ᠪᠠᠷᠠᠭᠤᠨ ᠦᠵᠦᠮᠦᠴᠢᠨ ᠬᠤᠰᠢᠭᠤᠨ ᠤ ︽ᠮᠣᠷᠢᠨ ᠨᠢᠷᠤᠭᠤᠨ ᠳᠡᠭᠡᠷᠡᠬᠢ ᠴᠠᠭᠳᠠᠨ ᠪᠠᠶᠢᠴᠠᠭᠠᠭᠴᠢ︾ ︽ᠡᠭᠦᠳᠡᠨ ᠡᠮᠦᠨᠡᠬᠢ ᠤᠰᠤ ᠶᠢ ᠰᠠᠬᠢᠨ ᠬᠠᠮᠠᠭᠠᠯᠠᠬᠤ︾ ᠭᠤᠤᠯ ᠴᠠᠭᠳᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/12
  ᠬᠠᠷᠢᠶᠠᠲᠤ ᠣᠷᠣᠨ ᠤ ᠳᠣᠲᠣᠷᠠᠬᠢ ᠭᠤᠤᠯ ᠮᠥᠷᠡᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠠᠲᠤᠳᠬᠠᠨ᠂ ᠬᠠᠪᠤᠷ ᠤᠨ ᠤᠯᠠᠷᠢᠯ ᠤᠨ ᠬᠠᠯᠢᠶ᠎ᠠ ᠦᠶᠡᠷ ᠤᠨ ᠬᠤᠭᠤᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠬᠡᠳᠦᠨ ᠡᠳᠦᠷ ᠤᠨ ᠲᠤᠷᠰᠢ ︽ᠮᠣᠷᠢᠨ ᠨᠢᠷᠤᠭᠤᠨ ᠳᠡᠭᠡᠷᠡᠬᠢ ᠴᠠᠭᠳᠠᠨ ᠪᠠᠶᠢᠴᠠᠭᠠᠭᠴᠢ︾ ᠡᠯ᠎ᠡ ᠭᠤᠤᠯ ᠮᠥᠷᠡᠨ ᠤ ᠬᠡᠰᠡᠭ ᠲᠤ ᠭᠦᠨᠵᠡᠭᠡᠶᠢᠷᠡᠨ ᠦᠶᠡᠷ ᠤᠨ ᠬᠤᠭᠤᠴᠠᠭᠠᠨ ᠤ ᠭᠤᠤᠯ ᠮᠥᠷᠡᠨ ᠤ ᠠᠵᠢᠯ ᠢ ᠥᠷᠨᠢᠭᠦᠯᠵᠦ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠪᠠ᠃
  ᠬᠠᠪᠤᠷ ᠠᠴᠠ ᠨᠠᠭᠠᠰᠢ᠂ ᠦᠷᠭᠦᠯᠵᠢᠯᠡᠨ ᠴᠠᠰᠤ ᠤᠷᠤᠭᠰᠠᠨ ᠪᠠ ᠠᠭᠠᠷ ᠤᠨ ᠳᠤᠯᠠᠭᠠᠨ ᠳᠡᠭᠡᠭᠰᠢᠯᠡᠭᠰᠡᠨ ᠠᠴᠠ ᠮᠥᠰᠥ ᠴᠠᠰᠤᠨ ᠤ ᠬᠠᠶᠢᠯᠬᠤ ᠬᠤᠷᠳᠤᠴᠠ ᠲᠦᠷᠭᠡᠳᠴᠦ᠂ ᠴᠠᠰᠤ ᠬᠠᠶᠢᠯᠬᠤ ᠴᠢᠨᠠᠷᠲᠠᠶ ᠦᠶᠡᠷ ᠤᠨ ᠭᠠᠮᠰᠢᠭ ᠢ ᠰᠡᠷᠭᠡᠶᠢᠯᠡᠬᠦ ᠶᠢᠨ ᠲᠥᠯᠥᠭᠡ᠂ ︽ᠮᠣᠷᠢᠨ ᠨᠢᠷᠤᠭᠤᠨ ᠳᠡᠭᠡᠷᠡᠬᠢ ᠭᠤᠤᠯ ᠤᠨ ᠬᠡᠰᠡᠭ ᠤᠨ ᠴᠢᠬᠤᠯᠠ ᠵᠠᠩᠭᠢᠯᠠᠭ᠎ᠠ ᠶᠢᠨ ᠴᠡᠭ ᠲᠤ ᠭᠦᠨᠵᠡᠭᠡᠶᠢᠷᠡᠵᠦ᠂ ᠭᠤᠤᠯ ᠤᠨ ᠵᠠᠮ ᠢᠶᠠᠷ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠷᠦᠭᠦᠨ ᠴᠠᠰᠤᠨ ᠤ ᠪᠠᠶᠢᠳᠠᠯ᠂ ᠭᠤᠤᠯ ᠤᠨ ᠵᠠᠮ ᠤᠨ ᠳᠠᠭᠠᠭᠠᠴᠠ᠂ ᠰᠡᠷᠭᠡᠶᠢᠯᠡᠯᠲᠡ ᠶᠢᠨ ᠤᠰᠤᠨ ᠲᠦᠪᠰᠢᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠦᠶᠡᠷ ᠵᠠᠯᠠᠬᠤ ᠶᠢ ᠬᠠᠷᠰᠢᠯᠠᠵᠤ ᠪᠠᠶᠢᠭ᠎ᠠ ᠦᠵᠡᠭᠳᠡᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠬᠤ ᠶᠢᠨ ᠬᠠᠮᠲᠤ ᠭᠠᠴᠠᠭ᠎ᠠ ᠪᠠ ᠭᠤᠤᠯ ᠤᠨ ᠵᠠᠮ ᠤᠨ ᠬᠤᠶᠠᠷ ᠡᠷᠭᠢ ᠶᠢᠨ ᠮᠠᠯᠴᠢᠳ ᠢ ᠵᠣᠬᠢᠶᠠᠨ ᠪᠠᠶᠢᠭᠤᠯᠤᠨ ᠭᠤᠤᠯ ᠤᠨ ᠵᠠᠮ ᠢ ᠴᠡᠪᠡᠷᠯᠡᠬᠦ ᠠᠵᠢᠯ ᠥᠷᠨᠢᠭᠦᠯᠵᠦ᠂ ᠦᠶᠡᠷ ᠤᠨ ᠬᠤᠭᠤᠴᠠᠭᠠᠨ ᠤ ᠭᠤᠤᠯ ᠤᠨ ᠤᠷᠤᠰᠬᠠᠯ ᠤᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠪᠠ᠃ ᠡᠭᠦᠨ ᠤ ᠬᠠᠮᠲᠤ᠂ ᠡᠯ᠎ᠡ ᠭᠠᠴᠠᠭᠠᠨ ᠤ ᠠᠵᠢᠯᠲᠠᠳ ᠬᠠᠷᠢᠶ᠎ᠠ ᠣᠷᠣᠨ ᠤ ᠪᠠᠨ ᠬᠡᠪᠴᠢᠶᠡᠨ ᠳᠤ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠥᠷᠨᠢᠭᠦᠯᠵᠦ᠂ ᠰᠠᠭᠤᠭᠠᠯᠢ ᠠᠷᠠᠳ ᠲᠤ ᠦᠶᠡᠷ ᠢ ᠰᠡᠷᠭᠡᠶᠢᠯᠡᠬᠦ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠢ ᠭᠤᠤᠯ ᠤᠨ ᠵᠠᠮ ᠢᠶᠠᠨ ᠬᠠᠮᠠᠭᠠᠯᠠᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠤᠷᠢᠶᠠᠯᠠᠨ᠂ ᠦᠶᠡᠷ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠦ ᠤᠷᠢᠶᠠᠯᠠᠪᠠ᠃
志愿服务活动6.png
  ᠲᠣᠰ ᠤᠳᠠᠭᠠᠨ ᠤ ᠠᠵᠢᠯᠯᠠᠭ᠎ᠠ ᠨᠢ ᠭᠤᠤᠯ ᠤᠨ ᠳᠠᠷᠤᠭ᠎ᠠ ᠶᠢᠨ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠦᠭᠰᠡᠨ ᠮᠥᠷᠲᠡᠭᠡᠨ ᠪᠠᠰᠠ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠭᠤᠤᠯ ᠤᠨ ᠵᠠᠮ ᠤᠨ ᠵᠠᠰᠠᠯᠲᠠ ᠳᠤ ᠣᠷᠣᠯᠴᠠᠭᠤᠯᠵᠤ᠂ ᠭᠤᠤᠯ ᠤᠨ ᠵᠠᠮ ᠢ ᠬᠠᠮᠠᠭᠠᠯᠠᠨ᠂ ᠠᠷᠢᠭᠤᠨ ᠴᠡᠪᠡᠷ᠂ ᠰᠠᠨᠠᠭ᠎ᠠ ᠠᠮᠤᠷ ᠭᠤᠤᠯ ᠤᠨ ᠵᠠᠮ ᠤᠨ ᠣᠷᠴᠢᠨ ᠲᠣᠭᠤᠷᠢᠨ ᠢ ᠪᠣᠶ ᠪᠣᠯᠭᠠᠬᠤ ᠳᠤ ᠬᠦᠴᠦᠨ ᠨᠡᠮᠡᠷᠢᠯᠡᠪᠡ᠃ ᠪᠠᠷᠠᠭᠤᠨ ᠦᠵᠦᠮᠦᠴᠢᠨ ᠬᠤᠰᠢᠭᠤ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠣᠭᠤᠷᠢᠨ ᠪᠠᠶᠢᠴᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠳᠤᠳᠤᠮ ᠤᠨ ᠲᠣᠭᠤᠷᠢᠨ ᠪᠠᠶᠢᠴᠠᠭᠠᠬᠤ᠂ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠦᠶᠡᠷ ᠤᠨ ᠬᠤᠭᠤᠴᠠᠭᠠᠨ ᠤ ᠭᠤᠣᠯ ᠮᠥᠷᠡᠨ ᠢ ᠲᠣᠭᠤᠷᠢᠨ ᠪᠠᠶᠢᠴᠠᠭᠠᠬᠤ ᠤᠳᠠᠭ᠎ᠠ ᠪᠠᠨ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ︽ᠠᠮᠤᠷ ᠲᠦᠪᠰᠢᠨ ᠤ ᠳᠠᠯᠠᠩ︾ ᠢ ᠪᠠᠲᠤ ᠴᠣᠭᠴᠠᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠭᠤᠣᠯ ᠮᠥᠷᠡᠨ ᠢ ᠰᠠᠬᠢᠬᠤ ᠳᠤ ᠬᠠᠷᠢᠭᠤᠴᠠᠯᠭ᠎ᠠ ᠲᠠᠢ᠂ ᠭᠤᠣᠯ ᠮᠥᠷᠡᠨ ᠢ ᠰᠠᠬᠢᠬᠤ ᠳᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠪᠡ᠃
志愿服务活动7.png
 
 
ᠢᠷᠡᠯᠲᠡ᠄ ᠪᠠᠷᠠᠭᠤᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠠᠴᠠ ᠰᠢᠯᠵᠢᠭᠦᠯᠪᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号