠳᠡ ᠶᠢᠨ ᠴᠢᠳᠠᠮᠵᠢ ᠶᠢ ᠴᠢᠩᠭᠠᠷᠡᠭᠤᠯᠥᠨ᠎ᠠ ᠃ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠳᠤ ᠲᠦᠰᠢᠭᠯᠡᠨ ᠂ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠤᠨ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠵᠤ ᠂ ᠠᠯᠤᠰ ᠰᠡᠷᠡᠯ ᠤᠨ ᠬᠢᠨᠠᠨ | ᠬᠡᠮᠵᠢᠯᠲᠡ ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠣᠶᠤᠨᠴᠢ ᠂ ᠣᠷᠣᠭᠤᠯᠤᠯᠲᠠ ᠶᠢᠨ ᠡᠳ᠋ ᠤᠨ | ᠬᠠᠮᠢᠶᠠᠷᠤᠯᠲᠠ ᠵᠡᠷᠭᠡ ᠭᠤᠷᠪᠠᠨ ᠶᠡᠭᠡ ᠬᠡᠰᠡᠭ ᠢ ᠨᠢᠭᠡ ᠴᠣᠭᠴᠠᠵᠢᠭᠤᠯᠤᠭᠰᠠᠨ ᠲᠣᠮᠣ ᠳ᠋ᠠᠶᠢᠲ᠋ᠠ ᠶᠢᠨ ᠰᠦᠯᠵᠢᠶᠡᠨ ᠤ | ᠬᠢᠨᠠᠨ ᠬᠡᠮᠵᠢᠯᠲᠡ ᠶᠢᠨ ᠲᠠᠪᠴᠠᠩ ᠢ ᠪᠠᠶᠢᠭᠤᠯᠵᠤ ᠂ ᠰᠡᠷᠡᠭᠳᠡᠭᠦᠷ ᠢᠶᠠᠷ ᠳᠠᠮᠵᠢᠭᠤᠯᠤᠨ ᠤᠰᠤ ᠬᠦᠷᠦᠰᠦ ᠶᠢᠨ ᠤᠰᠤ ᠶᠢ | ᠬᠢᠨᠠᠨ ᠬᠡᠮᠵᠢᠭᠰᠡᠨ ᠮᠡᠳᠡᠭᠡ ᠵᠠᠩᠭᠢ ᠶᠢ ᠬᠠᠷᠢᠭᠤ ᠲᠤᠰᠬᠠᠵᠤ ᠂ ᠲᠠᠷᠢᠮᠠᠯ ᠳᠤ ᠨᠠᠷᠢᠯᠢᠭ ᠣᠨᠣᠴᠠᠲᠠᠶ ᠪᠠᠷ ᠤᠰᠤ | ᠨᠥᠬᠦᠪᠥᠷᠢᠯᠡᠵᠦ ᠂ ᠲᠠᠷᠢᠮᠠᠯ ᠤᠨ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠬᠦ ᠂ ᠤᠷᠭᠤᠯᠲᠠ ᠶᠢᠨ ᠪᠠᠶᠢᠳᠠᠯ ᠢ | ᠬᠢᠨᠠᠨ ᠬᠡᠮᠵᠢᠬᠦ ᠂ ᠤᠨᠠᠯᠲᠠ ᠶᠢ ᠤᠷᠢᠳᠴᠢᠯᠠᠨ ᠵᠢᠱᠢᠬᠦ ᠪᠠ ᠬᠤᠷᠢᠶᠠᠬᠤ ᠴᠠᠭ ᠢ ᠤᠷᠢᠳᠴᠢᠯᠠᠨ ᠵᠢᠱᠢᠬᠦ ᠶᠢ | ᠦᠨᠳᠦᠰᠦᠨ ᠳᠡᠭᠡᠨ ᠪᠡᠶᠡᠯᠡᠭᠦᠯᠪᠡ ᠃ | ᠭᠤᠷᠪᠠ ᠂ ︽ᠤᠬᠠᠭᠤᠯᠵᠤ ᠬᠥᠲᠥᠯᠥᠨ ᠵᠢᠯᠣᠭᠤᠳᠬᠤ ᠂ ᠵᠣᠬᠢᠶᠠᠨ ᠪᠠᠶᠢᠭᠤᠯᠵᠤ ᠪᠠᠲᠤᠯᠠᠬᠤ︾ ᠳᠤ | ᠠᠩᠬᠠᠷᠤᠯ ᠢᠶᠠᠨ ᠲᠥᠪᠯᠡᠷᠡᠭᠦᠯᠵᠦ ᠂ ᠤᠰᠤ ᠠᠷᠪᠢᠯᠠᠬᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠦᠷ᠎ᠡ | ᠪᠦᠲᠦᠭᠡᠯ ᠢᠶᠠᠨ ᠪᠠᠬᠢᠵᠢᠭᠦᠯᠦᠨ᠎ᠡ | ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠡᠨᠡ ᠬᠦ ᠵᠠᠩᠭᠢᠯᠠᠭ᠎ᠠ ᠶᠢᠨ ᠲᠣᠭᠤᠷᠢᠨ ᠳᠤ ᠂ ᠡᠯ᠎ᠡ | ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠠᠬᠢᠭᠤᠯᠬᠤ | ᠬᠡᠷᠡᠭᠲᠡᠢ ᠃ ᠤᠰᠤ ᠠᠷᠪᠢᠯᠠᠬᠤ ᠠᠭᠤᠷ ᠠᠮᠢᠰᠬᠤᠯ ᠢ ᠪᠤᠢ ᠪᠣᠯᠭᠠᠨ᠎ᠠ ᠃ 2024 ᠣᠨ ᠤ ︽ᠳᠡᠯᠡᠬᠡᠶ ᠶᠢᠨ | ᠤᠰᠤᠨ ᠤ ᠡᠳᠦᠷ · ᠳᠤᠮᠳᠠᠳᠤ ᠤᠯᠤᠰ ᠤᠨ ᠤᠰᠤᠨ ᠤ ᠭᠠᠷᠠᠭ︾ ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠬᠦ ᠪᠠᠷ ᠳᠠᠮᠵᠢᠭᠤᠯᠤᠨ ᠂ ᠪᠠᠶᠢᠭᠤᠯᠭ᠎ᠠ ᠂ ᠠᠵᠤ ᠠᠬᠤᠶᠢᠯᠠᠯ ᠂ ᠰᠤᠷᠭᠠᠭᠤᠯᠢ ᠂ ᠰᠢᠶᠠᠩ ᠪᠠᠯᠭᠠᠰᠤ ᠂ ᠲᠣᠰᠬᠤᠨ | ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠨ ︽ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠰᠤ | ᠠᠷᠪᠢᠯᠠᠵᠤ ᠤᠰᠤ ᠶᠢ ᠬᠠᠮᠠᠭᠠᠯᠠᠬᠤ ᠰᠠᠨᠠᠭᠠᠴᠢᠯᠠᠭ᠎ᠠ ᠶᠢᠨ ᠪᠢᠴᠢᠭ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 1.2 | ᠲᠦᠮᠡ ᠭᠠᠷᠤᠶ ᠬᠤᠪᠢ ᠤᠬᠠᠭᠤᠯᠵᠤ ᠂ ᠣᠲᠣ ᠪᠣᠯᠲᠠᠯ᠎ᠠ ︽ᠪᠥᠬᠦ ᠬᠤᠰᠢᠭᠤᠨ ᠤ ᠲᠠᠷᠢᠶᠠᠯᠠᠩ ᠤᠨ ᠤᠰᠤᠯᠠᠯᠲᠠ ᠶᠢᠨ | ᠤᠰᠤ ᠬᠡᠷᠡᠭᠯᠡᠬᠦ ᠡᠷᠦᠬᠡ ᠳᠤ ᠥᠭᠭᠦᠭᠰᠡᠨ ᠨᠢᠭᠡ ᠬᠤᠪᠢ ᠵᠠᠬᠢᠳᠠᠯ︾ ᠢ 4000 ᠭᠠᠷᠤᠶ ᠬᠤᠪᠢ ᠲᠠᠷᠬᠠᠭᠠᠵᠤ ᠂ | ᠨᠡᠶᠢᠭᠡᠮ ᠤᠨ ᠤᠰᠤ ᠠᠷᠪᠢᠯᠠᠵᠤ ᠤᠰᠤ ᠶᠢ ᠡᠵᠡᠮᠳᠡᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ | ᠪᠣᠯᠭᠠᠪᠠ ᠃ ᠤᠰᠤ ᠠᠷᠪᠢᠯᠠᠬᠤ ᠶᠢᠨ ᠱᠠᠩᠨᠠᠯ ᠨᠥᠬᠦᠪᠥᠷᠢ ᠶᠢ ᠬᠡᠷᠡᠭᠵᠢᠭᠦᠯᠦᠨ᠎ᠡ ᠃ ︽ᠴᠠᠬᠠᠷ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠨᠠᠷᠢᠯᠢᠭ | ᠣᠨᠣᠴᠠᠲᠠᠶ ᠨᠥᠬᠦᠪᠥᠷᠢ ᠵᠢᠴᠢ ᠱᠠᠩᠨᠠᠯ ᠤᠨ ᠠᠷᠭ᠎ᠠ︾ ᠶᠢ ᠲᠣᠭᠲᠠᠭᠠᠨ ᠬᠡᠷᠡᠭᠵᠢᠭᠦᠯᠵᠦ ᠂ ᠵᠢᠯ ᠪᠦᠷᠢ 40 ᠲᠦᠮᠡᠨ | ᠲᠥᠭᠦᠷᠢᠭ ᠤᠨ ᠲᠠᠷᠢᠶᠠᠯᠠᠩ ᠤᠨ ᠤᠰᠤ ᠠᠷᠪᠢᠯᠠᠬᠤ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠳᠣᠭᠢᠷᠠᠭᠤᠯᠵᠤ ᠂ | ᠲᠣᠭᠲᠠᠭᠰᠠᠨ ᠨᠣᠷᠮ᠎ᠠ ᠶᠢᠨ ᠳᠣᠲᠣᠷ᠎ᠠ ᠤᠰᠤ ᠠᠷᠪᠢᠯᠠᠬᠤ ᠤᠰᠤ ᠬᠡᠷᠡᠭᠯᠡᠬᠦ ᠭᠤᠤᠯ ᠴᠣᠭᠴᠠ ᠳᠤ ᠱᠠᠩᠨᠠᠯ ᠨᠥᠬᠦᠪᠥᠷᠢ | ᠥᠭᠴᠦ ᠂ ᠲᠠᠷᠢᠶᠠᠴᠢᠨ ᠡᠷᠦᠬᠡ ᠶᠢ ︽ᠨᠠᠳᠠ ᠪᠠᠷ ᠤᠰᠤ ᠠᠷᠪᠢᠯᠠᠭᠤᠯᠵᠤ︾ ᠪᠠᠶᠢᠭᠰᠠᠨ ᠠᠴᠠ ︽ᠪᠢ ᠤᠰᠤ | ᠠᠷᠪᠢᠯᠠᠬᠤ︾ ᠲᠡᠶᠢᠰᠢ ᠬᠤᠪᠢᠷᠠᠭᠤᠯᠤᠨ᠎ᠠ ᠃ 2024 ᠣᠨ ᠳᠤ ᠂ ᠲᠠᠷᠢᠶᠠᠯᠠᠩ ᠤᠨ ᠤᠰᠤᠯᠠᠯᠲᠠ ᠶᠢᠨ ᠲᠣᠭᠲᠠᠭᠰᠠᠨ | ᠲᠣᠭᠠᠨ ᠤ ᠳᠣᠲᠣᠷ᠎ᠠ 240 ᠲᠦᠮᠡᠨ ᠪᠣᠰᠤᠭ᠎ᠠ ᠳᠥᠷᠪᠡᠯᠵᠢᠨ ᠮᠧᠲᠷ ᠤᠰᠤ ᠠᠷᠪᠢᠯᠠᠪᠠ ᠃ ᠡᠳᠦᠷ ᠲᠤᠲᠤᠮ ᠤᠨ | ᠬᠢᠨᠠᠯᠲᠠ ᠲᠠᠯᠪᠢᠯᠲᠠ ᠪᠠᠨ ᠴᠢᠩᠭᠠᠳᠬᠠᠨ᠎ᠠ ᠃ ᠬᠤᠰᠢᠭᠤ ᠂ ᠰᠢᠶᠠᠩ ᠂ ᠲᠣᠰᠬᠤᠨ ᠂ ᠬᠤᠳᠳᠤᠭ ᠳᠥᠷᠪᠡᠨ ᠱᠠᠲᠤᠨ ᠤ | ᠬᠠᠷᠢᠭᠤᠴᠠᠯᠭ᠎ᠠ ᠶᠢᠨ ᠰᠢᠰᠲ᠋ᠧᠮ ᠢ ᠲᠣᠳᠣᠷᠬᠠᠶᠢᠯᠠᠵᠤ ᠂ ᠬᠠᠤᠯᠢ ᠲᠣᠭᠲᠠᠭᠠᠯ ᠶᠣᠰᠣᠭᠠᠷ ᠤᠰᠤᠨ ᠤ ᠡᠬᠢ ᠪᠠᠶᠠᠯᠢᠭ ᠢ | ᠬᠢᠨᠠᠨ ᠲᠣᠭᠲᠠᠭᠠᠬᠤ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ ᠂ ᠪᠥᠬᠦ ᠬᠤᠰᠢᠭᠤᠨ ᠤ ᠤᠰᠤᠨ ᠤ | ᠬᠡᠮᠵᠢᠶ᠎ᠡ ᠶᠢ ᠣᠨᠣᠪᠴᠢᠲᠠᠶ ᠡᠵᠡᠮᠳᠡᠵᠦ ᠂ ᠤᠰᠤᠨ ᠤ ᠭᠦᠢᠴᠡᠳᠬᠡᠯ ᠲᠤᠭ᠎ᠠ ᠶᠢ ᠵᠦᠶ ᠵᠣᠬᠢᠰᠲᠠᠶ ᠳᠣᠭᠢᠷᠠᠭᠤᠯᠤᠨ ᠂ | ᠤᠰᠤ ᠬᠡᠷᠡᠭᠯᠡᠬᠦ ᠡᠷᠦᠬᠡ ᠶᠢᠨ ᠵᠦᠶ ᠵᠣᠬᠢᠰᠲᠠᠶ ᠬᠠᠤᠯᠢ ᠶᠣᠰᠣᠭᠠᠷ ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠬᠦ ᠶᠢ | ᠠᠬᠢᠭᠤᠯᠤᠨ᠎ᠠ ᠃ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠶᠠᠩ ᠪᠠᠯᠭᠠᠰᠤ ᠪᠠ ᠲᠣᠰᠬᠤᠨ ᠳᠤᠭᠤᠶᠢᠯᠠᠩ ᠤᠨ | ᠬᠢᠨᠠᠯᠲᠠ ᠲᠠᠯᠪᠢᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠭᠦᠨᠵᠡᠭᠡᠶᠢᠷᠡᠵᠦ ᠂ ᠤᠰᠤ ᠠᠷᠪᠢᠯᠠᠵᠤ | ᠤᠰᠤ ᠶᠢ ᠡᠵᠡᠮᠳᠡᠬᠦ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠬᠡᠷᠡᠭᠲᠡᠢ ᠃ | ᠲᠠᠷᠠᠭᠠᠴᠢ ᠶᠢᠨ ᠠᠯᠬᠤᠮ ᠳᠤ ᠂ ᠮᠠᠨ ᠤ ᠬᠤᠰᠢᠭᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠪᠠ ︽ | ᠤᠰᠤ ᠪᠠᠷ ᠳᠦᠷᠪᠡᠨ ᠵᠦᠢᠯ ᠢ ᠲᠤᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠂ | ᠬᠤᠲᠠ ᠶᠢᠨ ᠠᠵᠢᠯ ᠤᠨ ᠱᠠᠭᠠᠷᠳᠠᠯᠭ᠎ᠠ ᠲᠠᠢ ᠬᠠᠷᠭᠤᠭᠤᠯᠵᠤ ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ | ᠨᠡᠮᠡᠭᠳᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠲᠠᠯ᠎ᠠ ᠪᠠᠷ ᠰᠠᠶᠢᠲᠤᠷ ᠬᠢᠵᠦ ᠂ ᠲᠣᠭᠲᠠᠭᠰᠠᠨ | ᠨᠣᠷᠮ᠎ᠠ ᠶᠢᠨ ᠬᠠᠮᠢᠶᠠᠷᠤᠯᠲᠠ ᠂ ᠤᠰᠤᠨ ᠤ ᠦᠨ᠎ᠡ ᠶᠢᠨ ᠥᠭᠡᠷᠡᠴᠢᠯᠡᠯᠲᠡ ᠂ ᠨᠠᠷᠢᠯᠢᠭ ᠣᠨᠣᠴᠠᠲᠠᠶ ᠬᠡᠮᠵᠢᠬᠦ ᠵᠡᠷᠭᠡ | ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠂ ᠲᠠᠷᠢᠶᠠᠯᠠᠩ ᠤᠨ ᠣᠨᠴᠠ ᠤᠰᠤ ᠠᠷᠪᠢᠯᠠᠵᠤ | ᠤᠰᠤ ᠶᠢ ᠡᠵᠡᠮᠳᠡᠬᠦ ᠰᠢᠨ᠎ᠡ ᠬᠡᠪ ᠵᠠᠭᠪᠤᠷ ᠢ ᠢᠳᠡᠪᠬᠢᠲᠡᠶ ᠰᠦᠪᠡᠭᠴᠢᠯᠡᠵᠦ ᠂ ᠤᠰᠤᠨ ᠤ ᠡᠬᠢ ᠪᠠᠶᠠᠯᠢᠭ ᠢ ᠠᠷᠪᠢᠲᠠᠶ | ᠡᠷᠴᠢᠮᠯᠢᠭ ᠠᠰᠢᠭᠯᠠᠬᠤ ᠶᠢ ᠪᠦᠲᠦᠮᠵᠢᠲᠡᠶ ᠠᠬᠢᠭᠤᠯᠵᠤ ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠪᠠᠲᠤ ᠴᠢᠩᠭ᠎ᠠ ᠤᠰᠤᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ ᠃ | |