ᠤᠰᠤᠨ ᠠᠰᠢᠭᠯᠠᠯᠲᠠ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠤᠯᠪᠤᠭᠳᠠᠨ᠎ᠠ᠃ ᠤᠰᠤᠨ | ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠪᠠᠶᠢᠳᠠᠯ ᠨᠢ ᠶᠠᠮᠠᠷ ᠪᠣᠯ︖ ᠪᠡᠯᠡ ᠮᠥᠩᠭᠦ ᠶᠢ | ᠬᠠᠮᠢᠭ᠎ᠠ ᠤᠷᠤᠭᠤᠯᠤᠭᠰᠠᠨ ᠪᠣᠯ︖ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ | ᠪᠠᠶᠢᠭᠤᠯᠤᠯᠲᠠ ᠨᠢ ᠶᠠᠮᠠᠷ ᠪᠣᠳᠠᠲᠠᠢ ᠠᠬᠢᠴᠠ ᠲᠠᠢ ᠪᠣᠯ︖ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠡᠭᠡᠷ᠎ᠡ᠂ ᠤᠰᠤᠨ | ᠠᠰᠢᠭᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠣᠳᠣᠬᠠᠨ ᠤ ᠤᠰᠤᠨ ᠠᠰᠢᠭᠯᠠᠯᠲᠠ ᠶᠢᠨ ᠬᠦᠷᠢᠶᠡᠨ ᠤ | ᠴᠢᠬᠤᠯᠠ ᠶᠠᠷᠢᠶᠠᠨ ᠤ ᠰᠡᠳᠦᠪ ᠤᠨ ᠲᠤᠬᠠᠶ ᠬᠠᠷᠢᠭᠤᠯᠪᠠ᠃ | ᠯᠢ ᠭᠦᠸᠧ ᠶᠢᠩ ᠢᠯᠡᠷᠬᠡᠶᠢᠯᠡᠬᠦ ᠳᠡᠭᠡᠨ᠂ 2023 ᠣᠨ ᠳᠤ᠂ ᠮᠠᠨ ᠤ ᠤᠯᠤᠰ ᠤᠨ ᠤᠰᠤᠨ | ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠪᠥᠬᠦ ᠲᠠᠯ᠎ᠠ ᠪᠠᠷ ᠲᠦᠷᠭᠡᠳᠴᠦ᠂ ᠪᠥᠬᠦ ᠵᠢᠯ ᠳᠤ ᠤᠰᠤᠨ | ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ 11996 ᠳ᠋ᠦᠩᠰᠢᠭᠤᠷ ᠲᠥᠭᠦᠷᠢᠭ | ᠪᠡᠶᠡᠯᠡᠭᠦᠯᠵᠦ᠂ 2022 ᠣᠨ ᠤ ᠬᠢ ᠠᠴᠠ 10.1% ᠪᠠᠷ ᠨᠡᠮᠡᠭᠳᠡᠵᠦ᠂ ᠲᠡᠦᠬᠡ ᠶᠢᠨ ᠬᠠᠮᠤᠭ ᠤᠨ ᠥᠨᠳᠥᠷ | ᠲᠡᠮᠳᠡᠭᠯᠡᠯ ᠢ ᠡᠭᠦᠳᠪᠡ᠃ | ᠲᠠᠨᠢᠯᠴᠠᠭᠤᠯᠤᠭᠰᠠᠨ ᠢᠶᠠᠷ᠂ 11996 ᠳ᠋ᠦᠩᠰᠢᠭᠤᠷ ᠳᠦᠭᠦᠷᠢᠭ ᠤᠨ ᠪᠡᠯᠡ ᠤᠷᠤᠭᠤᠯᠤᠯᠲᠠ ᠪᠤᠯ | 41014 ᠤᠰᠤᠨ ᠠᠰᠢᠬᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠭᠦᠯᠭᠦ ᠪᠠᠷ ᠲᠠᠮᠵᠢᠭᠤᠯᠤᠨ | ᠪᠡᠶᠡᠯᠡᠭᠦᠯᠦᠭᠰᠠᠨ ᠶᠤᠮ᠃ ᠡᠭᠦᠨ ᠳᠤ᠂ ᠦᠶᠡᠷ ᠢ ᠰᠡᠷᠭᠡᠶᠢᠯᠡᠬᠦ ᠢᠨᠵᠧᠨᠧᠷᠢᠩ 13083 ᠪᠠᠶᠢᠵᠤ᠂ 3282 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ ᠤᠰᠤ ᠬᠠᠩᠭᠠᠬᠤ ᠢᠨᠵᠧᠨᠧᠷᠢᠩ | 14749 ᠪᠠᠶᠢᠵᠤ᠂ 5013 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ | ᠤᠰᠤᠯᠠᠯᠲᠠ ᠶᠢᠨ ᠢᠨᠵᠧᠨᠧᠷᠢᠩ 5143 ᠪᠠᠶᠢᠵᠤ᠂ 1497 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠪᠡ︔ ᠤᠰᠤᠨ ᠤ ᠠᠮᠢ ᠠᠬᠤᠶ ᠶᠢ ᠬᠠᠮᠠᠭᠠᠯᠠᠬᠤ ᠪᠠ ᠵᠠᠰᠠᠬᠤ ᠢᠨᠵᠧᠨᠧᠷᠢᠩ 8039 | ᠪᠠᠶᠢᠵᠤ᠂ 2204 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | ᠯᠢ ᠭᠦᠸᠧ ᠶᠢᠩ ᠢᠯᠡᠷᠬᠡᠶᠢᠯᠡᠬᠦ ᠳᠡᠭᠡᠨ᠂ ᠡᠲᠡᠭᠡᠷ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠷᠥᠯ | ᠵᠦᠢᠯ ᠢ ᠬᠡᠷᠡᠭᠵᠢᠭᠦᠯᠦᠭᠰᠡᠨ ᠨᠢ ᠤᠰᠤ ᠭᠠᠩ ᠤᠨ ᠭᠠᠮᠰᠢᠭ ᠢ ᠰᠡᠷᠭᠡᠶᠢᠯᠡᠬᠦ ᠴᠢᠳᠠᠪᠤᠷᠢ᠂ ᠤᠰᠤᠨ ᠤ ᠡᠬᠢ ᠪᠠᠶᠠᠯᠢᠭ ᠢ | ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ | ᠳᠣᠭᠢᠷᠠᠭᠤᠯᠬᠤ ᠴᠢᠳᠠᠪᠤᠷᠢ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢ ᠬᠠᠮᠠᠭᠠᠯᠠᠨ ᠵᠠᠰᠠᠬᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ᠂ | ᠤᠰᠤ ᠬᠠᠩᠭᠠᠬᠤ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠶ ᠶᠢᠨ ᠠᠮᠤᠷ | ᠲᠦᠪᠰᠢᠨ ᠳᠤ ᠤᠯᠠᠮ ᠨᠢᠭᠡ ᠠᠯᠬᠤᠮ ᠬᠦᠴᠦᠲᠡᠶ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠪᠣᠯᠤᠨ᠎ᠠ᠃ | ᠤᠯᠤᠰ ᠤᠨ ᠤᠰᠤᠨ ᠠᠰᠢᠭᠯᠠᠯᠲᠠ ᠶᠢᠨ ᠲᠤᠤᠷ ᠢ ᠤᠳᠤᠬᠠᠨ ᠳᠤ ᠶᠠᠭ ᠲᠦᠷᠭᠡᠪᠴᠢᠯᠡᠨ ᠪᠠᠶᠢᠭᠤᠯᠵᠤ | ᠪᠠᠶᠢᠨ᠎ᠠ᠃ ᠤᠯᠤᠰ ᠤᠨ ᠤᠰᠤᠨ ᠠᠰᠢᠭᠯᠠᠯᠲᠠ ᠶᠢᠨ ᠲᠣᠣᠷ ᠢ ᠪᠦᠲᠦᠭᠡᠨ ᠪᠠᠶᠢᠭᠤᠯᠬᠤ ᠳᠤ ᠶᠠᠮᠠᠷ ᠶᠠᠮᠠᠷ | ᠲᠥᠯᠥᠪᠵᠢᠭᠦᠯᠭᠡ ᠲᠠᠢ ᠪᠠᠶᠢᠬᠤ᠂ ᠣᠳᠣᠬᠠᠨ ᠳᠤ ᠪᠣᠳᠠᠲᠠᠢ ᠠᠬᠢᠴᠠ ᠶᠠᠮᠠᠷ ᠵᠡᠷᠭᠡ ᠪᠠᠶᠢᠬᠤ ᠪᠤᠢ︖ | ᠯᠢ ᠭᠦᠸᠧ ᠶᠢᠩ ᠬᠡᠯᠡᠬᠦ ᠳᠡᠭᠡᠨ᠂ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ | ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠨᠢ ︽ᠬᠥᠲᠥᠯᠪᠦᠷᠢ᠂ ᠵᠣᠷᠢᠯᠭ᠎ᠠ᠂ ᠲᠡᠭᠦᠰᠬᠡᠯ︾ ᠭᠡᠬᠦ ᠭᠤᠷᠪᠠᠨ | ᠲᠠᠯ᠎ᠠ ᠪᠠᠷ ᠲᠥᠪᠯᠡᠷᠡᠩᠭᠦᠢ ᠢᠯᠡᠷᠡᠵᠦ ᠪᠠᠶᠢᠨ᠎ᠠ᠄ | ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ︽ᠬᠥᠲᠥᠯᠪᠦᠷᠢ︾ ᠶᠢ ᠪᠠᠶᠢᠭᠤᠯᠬᠤ᠃ ᠬᠥᠬᠡ ᠮᠥᠷᠡᠨ᠂ | ᠬᠤᠸᠠᠢ ᠾᠧ ᠭᠤᠣᠯ᠂ ᠬᠠᠲᠤᠨ ᠭᠤᠣᠯ᠂ ᠬᠠᠢ ᠾᠧ ᠭᠤᠣᠯ ᠵᠡᠷᠭᠡ ᠳᠥᠷᠪᠡᠨ ᠶᠡᠭᠡ ᠤᠰᠤᠨ ᠰᠢᠰᠲ᠋ᠧᠮ ᠢᠶᠠᠷ | ᠰᠠᠭᠤᠷᠢ ᠪᠣᠯᠭᠠᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠵᠡᠭᠦᠨ᠂ ᠳᠤᠮᠳᠠ᠂ ᠪᠠᠷᠠᠭᠤᠨ ᠱᠤᠭᠤᠮ ᠵᠡᠷᠭᠡ | ᠭᠤᠷᠪᠠᠨ ᠤᠰᠤ ᠲᠠᠲᠠᠬᠤ ᠱᠤᠭᠤᠮ ᠢᠶᠠᠷ ᠭᠤᠣᠯ ᠪᠣᠯᠭᠠᠵᠤ᠂ ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ | ᠭᠤᠣᠯ ᠨᠢᠷᠤᠭᠤ ᠪᠠ ᠲᠤᠮᠤ ᠯᠤᠭᠰᠢᠭᠤᠨ ᠰᠤᠳᠠᠯ ᠢ ᠲᠦᠷᠭᠡᠪᠴᠢᠯᠡᠨ ᠪᠠᠶᠢᠭᠤᠯᠤᠨ᠎ᠠ᠃ | ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ︽ᠵᠣᠷᠢᠯᠭ᠎ᠠ︾ ᠶᠢ ᠨᠢᠭᠲᠠ ᠰᠦᠯᠵᠢᠬᠦ᠃ | ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠪᠠᠶᠢᠭᠠᠯᠢ ᠶᠢᠨ ᠭᠤᠤᠯ ᠤᠨ ᠰᠢᠰᠲ᠋ᠧᠮ ᠢᠶᠠᠷ ᠰᠠᠭᠤᠷᠢ ᠪᠣᠯᠭᠠᠵᠤ᠂ | ᠲᠠᠲᠠᠬᠤ᠂ ᠳᠠᠮᠵᠢᠭᠤᠯᠬᠤ᠂ ᠭᠠᠳᠠᠭᠰᠢᠯᠠᠭᠤᠯᠬᠤ ᠢᠨᠵᠧᠨᠧᠷᠢᠩ ᠢᠶᠠᠷ ᠨᠡᠪᠲᠡᠷᠡᠬᠦ ᠵᠠᠮ ᠪᠣᠯᠭᠠᠵᠤ᠂ ᠬᠥᠨᠳᠡᠯᠡᠨ ᠭᠤᠯᠳᠤ | ᠰᠦᠯᠵᠢᠯᠳᠦᠭᠰᠡᠨ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ ᠤᠰᠤᠨ ᠤ ᠤᠷᠤᠰᠬᠠᠯ ᠤᠨ ᠲᠣᠤᠷ ᠢ | ᠪᠣᠶ ᠪᠣᠯᠭᠠᠨ᠎ᠠ︔ | ᠤᠯᠤᠰ ᠤᠨ ᠤᠰᠤᠨ ᠠᠰᠢᠭᠯᠠᠯᠲᠠ ᠶᠢᠨ ᠲᠣᠤᠷ ᠤᠨ ︽ᠲᠡᠭᠦᠰᠬᠡᠯ︾ ᠢ ᠪᠠᠲᠤ ᠲᠠᠯᠪᠢᠬᠤ᠃ | ᠪᠠᠶᠢᠭᠠᠯᠢ ᠶᠢᠨ ᠭᠤᠤᠯ ᠮᠥᠷᠡᠨ ᠪᠠ ᠭᠤᠤᠯᠳᠠᠯᠭ᠎ᠠ ᠲᠠᠢ ᠤᠰᠤ ᠲᠠᠲᠠᠬᠤ ᠢᠨᠵᠧᠨᠧᠷᠢᠩ ᠤᠨ ᠵᠠᠯᠭᠠᠯᠲᠠ ᠶᠢᠨ | ᠭᠠᠵᠠᠷ ᠲᠤ᠂ ᠬᠢᠵᠠᠭᠠᠷᠯᠠᠬᠤ ᠴᠢᠨᠠᠷᠲᠠᠶ ᠲᠣᠬᠢᠷᠠᠭᠤᠯᠤᠨ ᠬᠠᠳᠠᠭᠠᠯᠠᠬᠤ ᠢᠨᠵᠧᠨᠧᠷᠢᠩ ᠪᠠ ᠭᠤᠤᠯᠳᠠᠯᠭ᠎ᠠ ᠲᠠᠢ | ᠤᠰᠤᠨ ᠤ ᠰᠤᠷᠪᠤᠯᠵᠢ ᠶᠢᠨ ᠢᠨᠵᠧᠨᠧᠷᠢᠩ ᠢ ᠪᠠᠶᠢᠭᠤᠯᠵᠤ᠂ ᠡᠭᠦᠨ ᠢᠶᠠᠷ ᠤᠯᠤᠰ ᠤᠨ ᠤᠰᠤᠨ ᠠᠰᠢᠭᠯᠠᠯᠲᠠ ᠶᠢᠨ | ᠲᠣᠤᠷ ᠤᠨ ᠤᠰᠤᠨ ᠤ ᠡᠬᠢ ᠰᠤᠷᠪᠤᠯᠵᠢ ᠶᠢ ᠲᠣᠬᠢᠷᠠᠭᠤᠯᠤᠨ ᠡᠵᠡᠮᠳᠡᠬᠦ ᠴᠢᠳᠠᠪᠤᠷᠢ ᠪᠠ ᠤᠰᠤᠨ ᠤ ᠡᠬᠢ | ᠰᠤᠷᠪᠤᠯᠵᠢ ᠶᠢ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠪᠣᠯ ︽ | ᠰᠢᠰᠲ᠋ᠧᠮ ᠪᠦᠷᠢᠨ ᠲᠡᠭᠦᠯᠳᠡᠷ᠂ ᠠᠮᠤᠷ ᠲᠦᠪᠰᠢᠨ ᠨᠠᠶᠢᠳᠠᠪᠤᠷᠢᠲᠠᠢ᠂ ᠡᠷᠴᠢᠮᠯᠢᠭ ᠥᠨᠳᠥᠷ ᠪᠦᠲᠦᠮᠵᠢᠲᠡᠢ᠂ | ᠪᠣᠬᠢᠷᠲᠤᠯ ᠦᠭᠡᠢ ᠤᠶᠤᠨᠴᠢ᠂ ᠣᠷᠴᠢᠯ ᠰᠠᠭᠠᠳ ᠦᠭᠡᠢ ᠨᠡᠪᠲᠡᠷᠡᠬᠦ᠂ ᠲᠣᠬᠢᠷᠠᠭᠤᠯᠤᠯ ᠡᠵᠡᠮᠳᠡᠯ ᠡᠮᠬᠢ | ᠵᠠᠮᠪᠠᠷᠠᠭ᠎ᠠ ᠲᠠᠢ︾᠃ ︽ᠤᠯᠤᠰ ᠤᠨ ᠤᠰᠤᠨ ᠠᠰᠢᠭᠯᠠᠯᠲᠠ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠲᠣᠪᠴᠢ︾ ᠶᠢ ᠦᠨᠳᠦᠰᠦᠯᠡᠨ 2035 ᠣᠨ ᠪᠣᠯᠬᠤ ᠳᠤ ᠤᠯᠤᠰ ᠤᠨ ᠤᠰᠤᠨ | ᠠᠰᠢᠭᠯᠠᠯᠲᠠ ᠶᠢᠨ ᠲᠣᠣᠷ ᠤᠨ ᠶᠡᠷᠦᠩᠬᠡᠢ ᠪᠠᠶᠢᠷᠢᠰᠢᠯ ᠢ ᠦᠨᠳᠦᠰᠦᠨ ᠳᠡᠭᠡᠨ ᠪᠣᠢ ᠪᠣᠯᠭᠠᠵᠤ᠂ ᠤᠯᠤᠰ ᠤᠨ ᠤᠰᠤᠨ | ᠠᠰᠢᠭᠯᠠᠯᠲᠠ ᠶᠢᠨ ᠲᠣᠣᠷ ᠤᠨ ᠭᠤᠣᠯ ᠲᠥᠪ ᠪᠣᠯᠣᠨ ᠲᠣᠮᠣ ᠯᠤᠭᠰᠢᠭᠤᠨ ᠰᠤᠳᠠᠯ ᠢ ᠠᠯᠬᠤᠮ ᠠᠯᠬᠤᠮ ᠢᠶᠠᠷ | ᠪᠠᠶᠢᠭᠤᠯᠵᠤ᠂ ᠮᠤᠵᠢ ᠬᠤᠲᠠ ᠰᠢᠶᠠᠨ ᠤ ᠤᠰᠤᠨ ᠠᠰᠢᠭᠯᠠᠯᠲᠠ ᠶᠢᠨ ᠲᠣᠣᠷ ᠢ ᠦᠨᠳᠦᠰᠦᠨ ᠳᠡᠭᠡᠨ | ᠲᠡᠭᠦᠯᠳᠡᠷᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠯᠦᠭᠡ | ᠲᠣᠬᠢᠷᠠᠯᠴᠠᠭᠰᠠᠨ ᠤᠯᠤᠰ ᠤᠨ ᠤᠰᠤᠨ ᠤ ᠠᠶᠤᠯᠭᠦᠢ ᠶᠢᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ | ︽ᠣᠳᠣᠬᠠᠨ ᠳᠤ᠂ ᠤᠰᠤᠨ ᠠᠰᠢᠭᠯᠠᠯᠲᠠ ᠶᠢᠨ ᠶᠠᠮᠤᠨ ᠨᠢᠭᠡᠨᠲᠡ ︿ᠤᠯᠤᠰ ᠤᠨ ᠤᠰᠤᠨ ᠠᠰᠢᠭᠯᠠᠯᠲᠠ ᠶᠢᠨ | ᠲᠣᠤᠷ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠬᠥᠲᠥᠯᠪᠦᠷᠢ﹀ ᠳᠤ ᠪᠠᠶᠢᠷᠢᠯᠠᠭᠤᠯᠤᠭᠰᠠᠨ | ᠭᠤᠤᠯᠳᠠᠯᠭ᠎ᠠ ᠲᠠᠢ ᠡᠭᠦᠷᠭᠡ ᠶᠢ ᠪᠥᠬᠦ ᠲᠠᠯ᠎ᠠ ᠪᠠᠷ ᠵᠠᠳᠠᠯᠤᠨ ᠨᠠᠷᠢᠯᠢᠬᠵᠢᠭᠤᠯᠵᠤ᠂ ᠢᠨᠵᠧᠨᠧᠷᠢᠩ ᠤᠨ ᠪᠣᠳᠠᠲᠠᠶ | ᠲᠥᠷᠥᠯ ᠵᠦᠢᠯ ᠳᠤ ᠵᠦᠢᠯ ᠳᠠᠷᠠᠭᠠᠯᠠᠨ ᠨᠠᠶᠢᠳᠠᠪᠤᠷᠢᠵᠢᠭᠤᠯᠵᠤ᠂ ᠣᠨ ᠤ ᠠᠬᠢᠭᠤᠯᠬᠤ ᠲᠥᠯᠥᠪᠯᠡᠭᠡ ᠳᠤ ᠵᠦᠢᠯ | ᠳᠠᠷᠠᠭᠠᠯᠠᠨ ᠨᠠᠶᠢᠳᠠᠪᠤᠷᠢᠵᠢᠭᠤᠯᠬᠤ ᠶᠢᠨ ᠬᠠᠮᠲᠤ ᠢᠨᠵᠧᠨᠧᠷᠢᠩ ᠤᠨ ᠲᠥᠷᠥᠯ ᠵᠦᠢᠯ ᠢ ᠵᠣᠬᠢᠴᠠᠭᠤᠯᠤᠨ ᠠᠬᠢᠭᠤᠯᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ︾᠃ ᠯᠢ ᠭᠦᠸᠧ ᠶᠢᠩ ᠬᠡᠯᠡᠬᠦ ᠳᠡᠭᠡᠨ᠂ ᠤᠰᠤᠨ ᠠᠰᠢᠭᠯᠠᠯᠲᠠ ᠶᠢᠨ | ᠶᠠᠮᠤᠨ ᠢᠨᠵᠧᠨᠧᠷᠢᠩ ᠤᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠠᠤᠯᠢ ᠲᠣᠭᠲᠠᠭᠠᠯ ᠶᠣᠰᠣᠭᠠᠷ᠂ ᠰᠢᠨᠵᠢᠯᠡᠬᠦ | ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠤᠯᠤᠰ ᠤᠨ ᠤᠰᠤᠨ ᠠᠰᠢᠭᠯᠠᠯᠲᠠ ᠶᠢᠨ | ᠲᠣᠣᠷ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ | ᠦᠨᠡᠨ ᠬᠦ ᠪᠠᠲᠤᠯᠠᠨ᠎ᠠ᠃ | |