ᠰᠢᠨᠬᠤᠸᠠ ᠬᠤᠷᠢᠶ᠎ᠠ᠄ ᠯᠢ ᠭᠦᠸᠧ ᠶᠢᠩ᠄ 2023 ᠤᠨ ᠤ ᠤᠰᠤᠨ ᠠᠰᠢᠬᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠪᠥᠬᠦ ᠲᠠᠯ᠎ᠠ ᠪᠠᠷ ᠲᠦᠷᠭᠡᠳᠬᠡᠪᠡ
ᠨᠡᠶᠢᠲᠡᠯᠡᠭᠰᠡᠨ ᠴᠠᠭ᠄
2024/3/14
  ﹇ ᠯᠢ ᠭᠦᠸᠧ ᠶᠢᠩ᠄ 2023 ᠣᠨ ᠳᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠷᠭᠡᠳᠬᠡᠪᠡ﹈ ᠤᠰᠤᠨ ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠠᠩᠬᠠᠳᠤᠭᠠᠷ ᠤᠳᠠᠭᠠᠨ ᠤ ︽ᠰᠠᠶᠢᠳ ᠨᠠᠷ ᠤᠨ ᠨᠡᠪᠲᠡᠷᠡᠬᠦ ᠵᠠᠮ︾ ᠳᠡᠭᠡᠷ᠎ᠡ ᠲᠠᠨᠢᠯᠴᠠᠭᠤᠯᠤᠭᠰᠠᠨ ᠢᠶᠠᠷ᠂ 2023 ᠣᠨ ᠳᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ ᠪᠥᠬᠦ ᠲᠠᠯ᠎ᠠ ᠪᠠᠷ ᠲᠦᠷᠭᠡᠳᠬᠡᠵᠦ᠂ ᠪᠥᠬᠦ ᠤᠯᠤᠰ ᠤᠨ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ 11996 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2022 ᠣᠨ ᠤ ᠬᠢ ᠠᠴᠠ 10.1% ᠪᠠᠷ ᠨᠡᠮᠡᠭᠳᠡᠭᠦᠯᠵᠦ᠂ ᠲᠡᠤᠬᠡ ᠶᠢᠨ ᠬᠠᠮᠤᠭ ᠤᠨ ᠦᠨᠳᠦᠷ ᠲᠡᠮᠳᠡᠭᠯᠡᠯ ᠢ ᠡᠭᠦᠳᠪᠡ᠃ ᠤᠰᠤᠨ ᠤ ᠭᠠᠮᠰᠢᠭ᠂ ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠵᠡᠷᠭᠡ ᠳᠥᠷᠪᠡᠨ ᠶᠡᠭᠡ ᠤᠰᠤᠨ ᠤ ᠠᠰᠠᠭᠤᠳᠠᠯ ᠳᠤ ᠴᠢᠭᠯᠡᠭᠦᠯᠦᠨ᠂ 41014 ᠤᠰᠤᠨ ᠠᠰᠢᠭᠯᠠᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠤᠯᠤᠰ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ᠂ ᠤᠰᠤ ᠬᠠᠩᠭᠠᠬᠤ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ ᠳᠤ ᠬᠦᠴᠦᠲᠡᠶ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠬᠡᠷᠡᠭᠲᠡᠶ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号