ᠰᠢ ᠶᠢᠨ ᠫᠢᠩ ᠨᠧᠫᠠᠯ ᠤᠨ ᠶᠡᠷᠦᠩᠬᠡᠢ ᠰᠠᠶᠢᠳ ᠤᠤᠯᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/12/4
      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 3 ᠤ ᠴᠠᠭᠢᠯᠭᠠᠨ ᠮᠡᠳᠡᠭᠡ   12 ᠰᠠᠷ᠎ᠠ ᠶᠢᠨ 3 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ  ᠰᠢ ᠶᠢᠨ ᠫᠢᠩ ᠪᠡᠭᠡᠵᠢᠩ ᠤᠨ ᠳ᠋ᠢᠶᠣᠣ ᠢᠦᠢ  ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠨᠧᠫᠠᠯ ᠤᠨ ᠶᠡᠷᠦᠩᠬᠡᠢ ᠰᠠᠶᠢᠳ ᠤᠤᠯᠢ ᠲᠠᠢ ᠠᠭᠤᠯᠵᠠᠪᠠ ᠃
习近平会见尼泊尔总理奥利11.jpg
      12 ᠰᠠᠷ᠎ᠠ ᠶᠢᠨ 3 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ  ᠰᠢ ᠶᠢᠨ ᠫᠢᠩ ᠪᠡᠭᠡᠵᠢᠩ ᠤᠨ ᠳ᠋ᠢᠶᠣᠣ ᠢᠦᠢ  ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠨᠧᠫᠠᠯ ᠤᠨ ᠶᠡᠷᠦᠩᠬᠡᠢ ᠰᠠᠶᠢᠳ ᠤᠤᠯᠢ ᠲᠠᠢ ᠠᠭᠤᠯᠵᠠᠪᠠ ᠃  ᠰᠢᠨᠬᠤᠸᠠ ᠬᠤᠷᠢᠶᠠᠨ ᠤ ᠰᠤᠷᠪᠤᠯᠵᠢᠯᠠᠭᠴᠢ   ᠶᠣᠣ ᠳ᠋ᠠ ᠸᠧᠢ    ᠰᠡᠭᠦᠳᠡᠷᠯᠡᠪᠡ       ᠰᠢ ᠶᠢᠨ ᠫᠢᠩ ᠤᠤᠯᠢ ᠶᠢᠨ ᠤᠷᠳᠤ ᠬᠤᠭᠤᠴᠠᠭᠠᠨ ᠤ ᠲᠤᠷᠰᠢ ᠳᠤᠮᠳᠠᠳᠤ ᠨᠧᠫᠠᠯ ᠤᠨ ᠨᠥᠭᠦᠷᠰᠡᠭ ᠦᠢᠯᠡᠰ ᠤᠨ ᠲᠥᠯᠥᠭᠡ ᠡᠷᠡᠰ ᠴᠢᠷᠮᠠᠶᠢᠭᠰᠠᠨ ᠢ ᠮᠠᠭᠲᠠᠨ ᠰᠠᠶᠢᠰᠢᠶᠠᠵᠤ ᠂ ᠳᠤᠮᠳᠠᠳᠤ ᠤᠯᠤᠰ ᠪᠣᠯᠣᠨ ᠨᠧᠫᠠᠯ ᠪᠣᠯ ᠠᠭᠤᠯᠠ ᠤᠰᠤ ᠪᠠᠷ ᠢᠶᠠᠨ ᠵᠠᠯᠭᠠᠯᠳᠤᠭᠰᠠᠨ ᠰᠠᠶᠢᠨ ᠬᠥᠷᠰᠢ ᠂ ᠰᠠᠶᠢᠨ ᠨᠠᠶᠢᠵᠠ ᠂ ᠰᠠᠶᠢᠨ ᠬᠠᠨᠢᠲᠠᠨ ᠮᠥᠨ ᠂ ᠬᠤᠶᠠᠷ ᠤᠯᠤᠰ ᠢᠮᠠᠭᠲᠠ ᠦᠨᠡᠨᠴᠢ ᠪᠠᠷ ᠬᠠᠨᠳᠤᠵᠤ ᠂ ᠬᠠᠷᠢᠯᠴᠠᠨ ᠭᠦᠨᠳᠦᠳᠭᠡᠵᠦ ᠂ ᠬᠠᠷᠢᠯᠴᠠᠨ ᠲᠡᠮᠵᠢᠵᠥ ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠪᠠᠲᠤᠯᠠᠭᠰᠠᠭᠠᠷ ᠢᠷᠡᠵᠠᠢ ᠃ ᠢᠷᠡᠬᠦ ᠵᠢᠯ ᠪᠣᠯ ᠳᠤᠮᠳᠠᠳᠤ ᠨᠧᠫᠠᠯ ᠤᠨ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠪᠣᠯᠣᠨ᠎ᠠ ᠃ ᠳᠤᠮᠳᠠᠳᠤ ᠤᠯᠤᠰ ᠳᠤᠮᠳᠠᠳᠤ ᠨᠧᠫᠠᠯ ᠤᠨ ᠬᠠᠷᠢᠯᠴᠠᠭ᠎ᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠴᠢᠬᠤᠯᠠ ᠪᠠᠶᠢᠷᠢᠨ ᠳᠤ ᠲᠠᠯᠪᠢᠵᠤ ᠂ ᠳᠤᠷᠠᠲᠠᠶ᠎ᠠ ᠨᠧᠫᠠᠯ ᠤᠨ ᠬᠢᠨ ᠲᠠᠢ ᠬᠠᠷᠢᠯᠴᠠᠭ᠎ᠠ ᠪᠠᠶᠢᠭᠤᠯᠬᠤ ᠤᠭ ᠰᠠᠨᠠᠭ᠎ᠠ ᠪᠠᠨ ᠪᠠᠷᠢᠮᠲᠠᠯᠠᠵᠤ ᠂ ᠤᠯᠠᠮᠵᠢᠯᠠᠯᠲᠤ ᠨᠥᠬᠦᠷᠯᠡᠯ ᠢᠶᠠᠨ ᠪᠠᠬᠢᠵᠢᠭᠦᠯᠵᠦ ᠂ ᠳᠤᠮᠳᠠᠳᠤ ᠨᠧᠫᠠᠯ ᠤᠨ ᠬᠥᠭᠵᠢᠯᠲᠡ ᠪᠠ ᠴᠡᠴᠡᠭᠯᠡᠯ ᠳᠤ ᠬᠠᠨᠳᠤᠭᠤᠯᠤᠭᠰᠠᠨ ᠦᠶ᠎ᠡ ᠦᠶ᠎ᠡ ᠶᠢᠨ ᠨᠥᠭᠦᠷᠰᠡᠭ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠰᠢᠨ᠎ᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃       ᠰᠢ ᠶᠢᠨ ᠫᠢᠩ᠂ ᠳᠤᠮᠳᠠᠳᠤ ᠤᠯᠤᠰ ᠨᠧᠫᠠᠯ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢ ᠰᠣᠩᠭᠤᠬᠤ ᠶᠢ ᠭᠦᠨᠳᠦᠳᠭᠡᠵᠦ ᠂ ᠨᠧᠫᠠᠯ ᠤᠨ ᠤᠯᠤᠰ ᠤᠨ ᠲᠤᠰᠠᠭᠠᠷ ᠲᠣᠭᠲᠠᠨᠢᠯ ᠂ ᠡᠷᠬᠡ ᠮᠡᠳᠡᠯ ᠪᠠ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠲᠡᠮᠵᠢᠨ᠎ᠡ ᠂ ᠳᠤᠷᠠᠲᠠᠶ᠎ᠠ ᠨᠧᠫᠠᠯ ᠤᠨ  ᠬᠢᠨ ᠲᠠᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠲᠠᠰᠤᠷᠠᠯᠳᠡ ᠦᠭᠡᠢ ᠪᠠᠬᠢᠵᠢᠭᠦᠯᠵᠦ ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠡᠷᠡᠰ ᠳᠡᠮᠵᠢᠯᠴᠡᠨ᠎ᠡ ᠃ ᠳᠤᠮᠳᠠᠳᠤ ᠨᠧᠫᠠᠯ ᠤᠨ ᠾᠢᠮᠠᠯᠠᠶ᠎ᠠ ᠶᠢ ᠰᠤᠨᠳᠠᠯᠠᠭᠰᠠᠨ ᠪᠣᠰᠤᠭ᠎ᠠ ᠴᠣᠭᠴᠠᠲᠤ ᠬᠤᠯᠪᠣᠯᠳᠤᠨ ᠨᠡᠪᠲᠡᠷᠡᠯᠴᠡᠬᠦ ᠲᠣᠣᠷ ᠤᠨ ᠪᠠᠶᠢᠭᠤᠯᠤᠯᠲᠠ ᠠᠯᠬᠤᠮ ᠠᠯᠬᠤᠮ ᠢᠶᠠᠷ ᠵᠢᠱᠢᠯᠲᠡ ᠠᠴᠠ ᠪᠠᠨ ᠪᠣᠳᠠᠲᠤ ᠠᠬᠤᠢ ᠪᠣᠯᠣᠨ ᠬᠤᠪᠢᠷᠠᠵᠤ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠨᠧᠫᠠᠯ ᠤᠨ ᠬᠢᠨ ᠲᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ ᠂ ︽ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ ᠂ ᠬᠢᠯᠢ ᠶᠢᠨ ᠪᠣᠭᠤᠮᠲᠠ ᠂ ᠵᠠᠮ ᠬᠠᠷᠢᠯᠴᠠᠭ᠎ᠠ ᠂ ᠴᠠᠭᠢᠯᠭᠠᠨ ᠲᠣᠣᠷ ᠂ ᠴᠢᠮᠡᠭᠡ ᠬᠤᠯᠪᠤᠭ᠎ᠠ ᠵᠡᠷᠭᠡ ᠬᠤᠯᠪᠣᠯᠳᠤᠨ ᠨᠡᠪᠲᠡᠷᠡᠯᠴᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ ᠂ ᠨᠧᠫᠠᠯ ᠤᠨ ︽ᠡᠬᠡ ᠬᠠᠭᠤᠷᠠᠢ ᠶᠢᠨ ᠲᠦᠭᠵᠢᠮᠡᠯ ᠤᠯᠤᠰ ︾ ᠪᠠᠶᠢᠭᠰᠠᠨ ᠠᠴᠠ ᠪᠠᠨ ︽ᠡᠬᠡ ᠬᠠᠭᠤᠷᠠᠢ ᠶᠢᠨ ᠬᠤᠯᠪᠣᠭᠠᠲᠤ ᠤᠯᠤᠰ ︾ ᠪᠣᠯᠵᠤ ᠬᠤᠪᠢᠷᠠᠬᠤ ᠶᠢ ᠬᠠᠪᠰᠤᠷᠴᠤ ᠂ ᠦᠷᠭᠦᠯᠵᠢᠯᠡᠨ ᠴᠢᠳᠠᠯ ᠤᠨ ᠢᠶᠠᠨ ᠬᠢᠷᠢ ᠪᠠᠷ ᠨᠧᠫᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠵᠦ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠧᠫᠠᠯ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ ᠮᠠᠨᠳᠤᠭᠤᠯᠬᠤ ᠶᠢ ᠵᠣᠷᠢᠭᠵᠢᠭᠤᠯᠤᠨ᠎ᠠ ᠃ ᠳᠤᠮᠳᠠᠳᠤ ᠤᠯᠤᠰ ᠨᠧᠫᠠᠯ ᠤᠨ ᠳᠤᠮᠳᠠᠳᠤ ᠤᠯᠤᠰ ᠲᠤ 2025 ᠣᠨ ᠢ ︽ᠨᠧᠫᠠᠯ ᠤᠨ ᠵᠢᠭᠤᠯᠴᠢᠯᠠᠯ ᠤᠨ ᠣᠨ ︾ ᠪᠤᠯᠭᠠᠬᠤ ᠪᠠᠷ ᠨᠡᠶᠢᠲᠡᠯᠡᠬᠦ ᠶᠢ ᠳᠡᠮᠵᠢᠵᠦ ᠂ ᠨᠧᠫᠠᠯ ᠤᠨ ᠨᠠᠶᠢᠵᠠ ᠨᠠᠷ ᠤᠨ ᠳᠤᠮᠳᠠᠳᠤ ᠤᠯᠤᠰ ᠲᠤ ᠢᠷᠡᠵᠦ ᠬᠤᠳᠠᠯᠳᠤᠭ᠎ᠠ ᠡᠷᠭᠢᠯᠡᠭᠦ ᠂ ᠵᠢᠭᠤᠯᠴᠢᠯᠠᠬᠤ ᠂ ᠭᠠᠳᠠᠭᠠᠳᠤ ᠳᠤ ᠰᠤᠷᠤᠯᠴᠠᠬᠤ ᠶᠢ ᠪᠠᠶᠠᠷᠯᠠᠨ ᠤᠭᠲᠤᠨ᠎ᠠ ᠃ ᠳᠤᠮᠳᠠᠳᠤ ᠤᠯᠤᠰ ᠪᠠᠰᠠ ᠳᠤᠷᠠᠲᠠᠶ᠎ᠠ ᠨᠧᠫᠠᠯ ᠤᠨ ᠬᠢᠨ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠴᠢᠬᠤᠯᠠᠴᠢᠯᠠᠪᠠ ᠃
习近平会见尼泊尔总理奥利22.jpg
      12 ᠰᠠᠷ᠎ᠠ ᠶᠢᠨ 3 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ  ᠰᠢ ᠶᠢᠨ ᠫᠢᠩ ᠪᠡᠭᠡᠵᠢᠩ ᠤᠨ ᠳ᠋ᠢᠶᠣᠣ ᠢᠦᠢ  ᠲᠠᠢ ᠲᠦᠷᠦ ᠶᠢᠨ ᠵᠣᠴᠢᠳ ᠤᠨ ᠪᠠᠭᠤᠳᠠᠯ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠨᠧᠫᠠᠯ ᠤᠨ ᠶᠡᠷᠦᠩᠬᠡᠢ ᠰᠠᠶᠢᠳ ᠤᠤᠯᠢ ᠲᠠᠢ ᠠᠭᠤᠯᠵᠠᠪᠠ ᠃  ᠰᠢᠨᠬᠤᠸᠠ ᠬᠤᠷᠢᠶᠠᠨ ᠤ ᠰᠤᠷᠪᠤᠯᠵᠢᠯᠠᠭᠴᠢ   ᠶᠣᠣ ᠳ᠋ᠠ ᠸᠧᠢ    ᠰᠡᠭᠦᠳᠡᠷᠯᠡᠪᠡ      ᠤᠤᠯᠢ ᠂ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠯᠤᠲᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ ᠂ ᠬᠥᠮᠥᠨ ᠲᠥᠷᠥᠯᠬᠢᠲᠡᠨ ᠤ ᠲᠠᠪᠰᠢᠯᠳᠠ ᠶᠢᠨ ᠲᠡᠦᠬᠡᠨ ᠳᠠᠬᠢ ᠭᠠᠶᠢᠬᠠᠮᠰᠢᠭ ᠬᠡᠮᠡᠭᠳᠡᠪᠡ ᠂ ᠳᠤᠮᠳᠠᠳᠤ ᠤᠯᠤᠰ ᠤᠨ ᠨᠠᠶᠢᠵᠠ ᠪᠣᠯᠤᠭᠰᠠᠨ ᠤ ᠬᠤᠪᠢ ᠳᠤ ᠂ ᠨᠧᠫᠠᠯ ᠤᠨ  ᠬᠢᠨ ᠲᠤᠶᠢᠯ ᠢᠶᠠᠷ ᠣᠮᠣᠭᠰᠢᠨ ᠵᠣᠷᠢᠭᠵᠢᠵᠤ ᠪᠠᠶᠢᠨ᠎ᠠ ᠂ ᠳᠤᠮᠳᠠᠳᠤ ᠤᠯᠤᠰ ᠤᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢᠳᠠᠵᠤ ᠂ ᠲᠤᠰ ᠪᠡᠶ᠎ᠡ ᠶᠢᠨ ᠬᠥᠭᠵᠢᠯ ᠴᠡᠴᠡᠭᠯᠡᠯ ᠢᠶᠠᠨ ᠪᠡᠶᠡᠯᠡᠭᠦᠯᠬᠦ ᠶᠢ ᠬᠦᠰᠡᠵᠦ ᠪᠠᠶᠢᠨ᠎ᠠ ᠃ ᠨᠧᠫᠠᠯ ᠳᠤᠮᠳᠠᠳᠤ ᠶᠢᠨ ᠬᠤᠭᠤᠷᠣᠨᠳᠤ ᠵᠥᠪᠭᠡᠨ ᠨᠥᠬᠦᠷᠯᠡᠯ ᠪᠠᠶᠢᠬᠤ ᠠᠴᠠ ᠪᠢᠰᠢ ᠠᠰᠠᠭᠤᠳᠠᠯ ᠦᠭᠡᠢ ᠂ ᠬᠤᠶᠠᠷ ᠤᠯᠤᠰ ᠤᠨ ᠬᠠᠷᠢᠯᠴᠠᠭ᠎ᠠ ᠨᠥᠭᠦᠷᠰᠡᠭ ᠂ ᠡᠷᠬᠡ ᠲᠡᠭᠰᠢ ᠪᠠ ᠬᠦᠨᠳᠦᠳᠬᠡᠯ ᠳᠤ ᠰᠠᠭᠤᠷᠢᠯᠠᠭᠰᠠᠨ ᠶᠤᠮ ᠃ ᠳᠤᠮᠳᠠᠳᠤ ᠤᠯᠤᠰ ᠤᠨ ᠬᠢᠨ ᠭᠠᠴᠢᠭᠳᠠᠯ ᠲᠠᠢ ᠦᠶ᠎ᠡ ᠳᠤ ᠲᠤᠰᠠᠯᠠᠵᠤ ᠂ ᠨᠧᠫᠠᠯ ᠳᠤ ᠡᠯ᠎ᠡ ᠵᠦᠢᠯ ᠤᠨ ᠡᠷᠬᠢᠮ ᠨᠠᠨᠳᠢᠨ ᠳᠡᠮᠵᠢᠯᠭᠡ ᠬᠠᠩᠭᠠᠵᠤ ᠂ ᠨᠧᠫᠠᠯ ᠤᠨ ᠬᠢᠨ ᠢ ᠬᠠᠪᠰᠤᠷᠤᠨ ︽ᠡᠬᠡ ᠬᠠᠭᠤᠷᠠᠢ ᠶᠢᠨ ᠲᠦᠭᠵᠢᠮᠡᠯ ᠤᠯᠤᠰ ︾ ᠪᠠᠶᠢᠭᠰᠠᠨ ᠠᠴᠠ ︽ᠡᠬᠡ ᠬᠠᠭᠤᠷᠠᠢ ᠶᠢᠨ ᠬᠤᠯᠪᠣᠭᠠᠲᠤ ᠤᠯᠤᠰ ︾ ᠪᠣᠯᠭᠠᠨ ᠬᠤᠪᠢᠷᠠᠭᠤᠯᠤᠭᠰᠠᠨ ᠳᠤ ᠲᠠᠯᠠᠷᠬᠠᠵᠤ ᠪᠠᠶᠢᠨ᠎ᠠ ᠃ ᠨᠧᠫᠠᠯ ᠤᠨ ᠬᠢᠨ ᠳᠤᠷᠠᠲᠠᠶ᠎ᠠ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠦᠷᠭᠦᠯᠵᠢᠯᠡᠨ ᠢᠳᠡᠪᠬᠢᠲᠡᠢ ᠣᠷᠣᠯᠴᠠᠵᠤ ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠧᠫᠠᠯ ᠳᠤ ᠬᠦᠷᠴᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠃ ᠲᠥᠪᠡᠳ ᠪᠣᠯᠣᠨ ᠲᠠᠶᠢᠸᠠᠨ ᠪᠣᠯ ᠴᠥᠮ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠮᠥᠨ ᠂ ᠨᠧᠫᠠᠯ ᠤᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠭᠤᠶᠢᠪᠢᠰᠢ ᠦᠭᠡᠢ ᠵᠢᠷᠤᠮᠯᠠᠵᠤ ᠂ ᠶᠠᠮᠠᠷᠪᠠ ᠬᠦᠴᠦᠨ ᠤ ᠨᠧᠫᠠᠯ ᠤᠨ ᠨᠤᠲᠤᠭ ᠳᠡᠪᠢᠰᠬᠡᠷ ᠢ ᠠᠰᠢᠭᠯᠠᠨ ᠳᠤᠮᠳᠠᠳᠤ ᠤᠯᠤᠰ ᠢ ᠡᠰᠡᠷᠭᠦᠴᠡᠬᠦ ᠠᠵᠢᠯᠯᠠᠭ᠎ᠠ ᠬᠢᠵᠦ ᠂ ᠳᠤᠮᠳᠠᠳᠤ ᠤᠯᠤᠰ ᠤᠨ ᠠᠰᠢᠭ ᠲᠤᠰᠠ ᠶᠢ ᠬᠤᠬᠢᠷᠠᠭᠤᠯᠬᠤ ᠶᠢ ᠵᠥᠪᠰᠢᠶᠡᠷᠡᠬᠦ ᠦᠭᠡᠢ ᠂ ᠶᠠᠮᠠᠷᠪᠠ ᠭᠠᠳᠠᠭᠠᠳᠤ ᠤᠯᠤᠰ ᠤᠨ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠨ᠎ᠡ ᠃ ᠳᠤᠮᠳᠠᠳᠤ ᠤᠯᠤᠰ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠵᠡᠷᠭᠡ ᠰᠢᠷᠢᠰ ᠴᠢᠬᠤᠯᠠ ᠰᠠᠨᠠᠭᠠᠴᠢᠯᠠᠭ᠎ᠠ ᠨᠢ ᠬᠥᠮᠥᠨ ᠲᠥᠷᠥᠯᠬᠢᠲᠡᠨ ᠤ ᠣᠳᠣᠬᠠᠨ ᠤ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠪᠣᠯᠣᠨ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠳᠤ ᠠᠰᠢᠭᠲᠠᠢ ᠶᠤᠮ ᠂ ᠨᠧᠫᠠᠯ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ ᠃      ᠬᠤᠶᠠᠷ ᠲᠠᠯ᠎ᠠ ᠪᠠᠷ ᠢᠶᠠᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠨᠧᠫᠠᠯ ᠤᠨ ᠬᠠᠮᠲᠤᠷᠠᠭᠰᠠᠨ ᠢᠯᠡᠷᠬᠡᠶᠢᠯᠡᠯᠲᠡ ︾ ᠶᠢ ᠨᠡᠶᠢᠲᠡᠯᠡᠪᠡ ᠃      ᠸᠠᠩ ᠢ ᠠᠭᠤᠯᠵᠠᠯᠲᠠ ᠳᠤ ᠣᠷᠣᠯᠴᠠᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号