ᠤᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ︽ ᠲᠠᠢ ᠬᠤ᠋ ᠨᠠᠭᠤᠷ ᠤᠨ ᠰᠠᠪᠠ ᠭᠠᠵᠠᠷ ᠤᠨ ᠴᠢᠬᠤᠯᠠ | ᠪᠤᠯᠬᠤ ᠭᠤᠤᠯ ᠮᠦᠷᠡᠨ ᠨᠠᠭᠤᠷ ᠴᠦᠬᠦᠷᠦᠮ ᠤᠨ ᠡᠷᠭᠢ ᠳᠠᠭᠠᠤ ᠶᠢ ᠬᠠᠮᠠᠭᠠᠯᠠᠬᠤ ᠪᠠ ᠠᠰᠢᠭᠯᠠᠬᠤ ᠳᠦᠯᠦᠪᠵᠢᠭᠦᠯᠬᠡ︾ | ︵ᠳᠤᠷᠤᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ︽ | ᠲᠥᠯᠥᠪᠵᠢᠭᠦᠯᠭᠡ︾ ᠨᠢ ᠢᠷᠡᠭᠡᠳᠦᠶ ᠶᠢᠨ ᠬᠡᠰᠡᠭ ᠬᠤᠭᠤᠴᠠᠭᠠᠨ ᠤ ᠳᠣᠲᠣᠷᠠᠬᠢ ᠶᠢᠨ ᠲᠠᠢ ᠬᠤ᠋ ᠨᠠᠭᠤᠷ ᠤᠨ ᠰᠠᠪᠠ | ᠭᠠᠵᠠᠷ ᠤᠨ ᠴᠢᠬᠤᠯᠠ ᠪᠤᠯᠬᠤ ᠭᠤᠤᠯ ᠮᠦᠷᠡᠨ ᠨᠠᠭᠤᠷ ᠴᠦᠬᠦᠷᠦᠮ ᠤᠨ ᠡᠷᠭᠢ ᠳᠠᠭᠠᠤ ᠶᠢ ᠬᠠᠮᠠᠭᠠᠯᠠᠬᠤ᠂ ᠨᠡᠭᠡᠭᠡᠨ | ᠠᠰᠢᠭᠯᠠᠬᠤ ᠵᠢᠴᠢ ᠬᠠᠮᠢᠶᠠᠷᠬᠤ ᠳᠤ ᠴᠢᠬᠤᠯᠠ ᠦᠨᠳᠦᠰᠦᠯᠡᠯ ᠬᠠᠩᠭᠠᠪᠠ᠃ | ᠭᠤᠣᠯ ᠮᠥᠷᠡᠨ ᠨᠠᠭᠤᠷ ᠴᠥᠭᠦᠷᠥᠮ ᠤᠨ ᠡᠷᠭᠢ ᠶᠢᠨ ᠳᠠᠭᠠᠤ ᠶᠢ ᠨᠡᠭᠡᠭᠡᠨ ᠠᠰᠢᠭᠯᠠᠬᠤ ᠨᠢ ᠦᠶᠡᠷ ᠢ | ᠰᠡᠷᠭᠡᠶᠢᠯᠡᠬᠦ᠂ ᠤᠰᠤ ᠬᠠᠩᠭᠠᠬᠤ ᠵᠢᠴᠢ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠤ | ᠬᠠᠮᠠᠭᠠᠯᠠᠯᠲᠠ ᠲᠠᠢ ᠨᠢᠭᠲᠠ ᠬᠤᠯᠪᠣᠭ᠎ᠠ ᠲᠠᠢ ᠶᠤᠮ᠃ ︽ᠨᠢᠭᠡ ᠨᠠᠭᠤᠷ ᠭᠤᠷᠪᠠᠨ ᠭᠤᠣᠯ︾ ︵ ᠲᠠᠢ ᠬᠤ᠋ ᠨᠠᠭᠤᠷ᠂ | ᠸᠠᠩ ᠢᠦᠢ ᠭᠤᠣᠯ᠂ ᠲᠠᠢ ᠫᠦ᠋ ᠭᠤᠣᠯ᠂ ᠰᠢᠨ ᠮᠧᠩ ᠭᠤᠣᠯ︶ ᠪᠣᠯ ᠲᠠᠢ ᠬᠤ᠋ ᠨᠠᠭᠤᠷ ᠤᠨ ᠰᠠᠪᠠ ᠭᠠᠵᠠᠷ ᠤᠨ | ᠴᠢᠬᠤᠯᠠ ᠭᠤᠣᠯ ᠮᠥᠷᠡᠨ ᠪᠣᠯᠤᠨ᠎ᠠ᠂ ᠵᠠᠰᠠᠭ ᠵᠠᠬᠢᠷᠭᠠᠨ ᠤ ᠣᠷᠣᠨ ᠪᠣᠯ ᠱᠠᠩᠬᠠᠢ ᠬᠤᠳᠠ᠂ ᠵᠢᠶᠠᠩᠰᠦ ᠮᠤᠵᠢ | ᠪᠣᠯᠤᠨ ᠵᠧᠵᠢᠶᠠᠩ ᠮᠤᠵᠢ ᠳᠤ ᠬᠤᠯᠪᠣᠭᠳᠠᠨ᠎ᠠ᠃ ︽ᠲᠥᠯᠥᠪᠵᠢᠭᠦᠯᠭᠡ︾ ᠨᠢ ︽ᠨᠢᠭᠡ ᠨᠠᠭᠤᠷ ᠭᠤᠷᠪᠠᠨ ᠭᠤᠣᠯ︾ | ᠤᠨ ᠡᠷᠭᠢ ᠶᠢᠨ ᠬᠠᠮᠠᠭᠠᠯᠠᠯᠲᠠ ᠶᠢᠨ ᠣᠷᠣᠨ᠂ ᠬᠡᠪ ᠢᠶᠠᠷ ᠪᠠᠶᠢᠯᠭᠠᠬᠤ ᠣᠷᠣᠨ᠂ ᠨᠡᠭᠡᠭᠡᠨ ᠠᠰᠢᠭᠯᠠᠬᠤ ᠣᠷᠣᠨ᠂ | ᠨᠡᠭᠡᠭᠡᠨ ᠠᠰᠢᠭᠯᠠᠬᠤ ᠣᠷᠣᠨ ᠢ ᠬᠤᠪᠢᠶᠠᠷᠢᠯᠠᠵᠤ᠂ ᠡᠭᠦᠨ ᠳᠤ ᠬᠠᠮᠠᠭᠠᠯᠠᠯᠲᠠ ᠶᠢᠨ ᠣᠷᠣᠨ ᠪᠠ ᠬᠡᠪ ᠢᠶᠠᠷ ᠪᠠᠶᠢᠯᠭᠠᠬᠤ | ᠣᠷᠣᠨ ᠤ ᠤᠷᠲᠤ ᠶᠢᠨ ᠬᠡᠮᠵᠢᠶ᠎ᠡ ᠶᠢᠨ ᠡᠵᠡᠯᠡᠬᠦ ᠬᠠᠷᠢᠴᠠᠯ ᠨᠢ 71.7% ᠳᠤ ᠬᠦᠷᠴᠦ᠂ ᠬᠠᠮᠠᠭᠠᠯᠠᠬᠤ ᠶᠢ | ᠲᠡᠷᠢᠭᠦᠨ ᠳᠤ ᠲᠠᠯᠪᠢᠬᠤ᠂ ᠡᠮᠬᠢ ᠵᠢᠷᠤᠮ ᠲᠠᠢ ᠪᠠᠷ ᠠᠰᠢᠭᠯᠠᠬᠤ ᠵᠠᠷᠴᠢᠮ ᠢ ᠭᠦᠢᠴᠡᠳ ᠢᠯᠡᠷᠡᠭᠦᠯᠪᠡ᠃ | |