ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ ︽ᠨᠠᠮ ᠤᠨ ᠠᠴᠢ  ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠵᠠᠯᠠᠭᠤᠴᠤᠳ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/5
  ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠢ ᠬᠥᠮᠦᠵᠢᠭᠦᠯᠦᠨ ᠵᠢᠯᠣᠭᠤᠳᠴᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 2 ᠤᠨ ᠡᠳᠦᠷ᠂ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠵᠠᠯᠠᠭᠤᠴᠤᠳ ᠤᠨ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ ᠳᠤ ᠬᠦᠷᠴᠦ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠦᠵᠡᠭᠦᠯᠭᠡ ᠶᠢ ᠲᠣᠭᠤᠷᠢᠨ ᠦᠵᠡᠪᠡ᠃
水利厅团委开展“感党恩、听党话、跟党走”青年主题活动.jpg
  ᠭᠤᠣᠯ ᠰᠡᠳᠦᠪᠲᠦ ᠦᠵᠡᠭᠦᠯᠭᠡ ᠶᠢ ᠦᠵᠡᠬᠦ ᠪᠠᠷ ᠳᠠᠮᠵᠢᠨ᠂ ᠤᠰᠤᠨ ᠠᠰᠢᠭᠯᠠᠯᠲᠠ ᠶᠢᠨ ᠰᠢᠰᠲ᠋ᠧᠮ ᠤᠨ ᠡᠪᠯᠡᠯ ᠤᠨ ᠭᠡᠰᠢᠭᠦᠨ ᠵᠠᠯᠠᠭᠤᠴᠤᠳ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠨᠡᠩ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠭᠦᠨ ᠵᠤᠵᠠᠭᠠᠨ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠢ ᠣᠶᠢᠯᠠᠭᠠᠪᠠ᠃ ᠤᠯᠠᠨ ᠢᠶᠠᠷ ᠢᠶᠠᠨ᠂ ᠥᠪᠡᠷᠲᠡᠭᠡᠨ ᠵᠠᠰᠠᠬᠤ ᠣᠷᠣᠨ ᠳᠤ ᠦᠢᠯᠡᠴᠢᠯᠡᠵᠦ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠤᠷᠣᠬᠤ ᠬᠠᠷᠠᠯᠲᠠ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠤᠨ ︽ᠤᠮᠠᠷᠠᠲᠤ ᠶᠢᠨ ᠭᠤᠷᠪᠠᠨ ᠤᠷᠤᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠴᠢᠩᠭ᠎ᠠ ᠠᠴᠢ ᠬᠠᠷᠢᠭᠤᠯᠠᠬᠤ ᠰᠡᠳᠬᠢᠯᠭᠡ ᠪᠣᠯᠤᠨ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠱᠠᠳᠤ ᠦᠶ᠎ᠡ ᠶᠢᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃  ᠲᠢᠩᠬᠢᠮ ᠤᠨ ᠪᠠᠶᠢᠭᠤᠯᠭ᠎ᠠ ᠪᠠ ᠲᠢᠩᠬᠢᠮ ᠤᠨ ᠬᠠᠷᠢᠶ᠎ᠠ ᠨᠢᠭᠡᠴᠢ ᠶᠢᠨ 40 ᠭᠠᠷᠤᠶ ᠡᠪᠯᠡᠯ ᠤᠨ ᠭᠡᠰᠢᠭᠦᠨ ᠵᠠᠯᠠᠭᠤᠴᠤᠳ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号