ᠦᠪᠦᠷ ᠮᠤᠩᠭᠤᠯ ᠤᠨ ᠤᠷᠳᠤᠰ ᠬᠤᠲᠠ ᠶᠢᠨ ᠪᠡᠶᠡᠲᠦ ᠰᠡᠷᠬᠡᠶᠢᠯᠡᠯᠲᠡ ᠨᠢ ︽ᠠᠷᠪᠠᠨ ᠶᠡᠭᠡ ᠬᠦᠨᠳᠡᠢ︾ ᠶᠢ ᠰᠢᠨ᠎ᠡ ᠳᠦᠷᠰᠦ ᠪᠠᠶᠢᠳᠠᠯ ᠲᠠᠢ ᠪᠣᠯᠭᠠᠪᠠ
ᠨᠡᠶᠢᠲᠡᠯᠡᠭᠰᠡᠨ ᠴᠠᠭ᠄
2024/12/4
  ᠦᠪᠤᠷ ᠮᠣᠩᠭᠤᠯ ᠤᠨ ᠦᠪᠠᠷᠳᠠᠬᠡᠠ ᠵᠠᠰᠠᠬᠤ ᠤᠷᠣᠠ  ᠤ ᠣᠷᠳᠣᠰ ᠬᠤᠲᠠ ᠶᠢᠨ ᠬᠢᠵᠠᠭᠠᠷ ᠳᠣᠲᠣᠷ᠎ᠠ᠂ ᠬᠠᠲᠤᠨ ᠭᠤᠣᠯ ᠤᠨ ᠨᠢᠭᠡᠳᠦᠭᠡᠷ ᠳᠡᠰ ᠤᠨ 10 ᠰᠠᠯᠪᠤᠷᠢ ᠤᠷᠤᠰᠬᠠᠯ ᠲᠠᠢ ᠪᠠᠶᠢᠵᠦ᠂ ︽ᠠᠷᠪᠠᠨ ᠶᠡᠭᠡ ᠬᠦᠨᠳᠡᠢ︾ ᠬᠡᠮᠡᠭᠳᠡᠵᠡᠢ᠃ ᠡᠳᠡᠭᠡᠷ ᠰᠠᠯᠪᠤᠷᠢ ᠤᠷᠤᠰᠬᠠᠯ ᠨᠢ ᠵᠢᠯ ᠪᠦᠷᠢ ᠬᠠᠳᠤᠨ ᠭᠤᠤᠯ ᠳᠤ ᠪᠠᠷᠤᠭ 2700 ᠲᠦ᠋ᠮᠡᠨ ᠲᠤᠨ ᠡᠯᠡᠰᠦ ᠬᠦᠷᠭᠡᠨ᠎ᠡ᠃ ᠣᠷᠳᠣᠰ ᠬᠤᠲᠠ ᠣᠶᠢᠷ᠎ᠠ ᠶᠢᠨ ᠵᠢᠯ ᠤᠳ ᠲᠤ ︽ᠬᠤᠶᠠᠷ ᠢ ᠵᠡᠷᠭᠡ ᠪᠠᠷ ᠠᠳᠬᠤᠬᠤ︾ ᠶᠢ ᠪᠠᠷᠢᠮᠲᠠᠯᠠᠨ᠂ ᠨᠢᠭᠡ ᠲᠠᠯ᠎ᠠ ᠪᠠᠷ ᠰᠠᠪᠠ ᠭᠠᠵᠠᠷ ᠤᠨ ᠳᠣᠲᠣᠷᠠᠬᠢ ᠤᠰᠤ ᠬᠦᠷᠦᠰᠦ ᠶᠢᠨ ᠢᠳᠡᠭᠳᠡᠯ ᠢ ᠶᠡᠷᠦᠩᠬᠡᠶᠢᠯᠡᠨ ᠵᠠᠰᠠᠵᠤ᠂ ᠨᠥᠭᠦᠭᠡ ᠲᠠᠯ᠎ᠠ ᠪᠠᠷ ᠭᠤᠤᠯ ᠤᠨ ᠵᠠᠮ ᠳᠠᠬᠢ ᠰᠢᠪᠠᠷ ᠡᠯᠡᠰᠦ ᠶᠢ ᠵᠠᠰᠠᠵᠤ᠂ ︽ᠠᠷᠪᠠᠨ ᠶᠡᠭᠡ ᠬᠦᠨᠳᠡᠢ︾ ᠶᠢᠨ ᠬᠠᠲᠤᠨ ᠭᠤᠤᠯ ᠳᠤ ᠡᠯᠡᠰᠦ ᠣᠷᠣᠭᠤᠯᠬᠤ ᠬᠡᠮᠵᠢᠶ᠎ᠡ ᠶᠢ ᠪᠠᠭᠠᠰᠬᠠᠪᠠ᠃  ︽ᠠᠭᠤᠯᠠ ᠶᠢᠨ ᠣᠷᠣᠢ ᠳᠡᠭᠡᠷ᠎ᠡ ᠮᠣᠳᠣ ᠲᠠᠷᠢᠵᠤ ᠣᠶᠢᠵᠢᠭᠤᠯᠤᠨ ︿ᠮᠠᠯᠠᠭᠠᠢ ᠵᠡᠭᠦᠯᠭᠡᠪᠡ﹀᠂ ᠠᠭᠤᠯᠠᠨ ᠪᠡᠯ ᠳᠤ ᠲᠠᠷᠢᠶᠠᠯᠠᠬᠤ ᠪᠠᠨ ᠵᠤᠭᠰᠤᠵᠤ ᠡᠪᠡᠰᠦ ᠲᠠᠷᠢᠵᠤ ︿ᠲᠡᠷᠯᠢᠭ ᠨᠦᠮᠦᠷᠭᠡᠪᠡ﹀᠂ ᠠᠭᠤᠯᠠ ᠶᠢᠨ ᠪᠡᠯ ᠳᠤ ᠬᠠᠷᠭᠠᠨ᠎ᠠ ᠲᠠᠷᠢᠵᠤ ︿ᠪᠦᠰᠡ ᠪᠦᠰᠡᠯᠡᠪᠡ﹀᠂ ᠠᠭᠤᠯᠠ ᠶᠢᠨ ᠵᠢᠯᠠᠭ᠎ᠠ ᠪᠠᠷ ᠬᠠᠰᠢᠯᠭ᠎ᠠ ᠪᠤᠰᠬᠠᠵᠤ ᠨᠦᠯᠦᠮᠡᠯ ᠭᠠᠵᠠᠷ ᠲᠤ ︿ᠭᠤᠲᠤᠯ ᠡᠮᠦᠰᠭᠡᠪᠡ﹀︾᠃ ᠳᠠᠯᠠᠳ ᠬᠤᠰᠢᠭᠤᠨ ᠤ ᠤᠰᠤ ᠬᠦᠷᠦᠰᠦ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠶᠦᠨ ᠹᠸᠢ ᠲᠠᠨᠢᠯᠴᠠᠭᠤᠯᠬᠤ        ᠳᠠᠭᠠᠨ᠂ ︽ᠠᠳᠠᠯᠢ ᠪᠤᠰᠤ ᠣᠷᠣᠨ ᠪᠦᠰᠡ ᠳᠤ ᠠᠳᠠᠯᠢ ᠪᠤᠰᠤ ᠵᠠᠰᠠᠯᠲᠠ ᠶᠢᠨ ᠠᠷᠭ᠎ᠠ ᠪᠠᠷᠢᠯ ᠲᠠᠢ ᠪᠠᠶᠢᠵᠤ᠂ ᠡᠴᠦᠰ ᠲᠡᠭᠡᠨ ᠤᠰᠤ ᠬᠦᠷᠦᠰᠦ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠪᠣᠰᠤᠭ᠎ᠠ ᠴᠣᠭᠴᠠᠲᠤ ᠰᠡᠷᠭᠡᠶᠢᠯᠡᠯᠲᠡ ᠶᠢᠨ ᠰᠢᠰᠲ᠋ᠧᠮ ᠢ ᠪᠦᠷᠢᠯᠳᠦᠭᠦᠯᠵᠦ᠂ ᠬᠠᠲᠤᠨ ᠭᠤᠤᠯ ᠳᠤ ᠡᠯᠡᠰᠦ ᠣᠷᠣᠭᠤᠯᠬᠤ ᠵᠠᠮ ᠢ ᠲᠠᠰᠤᠯᠪᠠ︾ ᠭᠡᠵᠡᠶ᠃  ᠣᠶᠢᠯᠠᠭᠠᠭᠰᠠᠨ ᠢᠶᠠᠷ᠂ ᠣᠷᠳᠣᠰ ᠬᠤᠲᠠ ᠳᠤᠮᠳᠠ ᠤᠷᠤᠰᠬᠠᠯ ᠤᠨ ᠰᠠᠯᠬᠢ ᠰᠢᠭᠤᠷᠭᠠᠨ ᠤ ᠣᠷᠣᠨ ᠳᠤ ︽ᠡᠮᠦᠨᠡᠰᠢ ᠬᠦᠷᠢᠶᠡᠯᠡᠨ ᠤᠮᠠᠷᠠᠰᠢ ᠪᠥᠭᠯᠡᠬᠦ᠂ ᠳᠤᠮᠳᠠ ᠨᠢ ᠣᠭᠲᠣᠯᠬᠤ︾ ᠠᠷᠭ᠎ᠠ ᠪᠣᠳᠣᠯᠭ᠎ᠠ ᠶᠢ ᠬᠡᠷᠡᠭᠯᠡᠨ᠂ ᠬᠥᠪᠴᠢ ᠶᠢᠨ ᠡᠯᠡᠰᠦ ᠶᠢ ᠵᠠᠰᠠᠵᠤ᠂ ᠭᠤᠤᠯ ᠤᠨ ᠵᠠᠮ ᠤᠨ ᠬᠤᠶᠠᠷ ᠡᠷᠭᠢ ᠳᠤ ᠮᠣᠳᠣ ᠳᠠᠷᠢᠵᠤ ᠣᠶᠢᠵᠢᠭᠤᠯᠬᠤ ᠪᠠᠷ ᠳᠠᠮᠵᠢᠭᠤᠯᠤᠨ᠂ ᠬᠥᠮᠦᠨ ᠤ ᠬᠦᠴᠦ ᠪᠠᠷ ᠡᠯᠡᠰᠦ ᠶᠢ ᠬᠠᠰᠢᠵᠤ᠂ ᠣᠶ ᠰᠢᠭᠤᠶ ᠡᠪᠡᠰᠦᠨ ᠤ ᠪᠠᠲᠤ ᠪᠠᠬᠢ ᠪᠦᠰᠡ ᠶᠢ ᠪᠠᠶᠢᠭᠤᠯᠪᠠ᠃  ᠡᠯᠡᠰᠦ ᠰᠢᠪᠠᠷ ᠢ ᠦᠨᠳᠦᠰᠦ ᠠᠴᠠ ᠨᠢ ᠵᠠᠰᠠᠬᠤ ᠠᠰᠠᠭᠤᠳᠠᠯ ᠤᠨ ᠲᠣᠭᠤᠷᠢᠨ ᠳᠤ᠂ ᠣᠷᠳᠣᠰ ᠬᠤᠲᠠ ᠠᠮᠢ ᠠᠬᠤᠶ ᠶᠢᠨ ᠵᠠᠰᠠᠯᠲᠠ ᠶᠢᠨ ᠰᠢᠨ᠎ᠡ ᠵᠠᠭᠪᠤᠷ ᠤᠨ ︽ᠤᠰᠤ ᠡᠯᠡᠰᠦ ᠶᠢ ᠰᠣᠯᠢᠬᠤ︾ ︵ᠣᠲᠣ ︽ᠡᠯᠡᠰᠦ ᠶᠢ ᠬᠠᠰᠢᠵᠤ ᠤᠰᠤ ᠶᠢ ᠰᠣᠯᠢᠬᠤ︾ ᠭᠡᠵᠦ ᠨᠡᠷᠡᠶᠢᠳᠦᠨ᠎ᠡ︶ ᠶᠢᠨ ᠰᠡᠳᠬᠢᠮᠵᠢ ᠶᠢ ᠳᠤᠷᠠᠳᠪᠠ᠂ ᠲᠤᠬᠠᠶᠢᠯᠠᠪᠠᠯ ᠡᠯᠡᠰᠦ ᠶᠢ ᠬᠠᠰᠢᠬᠤ ᠬᠠᠰᠢᠯᠭ᠎ᠠ ᠶᠢᠨ ᠢᠨᠵᠧᠨᠧᠷᠢᠩ ᠢᠶᠠᠷ ᠡᠯᠡᠰᠦ ᠶᠢ ᠬᠠᠰᠢᠨ ᠡᠯᠡᠰᠦ ᠶᠢ ᠲᠣᠭᠲᠠᠪᠤᠷᠢᠵᠢᠭᠤᠯᠵᠤ᠂ ᠬᠠᠲᠤᠨ ᠭᠤᠤᠯ ᠳᠤ ᠡᠯᠡᠰᠦ ᠣᠷᠣᠭᠤᠯᠬᠤ ᠬᠡᠮᠵᠢᠶ᠎ᠡ ᠶᠢ ᠪᠠᠭᠠᠰᠬᠠᠨ᠂ ᠬᠠᠲᠤᠨ ᠭᠤᠤᠯ ᠤᠨ ᠡᠯᠡᠰᠦ ᠣᠷᠣᠭᠤᠯᠬᠤ ᠤᠰᠤ ᠬᠡᠷᠡᠭᠯᠡᠬᠦ ᠬᠡᠮᠵᠢᠶ᠎ᠡ ᠶᠢ ᠰᠣᠯᠢᠵᠤ᠂ ᠬᠠᠲᠤᠨ ᠭᠤᠤᠯ ᠤᠨ ᠤᠰᠤ ᠬᠡᠷᠡᠭᠯᠡᠬᠦ ᠬᠦᠢᠴᠡᠳᠬᠡᠯ ᠲᠤᠭ᠎ᠠ ᠶᠢ ᠰᠣᠯᠢᠵᠤ ᠭᠠᠷᠭᠠᠨ᠎ᠠ᠃ ᠣᠯᠠᠨ ᠵᠢᠯ ᠤᠨ ᠳᠠᠬᠢᠨ ᠳᠠᠪᠲᠠᠨ ᠰᠤᠳᠤᠯᠤᠨ ᠨᠤᠲᠠᠯᠠᠬᠤ ᠪᠠᠷ ᠳᠡᠮᠵᠢᠨ᠂ 2020 ᠣᠨ ᠳᠤ᠂ ︽ᠡᠯᠡᠰᠦ ᠶᠢ ᠬᠠᠰᠢᠵᠤ ᠤᠰᠤ ᠶᠢ ᠰᠣᠯᠢᠬᠤ︾ ᠲᠤᠷᠰᠢᠯᠲᠠ ᠶᠢᠨ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠦᠨ ᠬᠡᠷᠡᠭᠵᠢᠭᠦᠯᠪᠡ᠃  ᠣᠷᠳᠣᠰ ᠬᠤᠲᠠ ᠶᠢᠨ ︽ᠡᠯᠡᠰᠦ ᠶᠢ ᠬᠠᠰᠢᠵᠤ ᠤᠰᠤ ᠶᠢ ᠰᠣᠯᠢᠬᠤ︾ ᠢᠨᠵᠧᠨᠧᠷᠢᠩ ᠤᠨ ᠨᠢᠭᠡ ᠪᠣᠯᠤᠭᠰᠠᠨ ᠤ ᠬᠤᠪᠢ ᠳᠤ᠂ ᠭᠤᠤᠯ ᠬᠤᠲᠠ ᠲᠣᠭᠤᠷᠢᠭ ᠤᠨ ᠬᠠᠲᠤᠨ ᠭᠤᠤᠯ ᠤᠨ ᠤᠰᠤ ᠶᠢ ᠲᠠᠲᠠᠵᠤ ᠤᠰᠤ ᠬᠠᠩᠭᠠᠬᠤ ᠢᠨᠵᠧᠨᠧᠷᠢᠩ ᠢ ᠡᠨᠡ ᠵᠢᠯ ᠤᠨ 7 ᠳ᠋ᠤᠭᠠᠷ ᠰᠠᠷ᠎ᠠ ᠶᠢᠨ 18 ᠤ ᠡᠳᠦᠷ ᠵᠢᠩᠬᠢᠨᠢ ᠪᠠᠷ ᠤᠰᠤ ᠨᠡᠪᠲᠡᠷᠡᠭᠦᠯᠵᠦ᠂ ᠬᠤᠶᠠᠷ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠬᠡᠷᠡᠭᠴᠡᠭᠡ ᠵᠢᠴᠢ 4 ᠠᠵᠤ ᠦᠢᠯᠡᠳᠪᠦᠷᠢ ᠶᠢᠨ ᠲᠥᠷᠥᠯ ᠵᠦᠢᠯ ᠤᠨ ᠤᠰᠤ ᠬᠠᠩᠭᠠᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠳᠤ ᠪᠠᠲᠤ ᠪᠠᠬᠢ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠭᠰᠠᠨ ᠪᠠᠶᠢᠨ᠎ᠠ᠃  ᠥᠩᠭᠡᠷᠡᠭᠰᠡᠨ ᠳᠤ ᠠᠭᠤᠯᠠᠨ ᠦᠶᠡᠷ ᠣᠯᠠᠨᠲᠠ ᠡᠭᠦᠰᠴᠦ᠂ ᠤᠰᠤ ᠬᠦᠷᠦᠰᠦ ᠶᠢᠨ ᠢᠳᠡᠭᠳᠡᠯ ᠬᠦᠨᠳᠦ ᠨᠣᠴᠢᠲᠠᠶ ᠪᠠᠶᠢᠬᠤ ᠠᠴᠠ ᠥᠨᠥᠳᠦᠷ ᠤᠨ ᠤᠰᠤᠨ ᠰᠤᠷᠪᠤᠯᠵᠢ ᠶᠢ ᠬᠠᠳᠠᠭᠠᠯᠠᠬᠤ᠂ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠦᠲᠦᠮᠵᠢᠲᠡᠶ ᠬᠠᠮᠠᠭᠠᠯᠠᠬᠤ ᠬᠦᠷᠲᠡᠯ᠎ᠡ᠂ ︽ᠠᠷᠪᠠᠨ ᠶᠡᠭᠡ ᠬᠦᠨᠳᠡᠢ︾ ᠠᠲᠠᠷᠰᠢᠵᠤ ᠪᠠᠶᠢᠭᠰᠠᠨ ᠠᠴᠠ ᠴᠡᠴᠡᠭᠯᠡᠨ ᠬᠥᠭᠵᠢᠭᠰᠡᠨ ᠦᠵᠡᠰᠬᠦᠯᠡᠩᠲᠦ ᠰᠠᠶᠢᠬᠠᠨ ᠬᠤᠪᠢᠷᠠᠬᠤ ᠶᠢ ᠪᠡᠶᠡᠯᠡᠭᠦᠯᠵᠦ᠂ ᠦᠷ᠎ᠡ ᠬᠤᠶᠢᠴᠢᠰ ᠲᠠᠭᠠᠨ ᠠᠰᠢᠭ ᠬᠦᠷᠲᠡᠭᠡᠬᠦ ᠪᠣᠬᠢᠷᠲᠤᠯ ᠥᠬᠡᠶ ᠡᠷᠳᠡᠨᠢ ᠶᠢᠨ ᠬᠥᠮᠥᠷᠭᠡ ᠪᠣᠯᠤᠭᠰᠠᠨ ᠪᠠᠶᠢᠨ᠎ᠠ᠃  ︽ᠲᠣᠮᠲᠠᠲᠤ ᠤᠯᠤᠰ ᠤᠨ ᠣᠰᠣᠠ ᠠᠰᠢᠬᠯᠠᠯᠲᠠ ᠶᠢᠨ ᠰᠣᠨᠢᠠ︾ ᠠᠴᠠ ᠰᠢᠯᠵᠢᠭᠦᠯᠪᠡ  ᠰᠣᠷᠪᠤᠯᠵᠢᠯᠠᠬᠴᠢ ᠯᠢ ᠵᠢᠶᠠᠨ ᠭᠦᠸᠧ 
 
ᠢᠷᠡᠯᠲᠡ᠄ ᠳᠤᠮᠳᠠᠳᠤ ᠤᠯᠤᠰ ᠤᠨ ᠤᠰᠤᠨ ᠠᠰᠢᠭᠯᠠᠯᠲᠠ ᠶᠢᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号