ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ  ᠤᠰᠤ ᠠᠷᠪᠢᠯᠠᠬᠤ ︽ᠪᠤᠯᠠᠭ ᠤᠨ ᠬᠤᠲᠠ︾ ᠶᠢ ᠪᠦᠲᠦᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2024/12/26
ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠱᠦᠵᠢ  ᠵᠠᠩ ᠱᠤᠸᠠᠩ ᠴᠧᠩ  ᠤᠯᠠᠨ ᠵᠢᠯ ᠤᠨ ᠲᠤᠷᠰᠢ ᠂ ᠲᠦᠴᠢᠦᠸᠠᠨ ᠰᠢᠶᠠᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ ᠂ ᠶᠡᠷᠦᠩᠬᠡᠢ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ ᠂ ᠰᠢᠰᠲ᠋ᠧᠮ ᠲᠠᠢ ᠵᠠᠰᠠᠬᠤ ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠴᠡ ᠪᠣᠯᠤᠨ ᠤᠰᠤ ᠶᠢ ᠵᠠᠰᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ ᠂ ᠵᠣᠷᠢᠭᠲᠠᠢ ᠪᠠᠷ ᠤᠷᠤᠭᠰᠢᠯᠠᠵᠤ ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ ᠃  ᠨᠢᠭᠡ ᠂ ᠦᠵᠦ ᠲᠥᠯᠥᠪᠯᠡᠭᠡ ᠶᠢ ᠴᠢᠩᠭᠠᠳᠬᠠᠵᠤ ᠂ ᠤᠰᠤ ᠬᠠᠮᠢᠶᠠᠷᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠪᠡ  ᠨᠢᠭᠡ ᠳᠤ ᠂ ᠬᠠᠷᠢᠭᠤᠴᠠᠯᠭ᠎ᠠ ᠶᠢ ᠡᠴᠦᠰ ᠲᠤᠨᠢ ᠲᠤᠯᠲᠠᠯ᠎ᠠ ᠨᠠᠶᠢᠳᠠᠪᠤᠷᠢᠵᠢᠭᠤᠯᠪᠠ ᠃ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ ᠂ ᠡᠯ᠎ᠡ ᠰᠢᠶᠠᠩ ᠪᠠᠯᠭᠠᠰᠤ ᠵᠣᠬᠢᠴᠠᠩᠭᠤᠶ ᠠᠵᠢᠯ ᠤᠨ ᠪᠠᠶᠢᠭᠤᠯᠤᠮᠵᠢ ᠶᠢ ᠵᠡᠷᠭᠡᠪᠡᠷ ᠵᠣᠬᠢᠶᠠᠨ ᠪᠠᠶᠢᠭᠤᠯᠵᠤ ᠂ ︽ᠨᠠᠮ ᠤᠨ ᠬᠤᠷᠢᠶ᠎ᠠ ᠤᠳᠤᠷᠢᠳᠬᠤ ᠂ ᠵᠠᠰᠠᠭ ᠤᠨ ᠣᠷᠳᠣᠨ ᠭᠤᠤᠯᠯᠠᠨ ᠤᠳᠤᠷᠢᠳᠬᠤ ᠂ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠂ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠂ ᠣᠯᠠᠨ ᠨᠡᠶᠢᠲᠡ ᠶᠢᠨ ᠣᠷᠣᠯᠴᠠᠬᠤ︾ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠪᠥᠬᠦ ᠰᠢᠶᠠᠨ ᠤ ᠤᠰᠤ ᠠᠷᠪᠢᠯᠠᠬᠤ ︽ᠨᠢᠭᠡ ᠬᠥᠯᠭᠡ ᠰᠢᠲᠠᠷ᠎ᠠ︾ ᠶᠢ ᠪᠣᠶ ᠪᠣᠯᠭᠠᠵᠤ ᠂ ᠪᠥᠬᠦ ᠰᠢᠶᠠᠨ ᠤ ᠡᠯ᠎ᠡ ᠰᠢᠶᠠᠩ ᠪᠠᠯᠭᠠᠰᠤ ᠂ ᠰᠠᠯᠠᠭ᠎ᠠ ᠮᠥᠴᠢᠷ ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠤᠰᠤ ᠠᠷᠪᠢᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ ᠂ ᠬᠠᠮᠲᠤᠷᠠᠨ ᠬᠦᠴᠦᠯᠡᠪᠡ ᠃  ᠬᠤᠶᠠᠷ ᠲᠤ ᠂ ᠳᠦᠷᠢᠮ ᠢ ᠲᠤᠭᠤᠰᠢᠲᠠᠢ ᠲᠤᠭᠤᠰᠢᠯᠠᠭᠤᠯᠪᠠ ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠶᠢ ᠠᠷᠪᠢᠯᠠᠨ ᠭᠠᠮᠨᠠᠬᠤ ᠲᠦᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠡᠵᠡᠮᠳᠡᠬᠦ ᠵᠢᠴᠢ ᠤᠰᠤ ᠠᠷᠪᠢᠯᠠᠬᠤ ᠵᠡᠷᠭᠡ ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ ᠴᠢᠩᠭᠠᠳᠬᠠᠬᠤ ᠡᠯ᠎ᠡ ᠵᠦᠢᠯ ᠤᠨ ᠡᠭᠦᠷᠭᠡ ᠪᠠ ᠱᠠᠭᠠᠷᠳᠠᠯᠭ᠎ᠠ ᠶᠢ ᠲᠣᠳᠣᠷᠬᠠᠶᠢᠯᠠᠨ ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢᠨ ︽ᠳᠥᠷᠪᠡᠨ ᠨᠢᠷᠤᠭᠤ ᠨᠠᠢᠮᠠᠨ ᠲᠤᠯᠭᠠᠭᠤᠷᠢ︾ ᠶᠢ ᠪᠠᠶᠢᠭᠤᠯᠵᠤ ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠂ ᠬᠦᠴᠦᠯᠡᠴᠡ ᠶᠢᠨ ᠬᠤᠶᠠᠷ ᠢ ᠡᠵᠡᠮᠳᠡᠬᠦ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ ᠃  ᠭᠤᠷᠪᠠ ᠳᠤ ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ ᠃ ᠤᠰᠤ ᠠᠷᠪᠢᠯᠠᠬᠤ ︽ᠭᠤᠷᠪᠠ ᠶᠢ ᠵᠡᠷᠭᠡ ᠳᠤᠨᠢ ︾ ᠬᠠᠮᠢᠶᠠᠷᠬᠤ ᠶᠢ ᠠᠬᠢᠭᠤᠯᠵᠤ ᠂ ᠤᠰᠤ ᠠᠷᠪᠢᠯᠠᠬᠤ ᠶᠢ ᠬᠢᠨᠠᠨ ᠪᠠᠶᠢᠴᠠᠭᠠᠬᠤ ᠂ ᠰᠢᠯᠭᠠᠨ ᠠᠪᠬᠤ ᠶᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠳᠡᠰ ᠳᠠᠷᠠᠭᠠᠯᠠᠯ ᠳᠤ ᠵᠢᠭᠰᠠᠭᠠᠨ ᠣᠷᠣᠭᠤᠯᠵᠤ ᠂ ᠲᠥᠷᠥᠯ ᠵᠦᠢᠯ ᠤᠨ ᠤᠰᠤ ᠠᠷᠪᠢᠯᠠᠬᠤ ᠪᠡᠯᠡᠳᠬᠡᠮᠵᠢ ᠶᠢ ᠭᠤᠤᠯ ᠴᠣᠭᠴᠠ ᠶᠢᠨ ᠪᠠᠷᠢᠯᠭ᠎ᠠ ᠯᠤᠭ᠎ᠠ ᠵᠡᠷᠭᠡ ᠳᠤᠨᠢ ᠵᠢᠷᠤᠭᠯᠠᠨ ᠲᠥᠯᠥᠪᠯᠡᠵᠦ ᠂ ᠵᠡᠷᠭᠡ ᠳᠤᠨᠢ ᠪᠠᠷᠢᠯᠭ᠎ᠠ ᠪᠠᠷᠢᠵᠤ ᠂ ᠵᠡᠷᠭᠡ ᠳᠤᠨᠢ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠪᠠ ᠃ ᠤᠰᠤ ᠶᠢ ᠠᠷᠪᠢᠯᠠᠵᠤ ᠬᠡᠷᠡᠭᠯᠡᠬᠦ ᠶᠢ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠪᠣᠯᠭᠠᠵᠤ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠤᠨ ᠰᠢᠯᠭᠠᠨ ᠬᠢᠨᠠᠬᠤ ᠳᠤ ᠣᠷᠣᠭᠤᠯᠬᠤ ᠬᠡᠷᠡᠭᠲᠡᠶ ᠃ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ ᠂ ᠬᠠᠤᠯᠢ ᠲᠣᠭᠲᠠᠭᠠᠯ ᠠᠴᠠ ᠵᠥᠷᠢᠴᠡᠨ ᠤᠰᠤ ᠠᠪᠴᠤ ᠬᠡᠷᠡᠭᠯᠡᠬᠦ ᠵᠢᠭᠰᠠᠭᠠᠨ ᠪᠠᠶᠢᠴᠠᠭᠠᠬᠤ ᠡᠬᠡ ᠲᠠᠩᠰᠠ ᠶᠢ ᠪᠠᠶᠢᠭᠤᠯᠤᠨ ᠂ ︽ᠬᠤᠣᠰ ᠲᠤᠬᠢᠶᠠᠯᠳᠤᠮᠵᠢ ᠨᠢᠭᠡ ᠢᠯᠡ︾ ᠪᠠ ︽ᠢᠨᠲ᠋ᠧᠷ ᠰᠦᠯᠵᠢᠶ᠎ᠡ︾ ᠶᠢᠨ ᠲᠠᠪᠴᠠᠩ ᠢᠶᠠᠷ ᠳᠠᠮᠵᠢᠭᠤᠯᠤᠨ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠵᠤ ᠂ ᠪᠠᠶᠢᠴᠠᠭᠠᠭᠰᠠᠨ ᠦᠷ᠎ᠡ ᠳ᠋ᠦᠩ ᠢ ᠳᠡᠩᠰᠡᠯᠡᠵᠦ ᠰᠦᠯᠵᠢᠶᠡᠨ ᠳᠤ ᠭᠠᠷᠭᠠᠵᠤ ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠳᠥᠯᠭᠢᠨ ᠠᠬᠢᠭᠤᠯᠪᠠ ᠃  ᠬᠤᠶᠡᠷ ᠂ ᠳᠥᠷᠦᠯ ᠬᠤᠪᠢᠶᠡᠨ ᠠᠷᠭ᠎ᠠ ᠪᠤᠳᠣᠯᠭ᠎ᠠ ᠭᠡᠷᠡᠭᠵᠢᠬᠦᠯᠬᠦ ᠶᠢ ᠴᠢᠩᠭᠠᠷᠡᠭᠤᠯᠥᠨ ᠂ ᠣᠰᠦ ᠠᠷᠪᠢᠯᠡᠨ ᠣᠰᠦ ᠡᠵᠡᠮᠳᠡᠬᠦ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠪᠠ  ᠨᠢᠭᠡ ᠳᠤ ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ ᠃ ᠤᠰᠤ ᠠᠷᠪᠢᠯᠠᠬᠤ ᠤᠰᠤᠯᠠᠯᠲᠠ ᠶᠢ ᠶᠡᠬᠡᠪᠡᠷ ᠲᠦᠯᠬᠢᠨ ᠠᠬᠢᠭᠤᠯᠵᠤ ᠂ ᠰᠦᠷᠴᠢᠨ ᠤᠰᠤᠯᠠᠬᠤ ᠂ ᠳᠤᠰᠤᠯᠭᠠᠨ ᠤᠰᠤᠯᠠᠬᠤ ᠂ ᠭᠦᠨ ᠰᠤᠯᠠᠷᠠᠭᠤᠯᠵᠤ ᠭᠦᠨ ᠬᠠᠭᠠᠯᠪᠤᠷᠢᠯᠠᠬᠤ ᠂ ᠪᠦᠷᠬᠦᠴᠡ ᠪᠠᠷ ᠴᠢᠭᠢᠭ ᠢ ᠬᠠᠮᠠᠭᠠᠯᠠᠬᠤ ᠵᠡᠷᠭᠡ ᠤᠰᠤ ᠠᠷᠪᠢᠯᠠᠵᠤ ᠭᠠᠩ ᠬᠠᠭᠰᠠᠷᠠᠭᠠᠨ ᠲᠠᠢ ᠲᠡᠮᠡᠴᠡᠬᠦ ᠮᠡᠷᠭᠡᠵᠢᠯ ᠪᠠ ᠤᠷᠠᠨ ᠳᠠᠷᠬ᠎ᠠ ᠶᠢ ᠳᠡᠯᠭᠡᠷᠡᠭᠦᠯᠵᠦ ᠂ ᠲᠠᠷᠢᠶᠠᠯᠠᠩ ᠤᠨ ᠤᠰᠤ ᠠᠷᠪᠢᠯᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠂ ᠬᠠᠭᠤᠴᠢᠨ ᠤᠰᠤᠯᠠᠯᠲᠠ ᠶᠢᠨ ᠰᠤᠪᠠᠭ ᠲᠤ ᠨᠡᠪᠴᠢᠬᠦ ᠶᠢ ᠰᠡᠷᠭᠡᠶᠢᠯᠡᠬᠦ ᠥᠭᠡᠷᠡᠴᠢᠯᠡᠯᠲᠡ ᠬᠢᠵᠦ ᠂ ᠨᠢᠭᠡ ᠪᠦᠯᠦᠭ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠵᠤ ᠂ ᠪᠦᠬᠦ ᠰᠢᠶᠠᠨ ᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ 171.11 ᠲᠦᠮᠡᠨ ᠮᠦ ᠳᠤ ᠬᠦᠷᠪᠡ ᠃ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠤᠰᠤ ᠠᠷᠪᠢᠯᠠᠬᠤ ᠶᠢ ᠶᠡᠬᠡᠪᠡᠷ ᠳᠡᠯᠭᠡᠷᠡᠭᠦᠯᠵᠦ ᠂ ᠠᠮᠢ ᠠᠬᠤᠶ ᠶᠢᠨ ᠠᠮᠤᠷ ᠲᠦᠪᠰᠢᠨ ᠂ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠᠷ ᠭᠤᠤᠯ ᠪᠣᠯᠭᠠᠨ ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠᠷ ᠭᠤᠤᠯᠳᠠᠯᠭ᠎ᠠ ᠪᠣᠯᠭᠠᠵᠤ ᠂ ᠪᠠᠭᠠᠰᠤ ᠰᠢᠭᠡᠰᠦ ᠶᠢ ᠴᠡᠪᠡᠷᠯᠡᠬᠦ ᠂ ᠢᠰᠬᠡᠬᠦ ᠣᠷᠣ ᠵᠡᠷᠭᠡ ᠤᠷᠠᠨ ᠳᠠᠷᠬ᠎ᠠ ᠶᠢᠨ ᠮᠡᠷᠭᠡᠵᠢᠯ ᠪᠣᠯᠤᠨ ᠠᠷᠭ᠎ᠠ ᠬᠡᠮᠵᠢᠶ᠎ᠡ ᠶᠢ ᠳᠡᠯᠭᠡᠷᠡᠭᠦᠯᠬᠦ ᠪᠠᠷ ᠳᠠᠮᠵᠢᠭᠤᠯᠤᠨ ᠂ ᠪᠠᠭᠠᠰᠤ ᠰᠢᠭᠡᠰᠦ ᠶᠢᠨ ᠬᠡᠮᠵᠢᠶ᠎ᠡ ᠶᠢ ᠪᠠᠭᠠᠰᠬᠠᠬᠤ ᠂ ᠡᠬᠢ ᠪᠠᠶᠠᠯᠢᠭᠵᠢᠭᠤᠯᠬᠤ ᠂ ᠬᠤᠤᠷ ᠥᠬᠡᠶᠢᠳᠡᠭᠦᠯᠬᠦ ᠶᠢ ᠪᠡᠶᠡᠯᠡᠭᠦᠯᠦᠨ᠎ᠡ ᠃ 2023 ᠣᠨ ᠳᠤ ᠂ ᠲᠠᠷᠢᠶᠠᠯᠠᠩ ᠳᠤ ᠬᠡᠷᠡᠭᠯᠡᠬᠦ ᠤᠰᠤ ᠶᠢ ᠳᠡᠭᠡᠷ᠎ᠡ ᠵᠢᠯ ᠤᠨ ᠬᠢ ᠠᠴᠠ 217.27 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠠᠰᠬᠠᠵᠤ ᠂ ᠲᠠᠷᠢᠶᠠᠨ ᠭᠠᠵᠠᠷ ᠤᠨ ᠤᠰᠤᠯᠠᠯᠲᠠ ᠶᠢᠨ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ 0.603 % ᠳᠤ ᠬᠦᠷᠪᠡ ᠃  ᠬᠤᠶᠠᠷ ᠲᠤ ᠂ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠦᠢᠯᠡᠴᠢᠯᠡᠭᠡᠨ ᠤ ᠦᠢᠯᠡᠰ ᠤᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠠᠬᠢᠭᠤᠯᠪᠠ ᠃ ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠶᠢᠨ ᠬᠠᠮᠲᠤ ᠤᠰᠤᠨ ᠤ ᠬᠡᠮᠵᠢᠶ᠎ᠡ ᠶᠢ ᠬᠢᠨᠠᠨ ᠲᠣᠭᠲᠠᠭᠠᠬᠤ ᠠᠵᠢᠯ ᠲᠠᠢ ᠤᠶᠠᠯᠳᠤᠭᠤᠯᠤᠨ ᠂ ᠤᠰᠤ ᠶᠡᠭᠡ ᠬᠤᠷᠣᠭᠳᠠᠭᠤᠯᠬᠤ ᠨᠢᠭᠡᠴᠢ ᠶᠢᠨ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠪᠠ ᠠᠵᠢᠯᠯᠠᠭᠤᠯᠬᠤ ᠪᠠᠶᠢᠳᠠᠯ ᠳᠤ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠬᠢᠵᠦ ᠂ ᠭᠤᠭᠤᠵᠢᠬᠤ ᠦᠵᠡᠭᠳᠡᠯ ᠭᠠᠷᠬᠤ ᠶᠢ ᠡᠷᠡᠰ ᠬᠤᠷᠢᠭᠯᠠᠪᠠ ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠤᠷ᠎ᠠ ᠮᠡᠷᠭᠡᠵᠢᠯ ᠢᠶᠠᠨ ᠰᠠᠶᠢᠵᠢᠷᠠᠭᠤᠯᠤᠨ ᠂ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠪᠠᠨ ᠰᠢᠨᠡᠳᠬᠡᠵᠦ ᠂ ᠬᠠᠶᠠᠭᠳᠠᠮᠠᠯ ᠤᠰᠤ ᠶᠢ ᠡᠷᠭᠢᠯᠳᠦᠭᠦᠯᠦᠨ ᠠᠰᠢᠭᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠭᠰᠠᠨ ᠪᠠᠶᠢᠨ᠎ᠠ ᠃ ᠡᠭᠦᠨ ᠤ ᠬᠠᠮᠲᠤ ᠂ ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠬᠡᠷᠡᠭᠵᠢᠭᠦᠯᠵᠦ ᠂ ᠲᠡᠷᠢᠭᠦᠨ ᠤ ᠤᠰᠤ ᠠᠷᠪᠢᠯᠠᠬᠤ ᠤᠷᠠᠨ ᠳᠠᠷᠬ᠎ᠠ ᠪᠣᠯᠤᠨ ᠮᠡᠷᠭᠡᠵᠢᠯ ᠢ ᠶᠡᠬᠡᠪᠡᠷ ᠳᠡᠯᠭᠡᠷᠡᠭᠦᠯᠵᠦ ᠂ ᠤᠰᠤ ᠬᠡᠷᠡᠭᠯᠡᠬᠦ ᠤᠷᠠᠨ ᠳᠠᠷᠬ᠎ᠠ ᠪᠣᠯᠤᠨ ᠳᠠᠪᠲᠠᠨ ᠠᠰᠢᠭᠯᠠᠬᠤ ᠨᠣᠷᠮ᠎ᠠ ᠶᠢ ᠲᠠᠰᠤᠷᠠᠯᠲᠠ ᠤᠢᠭᠡᠢ ᠳᠡᠭᠡᠭᠰᠢᠯᠡᠭᠦᠯᠪᠡ ᠃  ᠭᠤᠷᠪᠠ ᠳᠤ ᠂ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠪᠠ ᠃ ᠬᠤᠲᠠ ᠪᠠᠯᠭᠠᠰᠤᠨ ᠤ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ ᠂ 2023 — 2024 ᠣᠨ ᠳᠤ ᠂ 4300 ᠲᠦᠮᠡᠨ ᠲᠥᠭᠦᠷᠢᠭ ᠢ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠳᠤ ᠬᠡᠷᠡᠭᠯᠡᠵᠦ ᠂ ᠥᠭᠡᠷᠡᠴᠢᠯᠡᠭᠰᠡᠨ ᠤ ᠳᠠᠷᠠᠭᠠᠬᠢ ᠬᠤᠭᠤᠯᠠᠶ ᠶᠢᠨ ᠲᠣᠤᠷ ᠤᠨ ᠭᠤᠭᠤᠵᠢᠬᠤ ᠨᠣᠷᠮ᠎ᠠ ᠶᠢ 11.3% ᠳᠤ ᠬᠦᠷᠭᠡᠪᠡ ᠃ ᠤᠰᠤ ᠠᠷᠪᠢᠯᠠᠬᠤ ᠭᠠᠩ ᠳᠤ ᠲᠡᠰᠪᠦᠷᠢᠲᠡᠶ ᠬᠡᠯᠪᠡᠷᠢ ᠶᠢᠨ ᠤᠷᠭᠤᠮᠠᠯ ᠤᠨ ᠬᠤᠴᠢᠯᠭ᠎ᠠ ᠶᠢ ᠡᠩ ᠲᠡᠷᠢᠭᠦᠨ ᠳᠤ ᠰᠣᠩᠭᠤᠨ ᠬᠡᠷᠡᠭᠯᠡᠬᠦ ᠶᠢ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠳᠤ ᠬᠡᠷᠡᠭᠯᠡᠵᠦ ᠂ ᠰᠦᠷᠴᠢᠨ ᠤᠰᠤᠯᠠᠬᠤ ᠂ ᠰᠡᠪᠡᠷᠡᠭᠦᠨ ᠤᠰᠤᠯᠠᠬᠤ ᠵᠡᠷᠭᠡ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠮᠠᠶ᠋ᠢᠭ ᠢ ᠶᠡᠬᠡᠪᠡᠷ ᠳᠡᠯᠭᠡᠷᠡᠭᠦᠯᠵᠦ ᠂ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ ᠶᠢ ᠤᠷᠢᠳᠠᠪᠠᠷ ᠰᠣᠩᠭᠤᠨ ᠬᠡᠷᠡᠭᠯᠡᠵᠦ ᠂ ᠪᠥᠬᠦ ᠰᠢᠶᠠᠨ ᠤ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ 20% ᠠᠴᠠ ᠳᠠᠪᠠᠭᠤᠯᠪᠠ ᠃  ᠭᠤᠷᠪᠠ ᠂ ᠬᠠᠲᠠᠭᠤ ᠬᠢᠵᠠᠭᠠᠷᠯᠠᠯ ᠢ ᠴᠢᠩᠭᠠᠳᠬᠠᠵᠤ ᠂ ᠤᠰᠤ ᠶᠢ ᠬᠠᠮᠠᠭᠠᠯᠠᠬᠤ ᠤᠰᠤ ᠠᠷᠪᠢᠯᠠᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ  ᠨᠢᠭᠡ ᠳᠤ ᠂ ︽ᠤᠰᠤᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠪᠠ ᠃ ᠥᠪᠡᠷ ᠢᠶᠠᠨ ᠪᠡᠯᠡᠳᠬᠡᠭᠰᠡᠨ ᠤᠰᠤᠨ ᠤ ᠡᠬᠢ ᠰᠤᠷᠪᠤᠯᠵᠢ ᠪᠠ ᠲᠦᠭᠡᠭᠡᠯ ᠤᠰᠤ ᠪᠠᠷ ᠤᠰᠤ ᠠᠪᠬᠤ ᠡᠷᠦᠬᠡ ᠶᠢᠨ ᠲᠥᠯᠥᠪᠯᠡᠭᠡ ᠬᠠᠮᠢᠶᠠᠷᠤᠯᠲᠠ ᠶᠢ ᠴᠢᠩᠳᠠᠯᠠᠵᠤ ᠂ ᠣᠨ ᠤ ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠣᠰᠣᠭᠠᠷ ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠲᠠᠷᠢᠶᠠᠯᠠᠩ ᠂ ᠠᠵᠤ ᠦᠢᠯᠡᠳᠪᠦᠷᠢ ᠂ ᠠᠮᠢᠳᠤᠷᠠᠯ ᠵᠡᠷᠭᠡ ᠠᠵᠢᠯ ᠲᠥᠷᠥᠯ ᠤᠨ ᠬᠡᠷᠡᠭᠯᠡᠬᠦ ᠤᠰᠤ ᠪᠣᠯᠭᠠᠨ ᠵᠠᠳᠠᠯᠵᠤ ᠂ ᠭᠠᠵᠠᠷ ᠳᠣᠤᠷᠠᠬᠢ ᠤᠰᠤ ᠪᠠ ᠭᠠᠵᠠᠷ ᠳᠡᠭᠡᠷᠡᠬᠢ ᠤᠰᠤᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠲᠣᠳᠣᠷᠬᠠᠶᠢᠯᠠᠵᠤ ᠂ ᠤᠰᠤ ᠬᠡᠷᠡᠭᠯᠡᠬᠦ ᠲᠥᠯᠥᠪᠯᠡᠭᠡ ᠶᠢ ᠪᠠᠭᠤᠯᠭᠠᠬᠤ ᠂ ᠤᠰᠤ ᠬᠡᠷᠡᠭᠯᠡᠬᠦ ᠶᠢ ᠵᠢᠯᠣᠭᠤᠳᠬᠤ ᠂ ᠤᠰᠤ ᠬᠡᠷᠡᠭᠯᠡᠬᠦ ᠶᠢ ᠰᠢᠯᠭᠠᠨ ᠬᠢᠨᠠᠬᠤ ᠵᠢᠴᠢ ᠴᠠᠭ ᠲᠤᠬᠠᠶ ᠳᠤᠨᠢ ᠬᠡᠷᠡᠭᠯᠡᠬᠦ ᠤᠰᠤᠨ ᠤ ᠬᠡᠮᠵᠢᠶ᠎ᠡ ᠶᠢ ᠨᠠᠷᠢᠯᠢᠭᠵᠢᠭᠤᠯᠤᠨ ᠬᠢᠨᠠᠨ ᠬᠡᠮᠵᠢᠬᠦ ᠪᠠ ᠬᠠᠮᠢᠶᠠᠷᠬᠤ ᠶᠢ ᠪᠡᠶᠡᠯᠡᠭᠦᠯᠪᠡ ᠃  ᠬᠤᠶᠠᠷ ᠲᠤ ᠂ ︽ᠤᠰᠤᠨ ᠤ ᠬᠢᠨᠠᠯᠲᠠ ᠬᠠᠮᠢᠶᠠᠷᠤᠯᠲᠠ︾ ᠶᠢ ᠴᠢᠩᠭᠠᠳᠬᠠᠪᠠ ᠃ ᠤᠰᠤ ᠠᠪᠬᠤ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠤᠰᠤ ᠠᠪᠬᠤ ᠵᠥᠪᠰᠢᠶᠡᠷᠡᠯ ᠤᠨ ᠬᠢᠨᠠᠨ ᠵᠥᠪᠰᠢᠶᠡᠷᠡᠯ ᠢ ᠴᠢᠩᠳᠠᠯᠠᠵᠤ ᠂ ᠤᠰᠤ ᠠᠪᠴᠤ ᠬᠡᠷᠡᠭᠯᠡᠬᠦ ᠭᠦᠢᠴᠡᠳᠬᠡᠬᠦ ᠲᠤᠭ᠎ᠠ ᠶᠢ ᠴᠢᠩᠭ᠎ᠠ ᠬᠢᠵᠠᠭᠠᠷᠯᠠᠨ᠎ᠠ ᠃ ᠲᠣᠭᠲᠠᠭᠠᠯ ᠠᠴᠠ ᠵᠥᠷᠢᠴᠡᠨ ᠤᠰᠤ ᠠᠪᠴᠤ ᠬᠡᠷᠡᠭᠯᠡᠬᠦ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ ᠂ ᠨᠢᠭᠡᠨᠲᠡ ᠦᠨᠡᠮᠯᠡᠯ ᠣᠯᠭᠤᠭᠰᠠᠨ ᠤᠰᠤ ᠠᠪᠴᠤ ᠬᠡᠷᠡᠭᠯᠡᠬᠦ ᠠᠵᠤ ᠠᠬᠤᠶᠢᠯᠠᠯ ᠳᠤ ᠲᠣᠭᠲᠠᠭᠠᠯ ᠠᠴᠠ ᠵᠥᠷᠢᠴᠡᠨ ᠤᠰᠤ ᠠᠪᠴᠤ ᠬᠡᠷᠡᠭᠯᠡᠬᠦ ︽ᠤᠰᠤ ᠠᠪᠬᠤ ᠵᠥᠪᠰᠢᠶᠡᠷᠡᠯ ᠤᠨ ᠦᠨᠡᠮᠯᠡᠯ︾ ᠢ ᠡᠷᠡᠰ ᠬᠤᠷᠢᠶᠠᠨ ᠠᠪᠴᠤ ᠬᠦᠴᠦᠨ ᠦᠭᠡᠢ ᠪᠣᠯᠭᠠᠵᠤ ᠂ ᠬᠠᠤᠯᠢ ᠪᠤᠰᠤ ᠪᠠᠷ ᠤᠰᠤ ᠠᠪᠬᠤ ᠂ ᠤᠰᠤᠨ ᠤ ᠡᠬᠢ ᠰᠤᠷᠪᠤᠯᠵᠢ ᠶᠢ ᠪᠣᠬᠢᠷᠲᠤᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠠᠮᠢ ᠨᠠᠰᠤᠨ ᠤ ᠡᠬᠢ ᠰᠤᠷᠪᠤᠯᠵᠢ ᠶᠢ ᠰᠠᠶᠢᠲᠤᠷ ᠰᠠᠬᠢᠨ ᠬᠠᠮᠠᠭᠠᠯᠠᠪᠠ ᠃  ᠭᠤᠷᠪᠠ ᠳᠤ ᠂ ︽ᠤᠰᠤᠨ ᠤ ᠦᠨ᠎ᠡ ᠬᠠᠩᠰᠢ︾ ᠶᠢ ᠬᠢᠨᠠᠨ ᠲᠤᠭᠲᠠᠭᠠᠪᠠ ᠃ ᠦᠨ᠎ᠡ ᠲᠥᠯᠥᠪᠦᠷᠢ ᠲᠠᠢ ᠤᠰᠤ ᠬᠡᠷᠡᠭᠯᠡᠬᠦ ᠶᠢ ᠴᠢᠩᠳᠠᠯᠠᠵᠤ ᠂ ᠪᠣᠳᠠᠲᠠᠶ ᠰᠦᠢᠳᠬᠡᠯ ᠬᠤᠷᠢᠶᠠᠬᠤ ᠂ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠵᠤ ᠂ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠬᠠᠮᠢᠶᠠᠷᠤᠯᠲᠠ ᠶᠢ ᠵᠢᠷᠤᠮᠵᠢᠭᠤᠯᠤᠨ ᠂ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠤᠰᠤ ᠠᠷᠪᠢᠯᠠᠵᠤ ᠪᠣᠬᠢᠷᠳᠠᠯ ᠢ ᠪᠠᠭᠠᠰᠬᠠᠬᠤ ᠶᠢ ᠪᠦᠲᠦᠮᠵᠢᠲᠡᠶ ᠠᠬᠢᠭᠤᠯᠤᠨ᠎ᠠ ᠃ ᠦᠨ᠎ᠡ ᠬᠠᠩᠰᠢ ᠶᠢᠨ ᠬᠦᠰᠢᠬᠦᠷᠭᠡ ᠶᠢᠨ ᠦᠢᠯᠡᠳᠦᠯ ᠢ ᠪᠠᠳᠠᠷᠠᠭᠤᠯᠤᠨ ᠂ ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠢ ᠠᠬᠢᠭᠤᠯᠤᠨ ᠪᠣᠳᠣᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠵᠦ ᠂ ᠴᠠᠭ ᠲᠤᠨᠢ ᠲᠣᠬᠢᠷᠠᠭᠤᠯᠤᠨ ᠤᠰᠤᠨ ᠤ ᠦᠨ᠎ᠡ ᠶᠢ ᠬᠢᠨᠠᠨ ᠲᠣᠭᠲᠠᠭᠠᠵᠤ ᠂ ᠳᠠᠪᠠᠭᠤᠯᠤᠨ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ ᠂ ᠦᠨ᠎ᠡ ᠬᠠᠩᠰᠢ ᠶᠢᠨ ᠬᠥᠰᠢᠭᠦᠷᠭᠡ ᠶᠢ ᠬᠡᠷᠡᠭᠯᠡᠨ ᠤᠰᠤ ᠠᠷᠪᠢᠯᠠᠬᠤ ᠶᠢ ᠪᠡᠶᠡᠯᠡᠭᠦᠯᠵᠦ ᠂ ᠳᠤᠰᠤᠯ ᠤᠰᠤ ᠨᠢᠭᠡᠪᠦᠷᠢ ᠶᠢ ᠵᠦᠢ ᠵᠣᠬᠢᠰᠲᠠᠶ ᠠᠰᠢᠭᠯᠠᠬᠤ ᠶᠢ ᠦᠨᠡᠨ ᠬᠦ ᠪᠠᠲᠤᠯᠠᠪᠠ ᠃  ᠳᠥᠷᠪᠡ ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ ᠂ ᠠᠮᠢ ᠨᠠᠰᠤᠨ ᠤ ᠡᠬᠢ ᠰᠤᠷᠪᠤᠯᠵᠢ ᠶᠢ ᠬᠠᠮᠲᠤ ᠪᠠᠷ ᠰᠠᠬᠢᠨ ᠬᠠᠮᠠᠭᠠᠯᠠᠪᠠ  ᠨᠢᠭᠡ ᠳᠤ ᠂ ᠤᠬᠠᠭᠤᠯᠤᠨ ᠳᠠᠶᠢᠴᠢᠯᠠᠪᠠ ᠃ ᠰᠢᠶᠠᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤᠰᠤ ᠠᠷᠪᠢᠯᠠᠬᠤ ᠶᠢ ᠢᠮᠠᠭᠲᠠ ᠨᠢᠭᠡ ᠵᠦᠢᠯ ᠤᠨ ᠰᠣᠶᠣᠯ ᠤᠨ ᠲᠥᠯᠥᠭᠡ ᠪᠠᠶᠢᠭᠤᠯᠵᠤ ᠂ ︽ᠳᠡᠯᠡᠬᠡᠶ ᠶᠢᠨ ᠤᠰᠤᠨ ᠤ ᠡᠳᠦᠷ︾ ᠂ ︽ᠳᠤᠮᠳᠠᠳᠤ ᠤᠯᠤᠰ ᠤᠨ ᠤᠰᠤᠨ ᠤ ᠭᠠᠷᠠᠭ︾ ᠢᠶᠠᠷ ᠠᠵᠠ ᠲᠣᠬᠢᠶᠠᠯ ᠪᠣᠯᠭᠠᠵᠤ ᠂ ᠲᠧᠯᠸᠢᠰ ᠂ ᠰᠣᠨᠢᠨ ᠰᠡᠳᠬᠦᠯ ᠂ ᠸᠢᠴᠠᠲ ᠂ ᠴᠤᠤᠷᠢᠶ᠎ᠠ ᠵᠡᠷᠭᠡ ᠵᠠᠭᠤᠴᠢᠯᠠᠭᠤᠷ ᠤᠨ ᠲᠠᠪᠴᠠᠩ ᠤᠨ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ ᠂ ᠤᠬᠠᠭᠤᠯᠭ᠎ᠠ ᠶᠢᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ ᠂ ᠭᠤᠤᠯ ᠰᠡᠳᠦᠪᠲᠦ ᠤᠬᠠᠭᠤᠯᠭ᠎ᠠ ᠶᠢ ᠡᠳᠦᠷ ᠲᠤᠲᠤᠮ ᠤᠨ ᠤᠬᠠᠭᠤᠯᠭ᠎ᠠ ᠲᠠᠢ ᠤᠶᠠᠯᠳᠤᠭᠤᠯᠬᠤ ᠶᠢ ᠳᠣᠪᠤᠶᠢᠯᠭᠠᠨ ᠂ ᠵᠠᠯᠠᠭᠤᠴᠤᠳ ᠪᠠᠭᠠᠴᠤᠳ ᠤᠨ ᠬᠥᠮᠦᠵᠢᠯ ᠢ ᠳᠣᠪᠤᠶᠢᠯᠭᠠᠵᠤ ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢ ᠳᠣᠪᠤᠶᠢᠯᠭᠠᠨ ᠂ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠰᠠᠨᠠᠭᠠᠴᠢᠯᠠᠵᠤ ᠂ ᠪᠥᠬᠦ ᠠᠷᠠᠳ ᠢᠶᠠᠷ ᠢᠶᠠᠨ ᠤᠰᠤ ᠶᠢ ᠬᠠᠶᠢᠷᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ ᠂ ︽ᠤᠰᠤᠨ ᠤ ᠡᠬᠢ ᠪᠠᠶᠠᠯᠢᠭ ᠢ ᠠᠷᠪᠢᠯᠠᠵᠤ ᠂ ᠤᠰᠤᠨ ᠤ ᠣᠷᠴᠢᠨ ᠲᠣᠭᠤᠷᠢᠨ ᠢ ᠬᠠᠮᠠᠭᠠᠯᠠᠬᠤ︾ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠪᠠ ᠃  ᠬᠤᠶᠠᠷ ᠲᠤ ᠂ ᠵᠢᠱᠢᠶ᠎ᠡ ᠦᠵᠡᠭᠦᠯᠦᠨ ᠳᠠᠶᠢᠴᠢᠯᠠᠪᠠ ᠃ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠂ ᠤᠰᠤ ᠠᠷᠪᠢᠯᠠᠬᠤ ᠬᠡᠯᠪᠡᠷᠢ ᠶᠢᠨ ᠪᠠᠶᠢᠭᠤᠯᠭ᠎ᠠ ᠂ ᠤᠰᠤ ᠠᠷᠪᠢᠯᠠᠬᠤ ᠬᠡᠯᠪᠡᠷᠢ ᠶᠢᠨ ᠰᠤᠷᠭᠠᠭᠤᠯᠢ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠦᠷᠨᠢᠭᠦᠯᠪᠡ ᠃ ᠨᠡᠶᠢᠲᠡ 100 ᠲᠦᠮᠡᠨ ᠲᠥᠭᠦᠷᠢᠭ ᠤᠨ ᠲᠤᠰᠬᠠᠶ ᠪᠡᠯᠡ ᠮᠥᠩᠭᠦ ᠣᠷᠣᠭᠤᠯᠵᠤ ᠬᠤᠲᠠ ᠪᠠᠯᠭᠠᠰᠤᠨ ᠤ ᠳᠣᠲᠣᠷᠠᠬᠢ ᠣᠯᠠᠨ ᠨᠡᠶᠢᠲᠡ ᠶᠢᠨ ᠨᠢᠭᠡᠴᠢ ᠂ ᠪᠠᠶᠢᠭᠤᠯᠭ᠎ᠠ ᠶᠢᠨ ᠤᠰᠤ ᠠᠷᠪᠢᠯᠠᠬᠤ ᠬᠡᠯᠪᠡᠷᠢ ᠶᠢᠨ ᠲᠥᠬᠦᠭᠡᠷᠦᠮᠵᠢ ᠪᠠᠨ ᠰᠣᠯᠢᠵᠤ ᠂ ᠰᠢᠶᠠᠨ ᠤ ᠱᠠᠲᠤᠨ ᠤ ᠤᠰᠤ ᠠᠷᠪᠢᠯᠠᠬᠤ ᠨᠢᠭᠡᠴᠢ 25 ᠡᠷᠦᠬᠡ ᠶᠢ ᠡᠭᠦᠳᠦᠨ ᠪᠠᠶᠢᠭᠤᠯᠪᠠ ᠃  ᠳᠠᠷᠠᠭᠠᠴᠢ ᠶᠢᠨ ᠠᠯᠬᠤᠮ ᠳᠤ ᠂ ᠲᠦᠴᠢᠦᠸᠠᠨ ᠰᠢᠶᠠᠨ ᠤ ᠬᠢᠨ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠵᠤ ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠴᠢᠨᠠᠷ ᠰᠠᠶᠢᠲᠠᠢ ᠤᠰᠤᠨ ᠤ ᠡᠬᠢ ᠪᠠᠶᠠᠯᠢᠭ ᠂ ᠡᠷᠡᠭᠦᠯ ᠤᠰᠤᠨ ᠤ ᠠᠮᠢ ᠠᠬᠤᠢ ᠂ ᠣᠷᠣᠰᠢᠨ ᠰᠠᠭᠤᠬᠤ ᠳᠤ ᠲᠣᠬᠢᠷᠠᠮᠵᠢᠲᠠᠢ ᠤᠰᠤᠨ ᠤ ᠣᠷᠴᠢᠨ ᠲᠣᠭᠤᠷᠢᠨ ᠪᠣᠯᠣᠨ ᠲᠡᠷᠢᠭᠦᠨ ᠤ ᠤᠰᠤᠨ ᠤ ᠰᠣᠶᠣᠯ ᠤᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ ᠂ ᠨᠡᠩ ᠥᠨᠳᠥᠷ ᠪᠠᠷᠢᠮᠵᠢᠶ᠎ᠠ ᠂ ᠨᠡᠩ ᠴᠢᠩᠭ᠎ᠠ ᠱᠠᠭᠠᠷᠳᠠᠯᠭ᠎ᠠ ᠪᠠᠷ ᠬᠠᠤᠯᠢ ᠶᠣᠰᠣᠭᠠᠷ ᠤᠰᠤ ᠶᠢ ᠵᠠᠰᠠᠵᠤ ᠤᠰᠤ ᠠᠷᠪᠢᠯᠠᠵᠤ ᠤᠰᠤ ᠶᠢ ᠬᠥᠭᠵᠢᠭᠦᠯᠬᠦ ᠶᠢ ᠪᠠᠷᠢᠮᠲᠠᠯᠠᠵᠤ ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ ᠂ ᠠᠮᠢ ᠠᠬᠤᠢ ᠂ ᠣᠷᠣᠰᠢᠨ ᠰᠠᠭᠤᠬᠤ ᠳᠤ ᠲᠣᠬᠢᠷᠠᠮᠵᠢᠲᠠᠢ ᠂ ᠦᠵᠡᠰᠬᠦᠯᠡᠩᠲᠦ ᠰᠠᠶᠢᠬᠠᠨ ᠂ ᠠᠮᠢᠵᠢᠷᠠᠯ ᠤᠨ ᠬᠦᠴᠦᠨ ᠲᠠᠢ ᠰᠢᠨ᠎ᠡ ᠲᠦᠴᠢᠦᠸᠠᠨ ᠢ ᠬᠦᠴᠦᠯᠡᠨ ᠪᠠᠶᠢᠭᠤᠯᠤᠨ᠎ᠠ ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号