ᠬᠦᠳᠡᠭᠡ ᠲᠤᠰᠬᠤᠨ ᠮᠠᠯᠵᠢᠬᠤ ᠣᠷᠣᠨ ᠤ ᠤᠰᠤ ᠬᠠᠩᠭᠠᠬᠤ ︽ᠭᠤᠷᠪᠠᠨ ᠠᠷᠪᠠ︾ ᠶᠢ ᠡᠭᠦᠳᠦᠨ ᠪᠠᠶᠢᠭᠤᠯᠬᠤ ᠨᠡᠷᠡᠰ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2024/3/13
  ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠡᠯ᠎ᠡ ᠭᠠᠵᠠᠷ ᠲᠤ ︽ᠭᠤᠷᠪᠠᠨ ᠠᠷᠪᠠ︾ ᠶᠢ ᠡᠭᠦᠳᠦᠨ ᠪᠠᠶᠢᠭᠤᠯᠬᠤ ᠲᠥᠰᠦᠯ ᠢ ᠬᠢᠨᠠᠨ ᠲᠣᠭᠲᠠᠭᠠᠬᠤ ᠪᠠᠷ ᠳᠡᠮᠵᠢᠨ᠂ ᠣᠲᠣ ᠨᠥᠬᠦᠴᠡᠯ ᠳᠤ ᠨᠡᠶᠢᠴᠡᠬᠦ ᠬᠥᠬᠡᠬᠤᠲᠠ ᠶᠢᠨ ᠲᠦᠮᠡᠳ ᠵᠡᠭᠦᠨ ᠬᠤᠰᠢᠭᠤ ᠵᠡᠷᠭᠡ ᠬᠦᠳᠡᠭᠡ ᠲᠤᠰᠬᠤᠨ ᠮᠠᠯᠵᠢᠬᠤ ᠣᠷᠣᠨ ᠤ ᠤᠰᠤ ᠬᠠᠩᠭᠠᠬᠤ ᠰᠢᠶᠠᠨ ᠤ ᠬᠡᠪᠴᠢᠶᠡᠨ ᠳᠤ ᠨᠢᠭᠡᠳᠦᠯᠲᠡᠶ ᠬᠠᠮᠢᠶᠠᠷᠤᠭᠰᠠᠨ 10 ᠵᠢᠱᠢᠶ᠎ᠡ ᠦᠵᠡᠭᠦᠯᠬᠦ ᠬᠤᠰᠢᠭᠤ ᠰᠢᠶᠠᠨ᠂ ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤ ᠵᠡᠷᠭᠡ ᠬᠦᠳᠡᠭᠡ ᠲᠤᠰᠬᠤᠨ ᠮᠠᠯᠵᠢᠬᠤ ᠣᠷᠣᠨ ᠤ ᠤᠰᠤ ᠬᠠᠩᠭᠠᠬᠤ ᠲᠣᠰᠬᠤᠨ ᠤ ᠠᠮᠠᠰᠠᠷ ᠲᠤ ᠬᠥᠳᠡᠯᠦᠩᠭᠦᠶ ᠬᠢᠨᠠᠨ ᠬᠡᠮᠵᠢᠯᠲᠡ ᠶᠢ ᠪᠦᠬᠦᠨ ᠢ ᠬᠠᠮᠤᠷᠤᠭᠰᠠᠨ ᠵᠢᠱᠢᠶ᠎ᠡ ᠦᠵᠡᠭᠦᠯᠬᠦ ᠬᠤᠰᠢᠭᠤ ᠰᠢᠶᠠᠨ ᠪᠠ ᠬᠥᠯᠥᠨ ᠪᠤᠶᠢᠷ ᠬᠤᠲᠠ ᠶᠢᠨ ᠬᠠᠭᠤᠴᠢᠨ ᠪᠠᠷᠭᠤ ᠬᠤᠰᠢᠭᠤᠨ ᠤ ᠪᠣᠷᠣᠰᠢᠯᠢ ᠤᠰᠤ ᠬᠠᠩᠭᠠᠬᠤ ᠦᠢᠯᠡᠳᠪᠦᠷᠢ ᠵᠡᠷᠭᠡ 10 ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠤᠰᠤᠨ ᠤ ᠦᠢᠯᠡᠳᠪᠦᠷᠢ ᠶᠢ ᠡᠭᠦᠳᠦᠨ ᠪᠠᠶᠢᠭᠤᠯᠬᠤ ᠠᠵᠢᠯ ᠢ ᠵᠠᠷᠯᠠᠨ ᠨᠡᠶᠢᠲᠡᠯᠡᠪᠡ ︵ᠨᠡᠷᠡᠰ ᠤᠨ ᠵᠢᠭᠰᠠᠭᠠᠯᠲᠠ ᠨᠢ ᠡᠮᠦᠨ᠎ᠡ ᠬᠤᠶᠢᠨ᠎ᠠ ᠭᠡᠵᠦ ᠬᠤᠪᠢᠶᠠᠬᠤ ᠦᠭᠡᠢ︶᠃ ᠣᠨᠳᠣᠣ ᠰᠠᠨᠠᠯ ᠲᠠᠢ ᠪᠣᠯ ᠵᠠᠷᠯᠠᠨ ᠨᠡᠶᠢᠲᠡᠯᠡᠬᠦ ᠬᠤᠭᠤᠴᠠᠭᠠᠨ ᠳᠤ ᠮᠠᠨ ᠤ ᠲᠢᠩᠬᠢᠮ ᠳᠤ ᠪᠢᠴᠢᠭ ᠤᠨ ᠬᠡᠯᠪᠡᠷᠢ ᠪᠠᠷ ᠲᠤᠰᠬᠠᠵᠤ ᠪᠣᠯᠣᠨ᠎ᠠ᠃  ᠵᠠᠷᠯᠠᠨ ᠨᠡᠶᠢᠲᠡᠯᠡᠬᠦ ᠴᠠᠭ᠄ 2024 ᠣᠨ ᠤ 3 ᠳ᠋ᠤᠭᠠᠷ ᠰᠠᠷ᠎ᠠ ᠶᠢᠨ 12 ᠤᠨ ᠡᠳᠦᠷ ᠠᠴᠠ 3 ᠳ᠋ᠤᠭᠠᠷ ᠰᠠᠷ᠎ᠠ ᠶᠢᠨ 18 ᠤ ᠡᠳᠦᠷ ᠪᠣᠯᠲᠠᠯ᠎ᠠ  ᠬᠠᠷᠢᠯᠴᠠᠬᠤ ᠬᠥᠮᠦᠨ᠄ ᠤᠰᠤᠨ ᠠᠰᠢᠭᠯᠠᠯᠲᠠ ᠶᠢᠨ ᠲᠢᠩᠬᠢᠮ ᠤᠨ ᠬᠥᠳᠡᠭᠡ ᠲᠣᠰᠬᠤᠨ ᠮᠠᠯᠵᠢᠬᠤ ᠣᠷᠣᠨ ᠤ ᠣᠰᠣᠨ ᠠᠰᠢᠭᠯᠠᠯᠲᠠ ᠶᠢᠨ ᠭᠠᠵᠠᠷ  ᠹᠠᠨ ᠶᠠᠨ ᠰᠢᠨ  ᠬᠠᠷᠢᠯᠴᠠᠬᠤ ᠣᠳᠠᠰᠣ᠄ 0471 — 5259406 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号