ᠤᠯᠠᠭᠠᠶ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠤᠰᠤ ᠬᠥᠷᠥᠰᠥ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ ᠢ ᠬᠢᠨᠠᠨ ᠵᠥᠪᠰᠢᠶᠡᠷᠡᠵᠦ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/3/1
  ᠬᠡᠯᠬᠢᠶᠡᠰᠦᠨ ᠨᠣᠮᠧᠷ᠄ 000014348/2024 — 01549  ᠭᠤᠣᠯ ᠰᠡᠳᠦᠪ ᠤᠨ ᠠᠩᠭᠢᠯᠠᠯ᠄ ᠪᠤᠰᠤᠳ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 12 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2023 ᠣᠨ ᠤ 2 ᠳ᠋ᠤᠭᠠᠷ ᠰᠠᠷ᠎ᠠ ᠶᠢᠨ 20᠎ ᠤ ᠡᠳᠦᠷᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠄  ᠮᠠᠨ ᠤ ᠲᠢᠩᠬᠢᠮ 2024 ᠣᠨ ᠤ 1 ᠳ᠋ᠦ᠋ᠭᠡᠷ ᠰᠠᠷ᠎ᠠ ᠶᠢᠨ 10᠎ ᠤ ᠡᠳᠦᠷ ᠲᠠᠨ ᠤ ᠺᠣᠮᠫᠠᠨᠢ ᠶᠢᠨ ᠳᠤᠷᠠᠳᠤᠭᠰᠠᠨ ︽ᠤᠯᠠᠭᠠᠶ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠤᠰᠤ ᠰᠢᠷᠣᠶ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾᠎ ᠢ ᠬᠢᠨᠠᠨ ᠪᠠᠶᠢᠴᠠᠭᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠠᠳ᠂ ᠲᠤᠰ ᠭᠤᠶᠤᠴᠢᠯᠠᠯ ᠨᠢ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠎ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾᠎ ᠶᠢᠨ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠢ ᠦᠨᠳᠦᠰᠦᠯᠡᠨ᠂ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠶᠢ ᠵᠥᠪᠰᠢᠶᠡᠷᠡᠬᠦ ᠪᠠᠷ ᠲᠣᠭᠲᠠᠪᠠ᠃  ᠤᠯᠠᠭᠠᠶ ᠨᠢᠰᠬᠡᠯ ᠤᠨ ᠪᠠᠭᠤᠳᠠᠯ ᠤᠨ ᠲᠥᠷᠥᠯ ᠵᠦᠢᠯ ᠨᠢ ᠰᠢᠯᠢ ᠶᠢᠨ ᠭᠤᠤᠯ ᠠᠶᠢᠮᠠᠭ ᠤᠨ ᠤᠯᠠᠭᠠᠶ ᠬᠠᠮᠢᠶᠠᠷᠤᠯᠲᠠ ᠶᠢᠨ ᠣᠷᠣᠨ ᠳᠤ ᠪᠠᠶᠢᠷᠢᠯᠠᠵᠤ᠂ ᠨᠢᠰᠦᠯᠲᠡ ᠶᠢᠨ ᠲᠣᠭᠤᠷᠢᠭ᠂ ᠠᠭᠠᠷ ᠤᠨ ᠲᠡᠭᠡᠭᠡᠪᠦᠷᠢ ᠶᠢᠨ ᠥᠷᠲᠡᠭᠡ ᠶᠢᠨ ᠲᠣᠭᠤᠷᠢᠭ ᠵᠢᠴᠢ ᠬᠢᠯᠢ ᠶᠢᠨ ᠭᠠᠳᠠᠨᠠᠬᠢ ᠰᠡᠷᠭᠡᠶᠢᠯᠡᠨ ᠬᠠᠮᠠᠭᠠᠯᠠᠬᠤ ᠳᠤ ᠬᠡᠷᠡᠭᠯᠡᠬᠦ ᠭᠠᠵᠠᠷ ᠵᠡᠷᠭᠡ ᠪᠠᠷ ᠪᠦᠷᠢᠯᠳᠦᠵᠡᠶ᠃ ᠲᠥᠷᠥᠯ ᠵᠦᠢᠯ ᠤᠨ ᠶᠡᠷᠦᠩᠬᠡᠶ ᠲᠠᠲᠠᠪᠤᠷᠢᠯᠠᠭᠰᠠᠨ ᠲᠠᠯᠠᠪᠠᠶ ᠨᠢ 28.51 ᠾᠧᠺᠲ᠋ᠠᠷ᠂ ᠬᠥᠳᠡᠯᠭᠡᠨ ᠬᠡᠷᠡᠭᠯᠡᠭᠰᠡᠨ ᠰᠢᠷᠣᠶ ᠴᠢᠯᠠᠭᠤᠨ ᠤ ᠲᠠᠯ᠎ᠠ ᠶᠢᠨ ᠶᠡᠷᠦᠩᠬᠡᠶ ᠬᠡᠮᠵᠢᠶ᠎ᠡ ᠨᠢ 26.68 ᠲᠦᠮᠡᠨ ᠪᠣᠰᠤᠭ᠎ᠠ ᠳᠥᠷᠪᠡᠯᠵᠢᠨ ᠮᠧᠲᠷ᠂ ᠶᠡᠷᠦᠩᠬᠡᠶ ᠪᠡᠯᠡ ᠣᠷᠣᠭᠤᠯᠤᠯᠲᠠ ᠨᠢ 6036.66 ᠲᠦᠮᠡᠨ ᠲᠥᠭᠦᠷᠢᠭ ᠪᠣᠯᠤᠨ᠎ᠠ᠃ ᠢᠨᠵᠧᠨᠧᠷᠢᠩ ᠨᠢ 2024 ᠣᠨ ᠤ 4 ᠳ᠋ᠦ᠋ᠭᠡᠷ ᠰᠠᠷ᠎ᠠ ᠳᠤ ᠠᠵᠢᠯ ᠢᠶᠠᠨ ᠡᠬᠢᠯᠡᠭᠦᠯᠵᠦ᠂ 2025 ᠣᠨ ᠤ 8 ᠳ᠋ᠤᠭᠠᠷ ᠰᠠᠷ᠎ᠠ ᠳᠤ ᠠᠵᠢᠯ ᠢᠶᠠᠨ ᠳᠠᠭᠤᠰᠬᠠᠵᠤ᠂ ᠶᠡᠷᠦᠩᠬᠡᠶ ᠠᠵᠢᠯ ᠤᠨ ᠬᠤᠭᠤᠴᠠᠭ᠎ᠠ ᠨᠢ 17 ᠰᠠᠷ᠎ᠠ ᠪᠣᠯᠤᠨ᠎ᠠ᠃  ᠨᠢᠭᠡ᠂ ᠤᠰᠤ ᠬᠥᠷᠥᠰᠥ ᠶᠢ ᠬᠠᠮᠠᠭᠠᠯᠠᠬᠤ ᠲᠥᠰᠦᠯ ᠤᠨ ᠶᠡᠷᠦᠩᠬᠡᠶ ᠰᠠᠨᠠᠯ  ︵ᠨᠢᠭᠡ︶ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠤᠰᠤ ᠬᠥᠷᠥᠰᠥ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠨᠢ 28.51 ᠾᠧᠺᠲ᠋ᠠᠷ ᠪᠣᠯᠤᠨ᠎ᠠ᠃  ︵ᠬᠤᠶᠠᠷ︶ ᠤᠰᠤ ᠬᠥᠷᠥᠰᠥ ᠶᠢᠨ ᠢᠳᠡᠭᠳᠡᠯ ᠢ ᠰᠡᠷᠭᠡᠢᠯᠡᠨ ᠵᠠᠰᠠᠬᠤ ᠠᠵᠢᠯ ᠳᠤ ᠤᠮᠠᠷᠠᠲᠤ ᠶᠢᠨ ᠰᠠᠯᠬᠢ ᠡᠯᠡᠰᠦᠨ ᠤ ᠣᠷᠣᠨ ᠤ ᠨᠢᠭᠡᠳᠦᠭᠡᠷ ᠳᠡᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠦᠪᠰᠢᠶᠡᠷᠡᠨ᠎ᠡ᠃  ︵ᠭᠤᠷᠪᠠ︶ ᠤᠰᠤ ᠬᠥᠷᠥᠰᠥ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢᠨ ᠬᠡᠮᠵᠢᠭᠳᠡᠯ ᠪᠣᠯ᠄ ᠤᠰᠤ ᠬᠥᠷᠥᠰᠥ ᠶᠢᠨ ᠢᠳᠡᠭᠳᠡᠯ ᠢ ᠵᠠᠰᠠᠬᠤ ᠬᠡᠮᠵᠢᠶ᠎ᠡ 85%᠂ ᠤᠰᠤ ᠬᠥᠷᠥᠰᠥ ᠶᠢᠨ ᠢᠳᠡᠭᠳᠡᠯ ᠢ ᠬᠢᠵᠠᠭᠠᠷᠯᠠᠬᠤ ᠬᠠᠷᠢᠴᠠᠯ 1.0 ᠪᠠᠶᠢᠵᠤ᠂ ᠤᠰᠤ ᠬᠥᠷᠥᠰᠥ ᠶᠢᠨ ᠰᠡᠷᠭᠡᠶᠢᠯᠡᠨ ᠬᠠᠮᠠᠭᠠᠯᠠᠬᠤ ᠨᠣᠷᠮ᠎ᠠ 89% ᠪᠠᠶᠢᠵᠤ᠂ ᠤᠰᠤ ᠬᠥᠷᠥᠰᠥ ᠶᠢᠨ ᠬᠠᠮᠠᠭᠠᠯᠠᠯᠲᠠ ᠶᠢᠨ ᠨᠣᠷᠮ᠎ᠠ 92% ᠪᠠᠶᠢᠵᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ 93% ᠪᠠᠶᠢᠵᠤ᠂ ᠣᠶ ᠰᠢᠭᠤᠶ ᠡᠪᠡᠰᠦ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠭᠰᠡᠨ ᠨᠣᠷᠮ᠎ᠠ 93% ᠪᠠᠶᠢᠵᠤ᠂ ᠣᠶ ᠰᠢᠭᠤᠶ ᠡᠪᠡᠰᠦ ᠶᠢᠨ ᠪᠦᠷᠬᠦᠴᠡ ᠶᠢᠨ ᠨᠣᠷᠮ᠎ᠠ 22% ᠪᠣᠯᠤᠨ᠎ᠠ᠃  ︵ᠲᠦᠷᠪᠡ︶ ᠤᠰᠤ ᠬᠥᠷᠥᠰᠥ ᠶᠢᠨ ᠢᠳᠡᠭᠳᠡᠯ ᠢ ᠰᠡᠷᠭᠡᠶᠢᠯᠡᠨ ᠵᠠᠰᠠᠬᠤ ᠣᠷᠣᠨ ᠲᠣᠭᠤᠷᠢᠭ ᠵᠢᠴᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢ ᠦᠨᠳᠦᠰᠦᠨ ᠳᠡᠭᠡᠨ ᠵᠥᠪᠰᠢᠶᠡᠷᠡᠨ᠎ᠡ᠃  ︵ᠲᠠᠪᠤ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠠᠬᠢ ᠤᠰᠤ ᠬᠥᠷᠥᠰᠥ ᠶᠢ ᠬᠠᠮᠠᠭᠠᠯᠠᠬᠤ ᠨᠥᠬᠦᠪᠦᠷᠢ ᠮᠥᠩᠭᠦ 48.474 ᠲᠦᠮᠡᠨ ᠲᠥᠭᠦᠷᠢᠭ ᠢ ᠦᠨᠳᠦᠰᠦᠨ ᠳᠤ ᠪᠠᠨ ᠵᠥᠪᠰᠢᠶᠡᠷᠡᠪᠡ᠃  ᠬᠤᠶᠠᠷ᠂ ᠪᠦᠲᠦᠭᠡᠨ ᠪᠠᠶᠢᠭᠤᠯᠬᠤ ᠨᠢᠭᠡᠴᠢ ᠨᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤ ᠬᠥᠷᠥᠰᠥ ᠶᠢ ᠬᠠᠮᠠᠭᠠᠯᠠᠬᠤ ᠬᠠᠤᠯᠢ︾᠎ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ᠂ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠄  ︵ᠨᠢᠭᠡ︶ ᠵᠥᠪᠰᠢᠶᠡᠷᠡᠭᠰᠡᠨ ᠤᠰᠤ ᠬᠥᠷᠥᠰᠥ ᠶᠢ ᠬᠠᠮᠠᠭᠠᠯᠠᠬᠤ ᠲᠥᠰᠦᠯ ᠤᠨ ᠶᠣᠰᠣᠭᠠᠷ᠂ ᠤᠰᠤ ᠬᠥᠷᠥᠰᠥ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠵᠡᠷᠭᠡ ᠵᠠᠯᠭᠠᠮᠵᠢ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ︽ᠭᠤᠷᠪᠠ ᠶᠢ ᠵᠡᠷᠭᠡ ᠳᠤᠨᠢ ᠬᠢᠬᠦ︾ ᠳᠦᠷᠢᠮ ᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃  ︵ᠬᠤᠶᠠᠷ︶ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠰᠤ ᠬᠥᠷᠥᠰᠥ ᠶᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠪᠠᠷᠢᠯᠭ᠎ᠠ ᠪᠠᠷᠢᠬᠤ ᠠᠵᠢᠯᠯᠠᠭ᠎ᠠ ᠨᠢ ᠭᠠᠵᠠᠷ ᠬᠡᠷᠡᠭᠯᠡᠬᠦ ᠬᠡᠪᠴᠢᠶᠡᠨ ᠳᠣᠲᠣᠷ᠎ᠠ ᠳᠤᠷ᠎ᠠ ᠪᠠᠷ ᠢᠶᠠᠨ ᠡᠵᠡᠯᠡᠬᠦ᠂ ᠰᠠᠮᠠᠭᠤᠷᠠᠭᠤᠯᠬᠤ ᠪᠠ ᠭᠠᠵᠠᠷ ᠤᠨ ᠭᠠᠳᠠᠷᠭᠤ ᠶᠢᠨ ᠤᠷᠭᠤᠮᠠᠯ ᠤᠨ ᠬᠤᠴᠢᠯᠭ᠎ᠠ ᠶᠢ ᠡᠪᠳᠡᠬᠦ ᠶᠢ ᠴᠢᠩᠭ᠎ᠠ ᠴᠠᠭᠠᠵᠠᠯᠠᠵᠤ᠂ ᠤᠰᠤ ᠬᠥᠷᠥᠰᠥ ᠶᠢ ᠰᠠᠯᠭᠠᠬᠤ᠂ ᠬᠠᠳᠠᠭᠠᠯᠠᠬᠤ ᠪᠠ ᠠᠰᠢᠭᠯᠠᠬᠤ ᠶᠢ ᠰᠠᠶᠢᠲᠤᠷ ᠬᠢᠵᠦ᠂ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ ᠶᠢ ᠴᠢᠩᠭᠠᠷᠠᠭᠤᠯᠬᠤ ᠬᠡᠷᠡᠭᠲᠡᠶ᠃ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ ᠪᠠᠷᠢᠯᠭ᠎ᠠ ᠪᠠᠷᠢᠬᠤ ᠤᠷᠠᠨ ᠮᠡᠷᠭᠡᠰᠢᠯ ᠢ ᠰᠢᠯᠢᠳᠡᠭᠵᠢᠭᠦᠯᠵᠦ᠂ ᠪᠠᠷᠢᠯᠭ᠎ᠠ ᠪᠠᠷᠢᠬᠤ ᠴᠠᠭ ᠤᠨ ᠳᠠᠷᠠᠭᠠᠯᠠᠯ ᠪᠠ ᠤᠰᠤ ᠬᠥᠷᠥᠰᠥ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠠᠬᠢᠴᠠ ᠶᠢ ᠵᠦᠶ ᠵᠣᠬᠢᠰᠲᠠᠶ ᠳᠣᠭᠢᠷᠠᠭᠤᠯᠤᠨ᠂ ᠪᠠᠷᠢᠯᠭ᠎ᠠ ᠪᠠᠷᠢᠬᠤ ᠬᠤᠭᠤᠴᠠᠭᠠᠨ ᠳᠤ ᠤᠴᠠᠷᠠᠭᠤᠯᠵᠤ ᠮᠡᠳᠡᠬᠦ ᠤᠰᠤ ᠬᠥᠷᠥᠰᠥ ᠶᠢᠨ ᠢᠳᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠶ᠃  ︵ᠭᠤᠷᠪᠠ︶ ᠤᠰᠤ ᠬᠥᠷᠥᠰᠥ ᠶᠢ ᠬᠠᠮᠠᠭᠠᠯᠠᠬᠤ ᠬᠢᠨᠠᠨ ᠬᠡᠮᠵᠢᠬᠦ ᠠᠵᠢᠯ ᠢ ᠦᠨᠡᠨᠬᠦ ᠰᠠᠶᠢᠲᠤᠷ ᠬᠢᠵᠦ᠂ ᠤᠰᠤ ᠬᠥᠷᠥᠰᠥ ᠶᠢᠨ ᠢᠳᠡᠭᠳᠡᠯ ᠤᠨ ᠪᠠᠶᠢᠳᠠᠯ ᠢ ᠬᠢᠨᠠᠨ ᠡᠵᠡᠮᠳᠡᠬᠦ ᠶᠢ ᠴᠢᠩᠭᠠᠳᠬᠠᠬᠤ ᠶᠢᠨ ᠬᠠᠮᠲᠤ ᠲᠣᠭᠲᠠᠭᠠᠯ ᠶᠣᠰᠣᠭᠠᠷ ᠮᠠᠨ ᠤ ᠲᠢᠩᠬᠢᠮ ᠵᠢᠴᠢ ᠰᠢᠯᠢ ᠶᠢᠨ ᠭᠤᠤᠯ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠬᠢᠨᠠᠨ ᠬᠡᠮᠵᠢᠯᠲᠡ ᠶᠢᠨ ᠤᠯᠠᠷᠢᠯ ᠤᠨ ᠮᠡᠳᠡᠭᠦᠯᠦᠯᠲᠡ ᠵᠢᠴᠢ ᠳ᠋ᠦᠩᠨᠡᠯᠲᠡ ᠶᠢᠨ ᠮᠡᠳᠡᠭᠦᠯᠦᠯᠲᠡ ᠶᠢ ᠲᠤᠰᠢᠶᠠᠨ᠎ᠠ᠃  ︵ᠲᠦᠷᠪᠡ︶ ᠤᠰᠤ ᠬᠥᠷᠥᠰᠥ ᠶᠢ ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠬᠠᠮᠲᠤ ᠰᠠᠶᠢᠲᠤᠷ ᠬᠢᠵᠦ᠂ ᠤᠰᠤ ᠬᠥᠷᠥᠰᠥ ᠶᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠪᠣᠯᠤᠨ ᠠᠬᠢᠴᠠ ᠶᠢ ᠦᠨᠡᠨᠬᠦ ᠪᠠᠲᠤᠯᠠᠬᠤ ᠬᠡᠷᠡᠭᠲᠡᠶ᠃  ᠭᠤᠷᠪᠠ᠂ ᠲᠤᠰ ᠵᠦᠢᠯ ᠤᠨ ᠭᠠᠵᠠᠷ᠂ ᠬᠡᠪᠴᠢᠶ᠎ᠡ ᠨᠢ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠤᠶᠤ ᠤᠰᠤ ᠬᠥᠷᠥᠰᠥ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠬᠦ ᠶᠠᠪᠤᠴᠠ ᠳᠤ ᠤᠰᠤ ᠬᠥᠷᠥᠰᠥ ᠶᠢ ᠬᠠᠮᠠᠭᠠᠯᠠᠬᠤ ᠠᠷᠭ᠎ᠠ ᠬᠡᠮᠵᠢᠶ᠎ᠡ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠣᠯ ᠤᠰᠤ ᠬᠥᠷᠥᠰᠥ ᠶᠢ ᠬᠠᠮᠠᠭᠠᠯᠠᠬᠤ ᠲᠥᠰᠦᠯ ᠳᠤ ᠨᠥᠬᠦᠪᠥᠷᠢᠯᠡᠬᠦ ᠪᠤᠶᠤ ᠵᠠᠰᠠᠪᠤᠷᠢ ᠣᠷᠣᠭᠤᠯᠵᠤ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ       ᠬᠡᠷᠡᠭᠲᠡᠶ︔ ᠰᠢᠭᠠᠷᠤ ᠬᠠᠶᠠᠬᠤ ᠲᠠᠯᠠᠪᠠᠶ ᠶᠢ ᠰᠢᠨ᠎ᠡ ᠪᠠᠷ ᠪᠠᠶᠢᠭᠤᠯᠤᠭᠰᠠᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠰᠢᠭᠠᠷᠤ ᠬᠠᠶᠠᠬᠤ ᠶᠢ ᠬᠡᠮᠵᠢᠶᠡᠵᠢᠭᠦᠯᠬᠦ᠂ ᠡᠬᠢ ᠪᠠᠶᠠᠯᠢᠭᠵᠢᠭᠤᠯᠬᠤ ᠨᠤᠲᠠᠯᠠᠯᠲᠠ ᠬᠢᠬᠦ ᠴᠢᠬᠤᠯᠠᠲᠠᠶ᠂ ᠲᠡᠷᠡᠴᠢᠯᠡᠨ ᠰᠢᠭᠠᠷᠤ ᠬᠠᠶᠠᠬᠤ ᠠᠴᠠ ᠡᠮᠦᠨ᠎ᠡ ᠤᠰᠤ ᠬᠥᠷᠥᠰᠥ ᠶᠢ ᠬᠠᠮᠠᠭᠠᠯᠠᠬᠤ ᠲᠥᠰᠦᠯ ᠤᠨ ᠨᠥᠬᠦᠪᠥᠷᠢ ᠮᠡᠳᠡᠭᠦᠯᠦᠯᠲᠡ ᠬᠢᠵᠦ᠂ ᠮᠠᠨ ᠤ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠶ᠃  ᠳᠥᠷᠪᠡ᠂ ᠲᠠᠨ ᠤ ᠨᠢᠭᠡᠴᠢ ᠪᠣᠯ ᠲᠤᠰ ᠲᠥᠷᠥᠯ ᠵᠦᠢᠯ ᠤᠨ ᠤᠰᠤ ᠬᠥᠷᠥᠰᠥ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠬᠠᠷᠢᠭᠤᠴᠠᠯᠭ᠎ᠠ ᠶᠢᠨ ᠭᠤᠤᠯ ᠴᠣᠭᠴᠠ ᠪᠣᠯᠬᠤ ᠲᠤᠯᠠ᠂ ᠲᠤᠰ ᠵᠠᠰᠠᠮᠠᠯ ᠵᠠᠮ ᠢ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠤᠰᠤ ᠬᠥᠷᠥᠰᠥ ᠶᠢ ᠬᠠᠮᠠᠭᠠᠯᠠᠬᠤ ᠪᠡᠯᠡᠳᠬᠡᠮᠵᠢ ᠶᠢᠨ ᠥᠪᠡᠰᠦᠪᠡᠨ ᠡᠵᠡᠨ ᠮᠡᠳᠡᠵᠦ ᠰᠢᠯᠭᠠᠨ ᠠᠪᠬᠤ ᠶᠢ ᠥᠩᠭᠡᠷᠡᠭᠡᠬᠦ ᠬᠡᠷᠡᠭᠲᠡᠶ᠃ ᠡᠵᠡᠨ ᠮᠡᠳᠡᠨ ᠰᠢᠯᠭᠠᠨ ᠠᠪᠬᠤ ᠳᠤ ᠤᠰᠤ ᠬᠥᠷᠥᠰᠥ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠵᠢᠷᠤᠮᠵᠢᠯ᠂ ᠤᠰᠤ ᠬᠥᠷᠥᠰᠥ ᠶᠢ ᠬᠠᠮᠠᠭᠠᠯᠠᠬᠤ ᠲᠥᠰᠦᠯ ᠬᠢᠭᠡᠳ ᠲᠤᠰ ᠬᠢᠨᠠᠨ ᠵᠥᠪᠰᠢᠶᠡᠷᠡᠭᠰᠡᠨ ᠲᠣᠭᠲᠠᠭᠠᠯ᠂ ᠤᠰᠤ ᠬᠥᠷᠥᠰᠥ ᠶᠢ ᠬᠠᠮᠠᠭᠠᠯᠠᠬᠤ ᠵᠠᠯᠭᠠᠮᠵᠢ ᠵᠢᠷᠤᠭ ᠲᠥᠯᠥᠪᠯᠡᠭᠡ ᠵᠡᠷᠭᠡ ᠶᠢ ᠦᠨᠳᠦᠰᠦᠯᠡᠨ ᠶᠠᠪᠤᠭᠳᠠᠭᠤᠯᠵᠤ᠂ ᠤᠰᠤ ᠬᠥᠷᠥᠰᠥ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷᠢᠮᠵᠢᠶ᠎ᠠ ᠪᠣᠯᠤᠨ ᠨᠥᠬᠦᠴᠡᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠬᠥᠷᠥᠰᠥ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠴᠠᠭ ᠲᠤᠬᠠᠶ ᠳᠤᠨᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠴᠠᠭ ᠢ 20 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠥᠬᠡᠶ︔ ᠤᠰᠤ ᠬᠥᠷᠥᠰᠥ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ ᠮᠠᠨ ᠤ ᠲᠢᠩᠬᠢᠮ ᠳᠤ ᠮᠡᠳᠡᠭᠦᠯᠦᠨ ᠳᠠᠩᠰᠠᠯᠠᠭᠤᠯᠤᠨ᠎ᠠ︔ ᠤᠰᠤ ᠬᠥᠷᠥᠰᠥ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠳᠤ ᠳᠠᠮᠵᠢᠭᠰᠠᠨ ᠥᠬᠡᠶ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠥᠬᠡᠶ ᠪᠣᠯ ᠠᠰᠢᠭᠯᠠᠯᠲᠠ ᠳᠤ ᠣᠷᠣᠭᠤᠯᠤᠨ ᠬᠡᠷᠡᠭᠯᠡᠵᠦ ᠪᠣᠯᠬᠤ ᠥᠬᠡᠶ᠃  ᠲᠠᠪᠤ᠂ ᠲᠤᠰ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠵᠥᠪᠰᠢᠶᠡᠷᠡᠭᠰᠡᠨ ᠡᠳᠦᠷ ᠠᠴᠠ ᠡᠬᠢᠯᠡᠨ ᠬᠦᠴᠦᠨ ᠪᠦᠬᠦᠢ ᠬᠤᠭᠤᠴᠠᠭ᠎ᠠ ᠨᠢ 3 ᠵᠢᠯ ᠪᠣᠯᠤᠨ᠎ᠠ᠃ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠪᠣᠯ ᠦᠢᠯᠡᠳᠪᠦᠷᠢᠯᠡᠵᠦ ᠪᠦᠲᠦᠭᠡᠨ ᠪᠠᠶᠢᠭᠤᠯᠬᠤ ᠨᠢᠭᠡᠴᠢ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠨᠢ ᠳᠦᠭᠦᠷᠬᠦ ᠠᠴᠠ 30 ᠠᠵᠢᠯᠯᠠᠬᠤ ᠡᠳᠦᠷ ᠤᠨ ᠡᠮᠦᠨ᠎ᠡ ᠮᠠᠨ ᠤ ᠲᠢᠩᠬᠢᠮ ᠳᠤ ᠳᠠᠬᠢᠨ ᠬᠢᠨᠠᠭᠤᠯᠬᠤ ᠪᠠᠷ ᠭᠤᠶᠤᠴᠢᠯᠠᠬᠤ ᠬᠡᠷᠡᠭᠲᠡᠶ᠃ ᠲᠥᠷᠥᠯ ᠵᠦᠢᠯ ᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭᠠᠨ ᠳᠣᠲᠣᠷ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠦᠭᠡᠶ ᠮᠥᠷᠲᠡᠭᠡᠨ ᠳᠠᠬᠢᠵᠤ ᠬᠢᠨᠠᠨ ᠬᠠᠷᠭᠤᠭᠤᠯᠬᠤ ᠪᠠᠷ ᠭᠤᠶᠤᠴᠢᠯᠠᠭᠰᠠᠨ ᠦᠭᠡᠶ ᠪᠤᠶᠤ ᠭᠤᠶᠤᠴᠢᠯᠠᠯ ᠢ ᠳᠠᠬᠢᠵᠤ ᠬᠢᠨᠠᠨ ᠬᠠᠷᠭᠤᠭᠤᠯᠬᠤ ᠪᠠᠷ ᠳᠤᠷᠠᠳᠤᠭᠰᠠᠨ ᠪᠣᠯᠪᠠᠴᠤ ᠵᠥᠪᠰᠢᠶᠡᠷᠡᠭᠳᠡᠭᠰᠡᠨ ᠦᠭᠡᠶ ᠪᠣᠯ᠂ ᠲᠤᠰ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠨᠢ ᠠᠶᠠᠨᠳᠠᠭᠠᠨ ᠬᠦᠴᠦᠨ ᠦᠭᠡᠶ ᠪᠣᠯᠤᠨ᠎ᠠ᠃    2024 ᠣᠨ ᠤ 2ᠳ᠋ᠤᠭᠠᠷ ᠰᠠᠷ᠎ᠠ ᠶᠢᠨ 20᠎ ᠤ ᠡᠳᠦᠷ    ᠳᠠᠭᠠᠯᠳᠤᠭᠤᠯᠤᠯ᠄  ︽ᠤᠯᠠᠭᠠᠶ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠤᠰᠤ ᠬᠥᠷᠥᠰᠥ ᠶᠢ ᠬᠠᠮᠠᠭᠠᠯᠠᠬᠤ ᠲᠥᠰᠦᠯ ᠤᠨ ᠮᠡᠳᠡᠭᠦᠯᠦᠯᠲᠡ ᠶᠢᠨ ᠪᠢᠴᠢᠭ︾᠎ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠦᠯᠦᠯᠲᠡ ᠥᠪᠥᠷ ᠤᠰᠤᠨ ᠤ ᠲᠥᠪ ᠮᠡᠷᠭᠡᠵᠢᠯ ᠤᠨ ᠰᠢᠭᠦᠯᠲᠡ ﹇2022﹈ 51 ᠳ᠋ᠤᠭᠡᠷ ᠲᠣᠭᠠᠲᠤ.pdf  ᠣᠯᠠᠭᠠᠢ ᠨᠡᠶᠢᠳᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠦᠷᠦᠯ ᠵᠦᠢᠯ ᠤᠨ ᠤᠰᠤ ᠰᠢᠷᠣᠢ ᠶᠢ ᠬᠠᠮᠠᠭᠠᠯᠠᠬᠤ ᠲᠦᠰᠦᠯ ᠤᠨ ᠮᠡᠳᠡᠭᠦᠯᠦᠯᠳᠡ ᠶᠢᠨ ᠪᠢᠴᠢᠭ ︵ᠭᠤᠣᠯ ᠪᠢᠴᠢᠭ︶.pdf

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号