ᠠᠷᠠᠳ ᠤᠨ ᠡᠳᠦᠷ ᠤᠨ ᠰᠣᠨᠢᠨ᠄ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ ︵ᠰᠢᠨ᠎ᠡ ᠴᠠᠭ ᠦᠶ᠎ᠡ ᠶᠢᠨ ᠵᠢᠷᠤᠭ︶
ᠨᠡᠶᠢᠲᠡᠯᠡᠭᠰᠡᠨ ᠴᠠᠭ᠄
2024/3/14
  ᠶᠡᠷᠦᠩᠬᠡᠢ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠄ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠵᠤ᠂ ᠤᠰᠤᠨ ᠤ ᠡᠬᠢ ᠪᠠᠶᠠᠯᠢᠭ ᠤᠨ ᠠᠰᠠᠭᠤᠳᠠᠯ ᠢ ᠪᠣᠳᠣᠯᠬᠢᠯᠠᠨ᠎ᠠ︾ ︽ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ︾᠂ ︽ᠤᠰᠤᠨ ᠤ ᠲᠣᠣᠷ ᠢ ᠪᠦᠲᠦᠭᠡᠨ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠤᠰᠤ ᠶᠢ ᠵᠠᠰᠠᠬᠤ ᠲᠡᠦᠬᠡᠨ ᠶᠠᠪᠤᠴᠠ ᠳᠤ ᠪᠠᠰᠠ ᠨᠢᠭᠡᠨ ᠵᠠᠭᠤᠨ ᠤ ᠵᠢᠷᠤᠭ ᠪᠠᠶᠢᠵᠤ᠂ ᠮᠢᠩᠭᠠᠨ ᠣᠨ ᠤ ᠲᠡᠦᠬᠡᠨ ᠬᠠᠭᠤᠳᠠᠰᠤᠨ᠎ᠠ       ᠲᠡᠮᠳᠡᠭᠯᠡᠭᠳᠡᠨ᠎ᠡ︾ ᠭᠡᠵᠡᠢ᠃  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠰᠤᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠰᠢᠰᠲ᠋ᠧᠮ ᠢ ᠰᠢᠯᠢᠳᠡᠭᠵᠢᠭᠦᠯᠦᠨ᠂ ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠲᠡᠭᠦᠯᠳᠡᠷᠵᠢᠭᠦᠯᠵᠦ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠳᠠᠢ᠃  2023 ᠣᠨ ᠳᠤ ᠪᠥᠬᠦ ᠤᠯᠤᠰ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠪᠠ ᠬᠡᠪᠴᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠤᠯᠤᠰ ᠤᠨ ᠤᠰᠤᠨ ᠠᠰᠢᠭᠯᠠᠯᠲᠠ ᠶᠢᠨ ᠲᠣᠤᠷ ᠤᠨ ᠭᠤᠤᠯ ᠲᠥᠪ ᠪᠠ ᠲᠣᠮᠣ ᠯᠤᠭᠰᠢᠭᠤᠨ ᠰᠤᠳᠠᠯ ᠢ ᠲᠦᠷᠭᠡᠳᠬᠡᠨ ᠪᠠᠶᠢᠭᠤᠯᠵᠤ᠂ ᠮᠤᠵᠢ ᠶᠢᠨ ᠱᠠᠲᠤᠨ ᠤ ᠤᠰᠤᠨ ᠠᠰᠢᠭᠯᠠᠯᠲᠠ ᠶᠢᠨ ᠲᠣᠤᠷ ᠤᠨ ᠬᠤᠰᠢᠭᠤᠴᠢ ᠣᠷᠣᠨ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠤᠲᠠ ᠰᠢᠶᠠᠨ ᠤ ᠱᠠᠲᠤᠨ ᠤ ᠤᠰᠤᠨ ᠠᠰᠢᠭᠯᠠᠯᠲᠠ ᠶᠢᠨ ᠲᠣᠤᠷ ᠤᠨ ᠬᠤᠰᠢᠭᠤᠴᠢ ᠣᠷᠣᠨ ᠢ ᠦᠷᠭᠦᠯᠵᠢᠯᠡᠨ ᠡᠬᠢᠯᠡᠭᠦᠯᠪᠡ᠃ ᠪᠥᠬᠦ ᠵᠢᠯ ᠳᠤ 11996 ᠳ᠋ᠦᠩᠰᠢᠭᠤᠷ ᠲᠥᠭᠦᠷᠢᠭ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 2022 ᠣᠨ ᠤ ᠬᠢ ᠠᠴᠠ 10.1% ᠪᠠᠷ ᠨᠡᠮᠡᠭᠳᠡᠪᠡ︔ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠳᠤ 273.9 ᠲᠦᠮᠡᠨ ᠬᠥᠮᠦᠨ ᠳᠤ ᠠᠵᠢᠯ ᠣᠯᠭᠤᠵᠤ᠂ 2022 ᠣᠨ ᠤ ᠬᠢ ᠠᠴᠠ 8.9% ᠪᠠᠷ ᠨᠡᠮᠡᠭᠳᠡᠪᠡ᠃ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠨᠢ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠵᠢᠯ ᠣᠯᠭᠤᠯᠲᠠ ᠶᠢ ᠠᠬᠢᠭᠤᠯᠬᠤ᠂ ᠠᠵᠤ ᠠᠬᠤᠶ ᠶᠢᠨ ᠰᠡᠷᠭᠦᠨ ᠰᠠᠶᠢᠵᠢᠷᠠᠬᠤ ᠶᠢ ᠠᠬᠢᠭᠤᠯᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃  ᠭᠤᠣᠯ ᠠᠷᠤᠭ ᠶᠠᠰᠤ ᠶᠢ ᠪᠠᠬᠢᠵᠢᠭᠦᠯᠵᠦ᠂ ᠭᠤᠣᠯ ᠰᠤᠳᠠᠰᠤ ᠶᠢ ᠨᠡᠪᠲᠡᠷᠡᠭᠦᠯᠵᠦ᠂ ᠤᠰᠤᠯᠠᠯᠲᠠ ᠶᠢᠨ ᠣᠷᠣᠨ᠂ ᠰᠤᠪᠠᠭ ᠤᠨ ᠰᠢᠰᠲ᠋ᠧᠮ ᠢ ᠪᠠᠶᠢᠭᠤᠯᠵᠤ᠂ ᠬᠠᠰᠢᠯᠭ᠎ᠠ ᠳᠠᠯᠠᠩ ᠪᠠᠶᠢᠭᠤᠯᠵᠤ᠂ ᠤᠰᠤᠨ ᠴᠥᠭᠦᠷᠥᠮ ᠪᠠᠶᠢᠭᠤᠯᠵᠤ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠡᠨᠡ ᠵᠢᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠣᠷ᠂ ᠲᠣᠣᠷ ᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠵᠤ᠂ ᠤᠯᠤᠰ ᠤᠨ ᠤᠰᠤᠨ ᠲᠣᠣᠷ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ᠃ 
 
ᠢᠷᠡᠯᠲᠡ᠄ ᠠᠷᠠᠳ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号