ᠠᠷᠠᠳ ᠤᠨ ᠡᠳᠦᠷ ᠤᠨ ᠰᠣᠨᠢᠨ᠄  ᠡᠨᠡ ᠵᠢᠯ ᠮᠢᠩᠭ᠎ᠠ ᠠᠴᠠ ᠳᠡᠭᠡᠭᠰᠢ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠥᠭᠡᠷᠡᠴᠢᠯᠡᠨ ᠲᠠᠰ ᠳᠡᠪᠰᠢᠭᠦᠯᠵᠦ᠂ ᠵᠢᠱᠢᠯᠲᠡ ᠪᠠᠷ ᠰᠡᠷᠭᠦᠭᠡᠨ ᠰᠠᠶᠢᠵᠢᠷᠠᠭᠤᠯᠤᠭᠰᠠᠨ ᠤᠰᠤᠯᠠᠯᠲᠠ ᠶᠢᠨ ᠲᠠᠯᠠᠪᠠᠶ 5000 ᠲᠦᠮᠡᠨ ᠮᠥ ᠶᠢ ᠳᠠᠪᠠᠭ᠋ᠤ ᠪᠣᠯᠤᠨ᠎ᠠ
ᠨᠡᠶᠢᠲᠡᠯᠡᠭᠰᠡᠨ ᠴᠠᠭ᠄
2024/3/1
  ᠣᠶᠢᠷ᠎ᠠ ᠶᠢᠨ ᠬᠤᠭᠤᠴᠠᠭᠠᠨ ᠳᠤ᠂ ᠤᠰᠤᠨ ᠠᠰᠢᠭᠯᠠᠯᠲᠠ ᠶᠢᠨ ᠶᠠᠮᠤᠨ ᠡᠯ᠎ᠡ ᠭᠠᠵᠠᠷ ᠤᠨ ᠲᠠᠷᠢᠶᠠᠯᠠᠩ ᠳᠤ ᠬᠡᠷᠡᠭᠯᠡᠬᠦ ᠤᠰᠤᠨ ᠤ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠬᠠᠪᠤᠷ ᠤᠨ ᠤᠰᠤᠯᠠᠯᠲᠠ ᠶᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠣᠭᠤᠳᠬᠤ ᠪᠠ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠤᠰᠤᠯᠠᠯᠲᠠ ᠶᠢᠨ ᠲᠠᠯᠠᠪᠠᠶ ᠶᠢ ᠲᠣᠭᠲᠠᠪᠤᠷᠢᠵᠢᠭᠤᠯᠤᠨ᠂ ᠤᠰᠤᠯᠠᠬᠤ ᠶᠣᠰᠣᠲᠠᠶ ᠶᠢ ᠨᠢ ᠪᠦᠬᠦᠨ ᠢ ᠤᠰᠤᠯᠠᠬᠤ ᠶᠢ ᠪᠡᠶᠡᠯᠡᠭᠦᠯᠬᠦ ᠠᠵᠢᠯ ᠢ ᠪᠠᠶᠢᠷᠢᠯᠠᠭᠤᠯᠪᠠ᠃ ᠣᠳᠣᠬᠠᠨ ᠳᠤ᠂ ᠡᠯ᠎ᠡ ᠭᠠᠵᠠᠷ ᠤᠨ ᠬᠢᠨ ᠬᠠᠪᠤᠷ ᠤᠨ ᠤᠰᠤᠯᠠᠯᠲᠠ ᠶᠢᠨ ᠪᠡᠯᠡᠳᠬᠡᠯ ᠠᠵᠢᠯ ᠢ ᠨᠢᠭᠡᠨᠲᠡ ᠰᠠᠶᠢᠲᠤᠷ ᠬᠢᠵᠦ᠂ ᠱᠠᠨ ᠰᠢ᠂ ᠱᠠᠨᠰᠢ ᠵᠡᠷᠭᠡ ᠭᠠᠵᠠᠷ ᠤᠨ ᠬᠠᠲᠤᠨ ᠭᠤᠤᠯ ᠤᠨ ᠤᠰᠤᠯᠠᠯᠲᠠ ᠶᠢᠨ ᠣᠷᠣᠨ ᠢ ᠲᠠᠲᠠᠵᠤ ᠪᠠᠶᠢᠨ᠎ᠠ᠂ ᠾᠧᠪᠧᠶ ᠶᠢᠨ ᠯᠤᠸᠠᠨ ᠰᠢᠶᠠ ᠤᠰᠤᠯᠠᠯᠲᠠ ᠶᠢᠨ ᠣᠷᠣᠨ ᠵᠡᠷᠭᠡ ᠣᠨᠴᠠ ᠵᠠᠷᠢᠮ ᠤᠰᠤᠯᠠᠯᠲᠠ ᠶᠢᠨ ᠣᠷᠣᠨ ᠢ ᠨᠢᠭᠡᠨᠲᠡ ᠤᠰᠤᠯᠠᠵᠤ᠂ ᠱᠠᠨᠳᠦ᠋ᠩ ᠤᠨ 193 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠬᠠᠪᠤᠷ ᠤᠨ ᠤᠰᠤᠯᠠᠯᠲᠠ ᠶᠢᠨ ᠲᠥᠯᠥᠪᠯᠡᠭᠡ ᠶᠢ ᠲᠣᠭᠲᠠᠭᠠᠵᠤ᠂ 27.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤ ᠲᠠᠲᠠᠬᠤ ᠪᠠᠷ ᠲᠥᠯᠥᠪᠯᠡᠵᠦ᠂ ᠤᠰᠤᠯᠠᠯᠲᠠ ᠶᠢᠨ ᠲᠠᠯᠠᠪᠠᠶ ᠨᠢ 3266 ᠲᠦᠮᠡᠨ ᠮᠥ ᠪᠠᠶᠢᠵᠤ᠂ ᠪᠥᠬᠦ ᠮᠤᠵᠢ ᠶᠢᠨ ᠤᠰᠤᠯᠠᠯᠲᠠ ᠶᠢᠨ ᠲᠠᠯᠠᠪᠠᠶ ᠶᠢᠨ 41.5% ᠶᠢ ᠡᠵᠡᠯᠡᠵᠦ ᠪᠠᠶᠢᠨ᠎ᠠ᠃ ᠵᠢᠱᠢᠯᠲᠡ ᠪᠠᠷ 3 ᠳ᠋ᠤᠭᠠᠷ ᠰᠠᠷ᠎ᠠ ᠶᠢᠨ ᠡᠬᠢ ᠪᠠᠷ ᠬᠠᠪᠤᠷ ᠤᠨ ᠤᠰᠤᠯᠠᠯᠲᠠ ᠶᠢᠨ ᠠᠵᠢᠯ ᠵᠠᠯᠭᠠᠭ᠎ᠠ ᠪᠠᠷ ᠶᠠᠪᠤᠭᠳᠠᠬᠤ ᠪᠣᠯᠤᠨ᠎ᠠ᠃  ᠤᠰᠤᠨ ᠠᠰᠢᠭᠯᠠᠯᠲᠠ ᠪᠤᠯ ᠲᠠᠷᠢᠶᠠᠯᠠᠩ ᠤᠨ ᠠᠮᠢᠨ ᠰᠤᠳᠠᠰᠤ᠃ ᠡᠨᠡ ᠵᠢᠯ ᠤᠰᠤᠨ ᠠᠰᠢᠭᠯᠠᠯᠲᠠ ᠶᠢᠨ ᠶᠠᠮᠤᠨ ᠠᠴᠠ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ 1000 ᠭᠠᠷᠤᠢ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠥᠭᠡᠷᠡᠴᠢᠯᠡᠨ ᠳᠡᠰ ᠳᠡᠪᠰᠢᠭᠦᠯᠬᠦ ᠶᠢ ᠬᠡᠷᠡᠭᠵᠢᠭᠦᠯᠵᠦ᠂ ᠵᠢᠱᠢᠯᠲᠡ ᠪᠠᠷ ᠰᠢᠨ᠎ᠡ ᠪᠠᠷ ᠨᠡᠮᠡᠭᠳᠡᠭᠰᠡᠨ ᠤᠰᠤᠯᠠᠯᠲᠠ ᠶᠢᠨ ᠲᠠᠯᠠᠪᠠᠢ ᠶᠢ 5000 ᠲᠦᠮᠡᠨ ᠮᠦ ᠠᠴᠠ ᠳᠡᠭᠡᠭᠰᠢ ᠰᠡᠷᠭᠦᠭᠡᠵᠦ᠂ 49 ᠲᠣᠭᠠᠴᠢᠯᠠᠭᠰᠠᠨ ᠢᠬᠢᠷ᠎ᠡ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠪᠦᠷᠢᠨᠰᠢᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢ ᠠᠦ᠋ᠲ᠋ᠣᠴᠢᠯᠠᠬᠤ᠂ ᠤᠰᠤᠯᠠᠯᠲᠠ ᠶᠢᠨ ᠠᠷᠭ᠎ᠠ ᠮᠠᠶ᠋ᠢᠭ ᠢ ᠥᠨᠳᠥᠷ ᠦᠷ᠎ᠡ ᠪᠦᠲᠦᠮᠵᠢᠲᠡᠶ ᠪᠣᠯᠭᠠᠬᠤ᠂ ᠤᠰᠤ ᠬᠡᠷᠡᠭᠯᠡᠬᠦ ᠬᠡᠮᠵᠢᠯᠲᠡ ᠶᠢ ᠨᠠᠷᠢᠯᠢᠭ ᠣᠨᠣᠴᠠᠲᠠᠢ ᠪᠣᠯᠭᠠᠬᠤ᠂ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢ ᠤᠶᠤᠨᠵᠢᠭᠤᠯᠬᠤ ᠶᠢ ᠠᠬᠢᠭᠤᠯᠤᠨ᠎ᠠ᠃ ᠤᠰᠤᠨ ᠠᠰᠢᠭᠯᠠᠯᠲᠠ ᠶᠢᠨ ᠶᠠᠮᠤᠨ ᠠᠴᠠ ᠲᠠᠷᠢᠶᠠᠯᠠᠩ ᠤᠨ ᠤᠰᠤ ᠠᠷᠪᠢᠯᠠᠬᠤ ᠤᠰᠤ ᠬᠠᠩᠭᠠᠬᠤ ᠬᠠᠮᠢᠶᠠᠷᠤᠯᠲᠠ ᠶᠢ ᠴᠢᠩᠭᠠᠷᠠᠭᠤᠯᠵᠤ᠂ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢ ᠴᠢᠩᠭᠠᠳᠬᠠᠨ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠨᠣᠷᠮ᠎ᠠ ᠲᠣᠭᠲᠠᠭᠠᠨ ᠬᠠᠮᠢᠶᠠᠷᠬᠤ ᠶᠢ ᠨᠠᠶᠢᠳᠠᠪᠤᠷᠢᠵᠢᠭᠤᠯᠤᠨ᠎ᠠ︔ ᠤᠰᠤ ᠪᠠᠷ ᠭᠠᠵᠠᠷ ᠢ ᠲᠣᠭᠲᠠᠭᠠᠬᠤ ᠶᠢ ᠴᠢᠩᠭᠠᠷᠠᠭᠤᠯᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠳᠤ ᠤᠰᠤ ᠬᠡᠷᠡᠭᠯᠡᠬᠦ ᠵᠦᠢ ᠵᠣᠬᠢᠰᠲᠠᠶ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠤᠰᠤᠯᠠᠯᠲᠠ ᠶᠢᠨ ᠤᠰᠤ ᠬᠠᠩᠭᠠᠬᠤ ᠤᠰᠤ ᠬᠡᠷᠡᠭᠯᠡᠬᠦ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠠᠳᠠᠭᠠᠯᠠᠵᠤ ᠲᠠᠲᠠᠨ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤᠯᠠᠯᠲᠠ ᠶᠢᠨ ᠤᠰᠤ ᠬᠡᠷᠡᠭᠯᠡᠬᠦ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠤᠰᠤᠯᠠᠯᠲᠠ ᠶᠢᠨ ᠤᠰᠤ ᠬᠠᠩᠭᠠᠬᠤ ᠪᠠᠲᠤᠯᠠᠭ᠎ᠠ ᠶᠢᠨ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠡᠳᠦᠭᠡᠷ ᠪᠦᠯᠦᠭ ᠤᠨ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠶ ᠳᠥᠯᠭᠢᠨ ᠠᠬᠢᠭᠤᠯᠵᠤ᠂ ︽ᠥᠪᠡᠷ ᠤᠨ ᠥᠷᠲᠡᠭ ᠢ ᠵᠦᠶ ᠵᠣᠬᠢᠰᠲᠠᠶ ᠠᠰᠢᠭ ᠭᠥᠷᠳᠡᠬᠦ︾ ᠤᠰᠤᠨ ᠤ ᠦᠨ᠎ᠡ ᠬᠠᠩᠰᠢ ᠶᠢᠨ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠲᠠᠷᠢᠶᠠᠯᠠᠩ ᠤᠨ ᠤᠰᠤ ᠬᠡᠷᠡᠭᠯᠡᠬᠦ ᠡᠷᠬᠡ ᠶᠢ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠴᠢᠳ ᠤᠨ ᠤᠰᠤ ᠬᠡᠷᠡᠭᠯᠡᠬᠦ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠲᠠᠷᠢᠶᠠᠴᠢᠨ ᠡᠷᠦᠬᠡ ᠵᠡᠷᠭᠡ ᠤᠰᠤ ᠬᠡᠷᠡᠭᠯᠡᠬᠦ ᠭᠤᠤᠯ ᠴᠣᠭᠴᠠ ᠳᠤ ᠨᠠᠷᠢᠯᠢᠬᠵᠢᠭᠤᠯᠤᠨ ᠵᠠᠳᠠᠯᠵᠤ᠂ ᠤᠰᠤᠨ ᠤ ᠡᠷᠬᠡ ᠶᠢᠨ ᠠᠷᠠᠯᠵᠢᠶ᠎ᠠ ᠶᠢ ᠢᠳᠡᠪᠬᠢᠲᠡᠶ ᠥᠷᠨᠢᠭᠦᠯᠦᠨ᠎ᠡ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号