ᠤᠰᠤᠨ ᠤ ᠡᠬᠢ ᠪᠠᠶᠠᠯᠢᠭ ᠨᠢ ᠪᠥᠬᠦ ᠤᠯᠤᠰ ᠤᠨ 2%᠎ ᠢ ᠯᠡ ᠡᠵᠡᠯᠡᠨ᠎ᠡ  ᠥᠪᠥᠷ ᠮᠣᠩᠭᠤᠯ ᠳᠤᠰᠤᠯ ᠤᠰᠤ ᠶᠢ ᠬᠡᠷᠬᠢᠨ ᠴᠢᠨᠠᠷ ᠰᠠᠶᠢᠲᠠᠶ ᠬᠡᠷᠡᠭᠯᠡᠬᠦ  ᠶᠢ ᠦᠵᠡᠶ᠎ᠡ —   ︽ᠲᠠᠪᠤᠨ ᠶᠡᠭᠡ ᠡᠭᠦᠷᠭᠡ︾᠎ ᠶᠢ ᠲᠦᠷᠭᠡᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/3/15
  ᠤᠰᠤᠨ ᠤ ᠡᠬᠢ ᠪᠠᠶᠠᠯᠢᠭ ᠨᠢ ᠪᠦᠬᠦ ᠤᠯᠤᠰ ᠤᠨ 2% ᠎ ᠢ ᠯᠡ ᠡᠵᠡᠯᠡᠨ᠎ᠡ ᠭᠡᠳᠡᠭ ᠨᠢ ᠶᠠᠮᠠᠷ ᠤᠬᠠᠭᠳᠠᠬᠤᠨ ᠪᠤᠢ︖  ᠰᠤᠩᠭᠠᠷᠢ ᠮᠦᠷᠡᠨ ᠤ ᠰᠠᠪᠠ ᠭᠠᠵᠠᠷ ᠠᠴᠠ ᠭᠠᠳᠠᠨ᠎ᠠ᠂ ᠥᠪᠥᠷ ᠮᠣᠩᠭᠤᠯ ᠤᠨ ᠬᠥᠮᠦᠨ ᠳᠤᠮᠳᠠᠴᠢ ᠶᠢᠨ ᠤᠰᠤᠨ ᠤ ᠡᠬᠢ ᠪᠠᠶᠠᠯᠢᠭ ᠤᠨ ᠬᠡᠮᠵᠢᠶ᠎ᠡ ᠨᠢ ᠪᠦᠬᠦ ᠤᠯᠤᠰ ᠤᠨ ᠬᠦᠮᠦᠨ ᠳᠤᠮᠳᠠᠴᠢ ᠶᠢᠨ ᠬᠢᠷᠢ ᠲᠦᠪᠰᠢᠨ ᠤ 2 / 5᠎  ᠯᠡ ᠪᠠᠶᠢᠬᠤ ᠨᠢ ᠶᠠᠭᠤ ᠶᠢ ᠬᠠᠷᠠᠭᠤᠯᠵᠤ ᠪᠠᠶᠢᠬᠤ ᠪᠣᠢ︖  2% ᠬᠦᠷᠬᠦ ᠦᠭᠡᠢ᠂ ᠵᠦᠪᠬᠡᠨ 2/5᠂ ᠪᠦᠷ ᠵᠥᠪᠬᠡᠨ ᠨᠢᠭᠡ ᠪᠣᠳᠠᠲᠤ ᠬᠡᠷᠡᠭ ᠢ ᠲᠣᠳᠣᠷᠬᠠᠶᠢᠯᠠᠨ ᠥᠭᠦᠯᠡᠵᠦ ᠪᠠᠶᠢᠨ᠎ᠠ᠄ ᠥᠪᠥᠷ ᠮᠣᠩᠭᠤᠯ ᠪᠣᠯ ᠬᠦᠨᠳᠦ ᠨᠣᠴᠢᠲᠠᠢ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠪᠣᠯᠤᠨ᠎ᠠ᠃  ᠥᠪᠥᠷ ᠮᠣᠩᠭᠤᠯ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠬᠤ ᠪᠥᠭᠡᠳ ᠴᠠᠭ ᠣᠷᠣᠨ ᠵᠠᠢ ᠶᠢᠨ ᠲᠠᠷᠬᠠᠯᠲᠠ ᠵᠢᠭᠳᠡ ᠪᠤᠰᠤ ᠪᠠᠶᠢᠵᠤ᠂ ᠤᠰᠤᠨ ᠤ ᠡᠬᠢ ᠪᠠᠶᠠᠯᠢᠭ ᠨᠢ ᠵᠥᠪᠬᠡᠨ ᠪᠦᠬᠦ ᠤᠯᠤᠰ ᠤᠨ ᠶᠡᠷᠦᠩᠬᠡᠢ ᠬᠡᠮᠵᠢᠶᠡᠨ ᠤ 1.92%᠎ ᠢ ᠡᠵᠡᠯᠡᠵᠦ᠂ ᠠᠭᠤᠷ ᠠᠮᠢᠰᠭᠤᠯ ᠭᠠᠩ ᠬᠠᠭᠤᠷᠠᠢ᠂ ᠤᠰᠤᠨ ᠤ ᠡᠬᠢ ᠪᠠᠶᠠᠯᠢᠭ ᠬᠦᠨᠳᠦ ᠨᠣᠴᠢᠲᠠᠢ ᠳᠤᠲᠠᠭᠳᠠᠵᠤ ᠪᠠᠶᠢᠭ᠎ᠠ ᠡᠨᠧᠷᠭᠢ ᠶᠢᠨ ᠲᠣᠮᠣ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ︽ᠤᠮᠳᠠᠭᠠᠰᠬᠤᠯᠠᠩ︾ ᠪᠠᠶᠢᠵᠠᠢ᠃  ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠬᠡᠷᠡᠭᠲᠡᠶ᠃ 2014 ᠣᠨ ᠤ 3 ᠳ᠋ᠤᠭᠠᠷ ᠰᠠᠷ᠎ᠠ ᠶᠢᠨ 14᠎ ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷ᠎ᠡ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠲᠤᠬᠠᠢ ᠴᠢᠬᠤᠯᠠ ᠶᠠᠷᠢᠶ᠎ᠠ ᠲᠠᠯᠪᠢᠵᠤ᠂ ᠤᠰᠤ ᠠᠷᠪᠢᠯᠠᠬᠤ ᠠᠵᠢᠯ ᠢ ᠴᠢᠬᠤᠯᠠ ᠪᠠᠶᠢᠷᠢᠨ ᠳᠤ ᠲᠠᠯᠪᠢᠪᠠ᠃  2024 ᠣᠨ ᠤ 3 ᠳ᠋ᠤᠭᠠᠷ ᠰᠠᠷ᠎ᠠ ᠶᠢᠨ 14᠎ ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠤᠨ ︽3 · 14︾᠎ ᠤ ᠶᠠᠷᠢᠶᠠᠨ ᠤ 10 ᠵᠢᠯ ᠤᠨ ᠤᠢ ᠶᠢᠨ ᠲᠠᠰᠢᠷᠠᠮ ᠲᠠᠢ ᠲᠠᠭᠠᠷᠠᠪᠠ᠃ ᠠᠷᠪᠠᠨ ᠵᠢᠯ ᠤᠨ ᠲᠤᠷᠰᠢ᠂ ᠥᠪᠥᠷ ᠮᠣᠩᠭᠤᠯ ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠵᠤ᠂ ᠰᠢᠰᠲ᠋ᠧᠮ ᠲᠠᠢ ᠵᠠᠰᠠᠵᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠮᠵᠢ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠬᠤᠪᠢᠶᠠᠷᠢᠯᠠᠬᠤ ᠪᠠ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠣᠭᠲᠠᠭᠠᠵᠤ᠂ ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ᠂ ᠪᠥᠬᠦ ᠲᠠᠯ᠎ᠠ ᠪᠠᠷ ᠠᠷᠪᠢᠯᠠᠬᠤ᠂ ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ᠳᠤᠰᠤᠯ ᠤᠰᠤ ᠨᠢᠭᠡᠪᠦᠷᠢ ᠶᠢ ᠰᠠᠶᠢᠲᠤᠷ ᠬᠠᠮᠢᠶᠠᠷᠴᠤ ᠪᠠᠶᠢᠨ᠎ᠠ᠃
推动高质量发展1.png
    ᠴᠠᠭ ᠤᠨ ᠵᠡᠭᠦᠦ ᠶᠢᠨ ᠮᠠᠶ᠋ᠢᠭ ᠤᠨ ᠰᠦᠷᠴᠢᠨ ᠤᠰᠤᠯᠠᠬᠤ  ᠤᠰᠤ ᠠᠷᠪᠢᠯᠠᠬᠤ — ᠤᠰᠤ ᠶᠢ ᠰᠠᠶᠢᠲᠤᠷ ᠬᠢᠵᠠᠭᠠᠷᠯᠠᠵᠤ᠂ ᠤᠰᠤᠨ ᠤ ᠡᠬᠢ ᠪᠠᠶᠠᠯᠢᠭ ᠤᠨ ︽ᠬᠥᠭᠵᠢᠯᠲᠡ ᠶᠢᠨ ᠣᠷᠣᠨ ᠵᠠᠢ︾᠎ ᠶᠢ ᠰᠢᠬᠠᠵᠤ ᠭᠠᠷᠭᠠᠪᠠ  3 ᠳ᠋ᠤᠭᠠᠷ ᠰᠠᠷ᠎ᠠ ᠶᠢᠨ 1᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢ ᠪᠥᠬᠦ ᠲᠠᠯ᠎ᠠ ᠪᠠᠷ ᠪᠠᠶᠢᠭᠤᠯᠬᠤ ᠠᠵᠢᠯᠯᠠᠭᠠᠨ ᠤ ᠲᠥᠰᠦᠯ︾᠎ ᠢ ᠳᠠᠷᠤᠮᠠᠯᠯᠠᠨ ᠲᠠᠷᠬᠠᠭᠠᠵᠤ᠂ 11 ᠵᠤᠷᠪᠤᠰ ᠪᠣᠳᠠᠲᠠᠶ ᠠᠷᠭ᠎ᠠ ᠬᠡᠮᠵᠢᠶ᠎ᠡ ᠶᠢ ᠨᠡᠶᠢᠲᠡᠯᠡᠵᠦ᠂ ᠤᠰᠤ ᠠᠷᠪᠢᠯᠠᠬᠤ ᠬᠡᠯᠪᠡᠷᠢ ᠶᠢᠨ ᠶᠡᠭᠡ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠳᠤᠮᠳᠠᠬᠢ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠪᠠ᠃  ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠨᠢ ᠬᠤᠭᠤᠯᠠᠢ ᠶᠢᠨ ᠲᠣᠣᠷ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠰᠤ ᠠᠷᠪᠢᠯᠠᠬᠤ ᠪᠠᠭᠠᠵᠢ ᠬᠡᠷᠡᠭᠰᠡᠯ ᠢ ᠲᠦᠭᠡᠮᠡᠯᠵᠢᠭᠦᠯᠬᠦ ᠪᠠᠨ ᠴᠢᠩᠭᠠᠳᠭᠠᠨ᠂ ᠪᠣᠷᠣᠭᠠᠨ ᠤ ᠤᠰᠤ ᠶᠢ ᠴᠤᠭᠯᠠᠭᠤᠯᠬᠤ ᠰᠢᠰᠲ᠋ᠧᠮ᠂ ᠬᠤᠲᠠ ᠶᠢᠨ ᠶᠠᠪᠤᠳᠠᠯ ᠤᠨ ᠳᠤᠮᠳᠠᠬᠢ ᠤᠰᠤ ᠶᠢ ᠠᠰᠢᠭᠯᠠᠬᠤ ᠢᠨᠵᠧᠨᠧᠷᠢᠩ ᠢ ᠪᠦᠲᠦᠭᠡᠨ ᠪᠠᠶᠢᠭᠤᠯᠵᠤ᠂ ᠡᠩ ᠤᠨ ᠪᠤᠰᠤ ᠤᠰᠤᠨ ᠤ ᠡᠬᠢ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃  ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ ᠠᠰᠢᠭᠯᠠ᠂ ᠤᠰᠤ ᠬᠡᠷᠡᠭᠯᠡᠬᠦ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤ ᠠᠷᠪᠢᠯᠠᠬᠤ ᠠᠵᠢᠯ ᠨᠢ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠯᠠᠨ ᠵᠦᠢᠯ ᠤᠨ ᠢᠷᠠᠭᠤ ᠠᠯᠳᠠᠷ ᠢ ᠭᠥᠷᠳᠡᠵᠦ᠂ ᠨᠢᠭᠡᠳᠦᠭᠡᠷ ᠪᠦᠯᠦᠭ ᠤᠨ ᠤᠯᠤᠰ ᠤᠨ ᠲᠠᠰ ᠤᠨ ᠠᠷᠪᠢᠯᠠᠨ ᠭᠠᠮᠨᠠᠬᠤ ᠬᠡᠯᠪᠡᠷᠢ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠨᠢᠭᠡᠴᠢ᠂ ᠨᠢᠭᠡᠳᠦᠭᠡᠷ ᠪᠦᠯᠦᠭ ᠤᠨ ᠤᠯᠤᠰ ᠤᠨ ᠲᠠᠰ ᠤᠨ ᠡᠨᠧᠷᠭᠢ ᠶᠢᠨ ᠠᠰᠢᠭᠯᠠᠮᠵᠢ ᠶᠢᠨ ᠳᠠᠭᠠᠭᠤᠯᠤᠭᠴᠢ ᠶᠢᠨ ᠵᠢᠱᠢᠶ᠎ᠡ ᠦᠵᠡᠭᠦᠯᠵᠦ ᠰᠢᠯᠭᠠᠨ ᠠᠪᠬᠤ ᠨᠢᠭᠡᠴᠢ᠂ ︽ᠰᠤᠷᠭᠠᠭᠤᠯᠢ ᠶᠢᠨ ᠤᠰᠤ ᠠᠷᠪᠢᠯᠠᠬᠤ᠂ ᠤᠰᠤ ᠬᠠᠩᠭᠠᠬᠤ ᠠᠮᠤᠷ ᠲᠦᠪᠰᠢᠨ᠂ ᠣᠶᠤᠨᠴᠢ ᠬᠠᠮᠢᠶᠠᠷᠤᠯᠲᠠ︾᠎ ᠶᠢᠨ ᠥᠯᠢᠭᠡᠷ ᠳᠠᠭᠤᠷᠢᠶᠠᠯ ᠦᠵᠡᠭᠦᠯᠬᠦ ᠰᠤᠷᠭᠠᠭᠤᠯᠢ ᠪᠣᠯᠤᠨ᠎ᠠ᠃  ᠣᠳᠣᠬᠠᠨ ᠳᠤ᠂ ᠥᠪᠥᠷ ᠮᠣᠩᠭᠤᠯ ᠤᠰᠤ ᠠᠷᠪᠢᠯᠠᠬᠤ ᠬᠡᠯᠪᠡᠷᠢ ᠶᠢᠨ ᠳᠡᠭᠡᠳᠦ ᠰᠤᠷᠭᠠᠭᠤᠯᠢ ᠶᠢ ᠨᠡᠶᠢᠲᠡ 38 ᠪᠠᠶᠢᠭᠤᠯᠵᠤ᠂ ᠪᠠᠶᠢᠭᠤᠯᠤᠭᠰᠠᠨ ᠨᠣᠷᠮ᠎ᠠ ᠨᠢ 71.7%᠎ ᠳᠤ ᠬᠦᠷᠴᠡᠶ᠃    
推动高质量发展2.png
    ᠰᠦᠷᠴᠢᠨ ᠤᠰᠤᠯᠠᠬᠤ ᠲᠦᠬᠦᠭᠡᠷᠦᠮᠵᠢ ᠶᠢ ᠲᠤᠷᠰᠢᠨ ᠬᠡᠷᠡᠭᠯᠡᠬᠦ  ᠣᠶᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠵᠤ᠂ ᠰᠢᠰᠲ᠋ᠧᠮ ᠲᠠᠢ ᠵᠠᠰᠠᠵᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠬᠤ ᠰᠡᠳᠬᠢᠮᠵᠢ ᠶᠢᠨ ᠵᠢᠯᠣᠭᠤᠳᠣᠯᠭ᠎ᠠ ᠳᠣᠤᠷ᠎ᠠ᠂ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠪᠠ᠃ ᠣᠷᠣᠨ ᠪᠦᠰᠡ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠶᠢ ᠴᠢᠩᠳᠠᠯᠠᠨ᠂ ᠤᠰᠤ ᠬᠡᠷᠡᠭᠯᠡᠬᠦ ᠦᠷ᠎ᠡ ᠪᠦᠲᠦᠮᠵᠢ ᠶᠢ ᠵᠥᠪᠰᠢᠶᠡᠷᠡᠨ ᠣᠷᠣᠭᠤᠯᠬᠤ ᠨᠥᠬᠦᠴᠡᠯ ᠢ ᠴᠢᠩᠭᠠᠷᠠᠭᠤᠯᠵᠤ᠂ ᠪᠦᠬᠦ ᠣᠷᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠬᠦ ᠲᠤᠭ᠎ᠠ ᠶᠢ ᠱᠠᠲᠤ ᠳᠠᠷᠠᠭᠠᠯᠠᠨ ᠠᠶᠢᠮᠠᠭ ᠬᠤᠲᠠ᠂ ᠬᠤᠰᠢᠭᠤ ᠰᠢᠶᠠᠨ ᠳᠤ ᠬᠦᠷᠲᠡᠯ᠎ᠡ ᠨᠠᠷᠢᠯᠢᠭᠵᠢᠭᠤᠯᠤᠨ ᠵᠠᠳᠠᠯᠵᠤ᠂ ᠭᠠᠵᠠᠷ ᠳᠣᠤᠷᠠᠬᠢ ᠤᠰᠤ ᠶᠢ 371 ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠨᠢᠭᠡᠴᠢ ᠳᠤ ᠬᠦᠷᠲᠡᠯ᠎ᠡ ᠤᠯᠠᠮ ᠨᠢᠭᠡ ᠠᠯᠬᠤᠮ ᠨᠠᠷᠢᠯᠢᠭᠵᠢᠭᠤᠯᠤᠨ ᠵᠠᠳᠠᠯᠵᠤ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ︽ᠳᠡᠭᠡᠳᠦ ᠬᠢᠵᠠᠭᠠᠷ︾᠎ ᠢ ᠲᠣᠭᠲᠠᠭᠠᠪᠠ᠃  — ᠬᠤᠭᠤᠯᠠᠶ ᠶᠢᠨ ᠲᠣᠣᠷ ᠤᠨ ᠬᠠᠮᠤᠷᠬᠤ ᠬᠡᠪᠴᠢᠶᠡᠨ ᠳᠤ ᠵᠢᠯ ᠤᠨ ᠬᠡᠷᠡᠭᠯᠡᠬᠦ ᠤᠰᠤᠨ ᠤ ᠬᠡᠮᠵᠢᠶ᠎ᠡ 5000 ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠪᠠᠶᠢᠬᠤ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠤᠰᠤ ᠬᠡᠷᠡᠭᠯᠡᠬᠦ ᠡᠷᠦᠬᠡ ᠶᠢ ᠪᠦᠬᠦᠨ ᠢ ᠲᠥᠯᠥᠪᠯᠡᠭᠡᠲᠦ ᠤᠰᠤ ᠬᠡᠷᠡᠭᠯᠡᠬᠦ ᠬᠠᠮᠢᠶᠠᠷᠤᠯᠲᠠ ᠳᠤ ᠣᠷᠣᠭᠤᠯᠤᠨ᠎ᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠠ ᠠᠮᠢᠳᠤᠷᠠᠯ ᠤᠨ ᠬᠡᠷᠡᠭᠯᠡᠬᠦ ᠤᠰᠤᠨ ᠤ ᠬᠡᠮᠵᠢᠯᠲᠡ ᠶᠢᠨ ᠨᠡᠶᠢᠳᠡᠮ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠤᠨ ︽ᠴᠠᠬᠢᠯᠭᠠᠨ ᠢᠶᠠᠷ ᠤᠰᠤ ᠶᠢ ᠨᠤᠭᠤᠯᠬᠤ︾ ᠲᠠᠪᠴᠠᠩ ᠢ ᠪᠠᠶᠢᠭᠤᠯᠵᠤ᠂ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠬᠡᠮᠵᠢᠯᠲᠡ ᠶᠢᠨ ᠰᠦᠯᠵᠢᠶᠡᠨ ᠳᠡᠭᠡᠷ᠎ᠡ ᠬᠢᠨᠠᠨ ᠬᠡᠮᠵᠢᠬᠦ ᠶᠢ ᠪᠡᠶᠡᠯᠡᠭᠦᠯᠦᠨ᠎ᠡ᠃  — ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ᠂ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ ᠢ ᠨᠡᠶᠢᠲᠡᠯᠡᠵᠦ᠂ ︽ᠤᠰᠤᠨ ᠤ ᠡᠬᠢ ᠪᠠᠶᠠᠯᠢᠭ ᠤᠨ ᠬᠠᠮᠤᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠵᠢᠭᠦᠯᠬᠦ ᠰᠠᠨᠠᠯ︾᠂ ︽ᠲᠠᠷᠢᠶᠠᠯᠠᠩ ᠤᠨ ᠤᠰᠤ ᠠᠷᠪᠢᠯᠠᠬᠤ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠠᠮᠢᠶᠠᠷᠤᠯᠲᠠ ᠶᠢ ᠠᠬᠢᠭᠤᠯᠬᠤ ᠳᠤ ᠲᠦᠷᠢᠮ ᠤᠨ ᠪᠠᠲᠤᠯᠠᠭ᠎ᠠ ᠬᠠᠩᠭᠠᠪᠠ᠃  — ︽ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠲᠤᠰᠬᠠᠶ ᠳᠤᠭᠤᠶᠢᠯᠠᠩ︾᠎ ᠢ ᠪᠠᠶᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠬᠤ ᠶᠡᠷᠦᠩᠬᠡᠶ ᠲᠥᠰᠦᠯ︾ ᠵᠡᠷᠭᠡ ᠲᠥᠰᠦᠯ ᠢ ᠨᠡᠶᠢᠲᠡᠯᠡᠵᠦ᠂ ᠪᠦᠬᠦ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠶᠡᠷᠦᠩᠬᠡᠶ ᠬᠠᠷᠠᠯᠲᠠ ᠪᠠ ᠪᠣᠳᠠᠲᠠᠶ ᠠᠬᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠡᠯ᠎ᠡ ᠠᠶᠢᠮᠠᠭ ᠬᠤᠲᠠ ᠶᠢᠨ ᠭᠤᠤᠯᠳᠠᠯᠭ᠎ᠠ ᠲᠠᠢ ᠡᠭᠦᠷᠭᠡ ᠶᠢ ᠨᠠᠷᠢᠯᠢᠭᠵᠢᠭᠤᠯᠤᠨ᠎ᠠ᠃  — ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠤᠰᠤ ᠶᠢ ᠭᠦᠨ ᠠᠷᠪᠢᠯᠠᠬᠤ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠲᠦᠷᠭᠡᠳᠬᠡᠨ ᠠᠬᠢᠭᠤᠯᠤᠨ᠎ᠠ᠃
推动高质量发展3.png
    ᠬᠡᠰᠢᠭᠲᠡᠨ ᠬᠤᠰᠢᠭᠤᠨ ᠤ ᠬᠢᠵᠠᠭᠠᠷ ᠲᠠᠬᠢ ᠰᠢᠷᠠᠮᠦ᠋ᠷᠡᠨ ᠭᠤᠣ᠋‍ᠯ  ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ᠂ ᠥᠪᠥᠷ ᠮᠣᠩᠭᠤᠯ ᠶᠡᠭᠡ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠪᠦᠬᠦ ᠣᠷᠣᠨ ᠤ 20 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠣᠭᠤᠯᠵᠤ᠂ 19.83 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠨᠲᠡ ᠪᠠᠭᠤᠯᠭᠠᠵᠤ᠂ 13 ᠤᠰᠤᠯᠠᠯᠲᠠ ᠶᠢᠨ ᠣᠷᠣᠨ ᠤ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ︔ ᠪᠦᠬᠦ ᠣᠷᠣᠨ ᠳᠤ ᠨᠢᠭᠡᠨᠲᠡ 4594 ᠲᠦᠮᠡᠨ ᠮᠦ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠢ ᠶᠢ ᠬᠡᠷᠡᠭᠵᠢᠭᠦᠯᠪᠡ︔ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠬᠡᠮᠵᠢᠶ᠎ᠡ ᠡᠩ ᠤᠨ ᠵᠢᠯ ᠤᠨ ᠬᠢ ᠠᠴᠠ 45%᠎ ᠪᠠᠷ ᠪᠠᠭᠠᠰᠪᠠ᠃  ︽ᠬᠥᠳᠡᠭᠡ ᠲᠤᠰᠬᠤᠨ ᠤ ᠤᠰᠤ ᠬᠡᠷᠡᠭᠯᠡᠬᠦ ᠨᠢ ᠤᠤᠯ ᠎ ᠳᠠᠭᠠᠨ ︿ᠡᠷᠭᠢᠭᠦᠦ ᠳᠠᠩᠰᠠ﹀ ᠪᠠᠶᠢᠵᠠᠢ᠃ ᠥᠩᠭᠡᠷᠡᠭᠰᠡᠨ ᠳᠤ ᠪᠢᠳᠡ ᠭᠠᠵᠠᠷ ᠰᠢᠷᠣᠢ ᠶᠢᠨ ᠲᠠᠯᠠᠪᠠᠢ ᠪᠠᠷ ᠤᠰᠤᠨ ᠤ ᠰᠦᠢᠳᠬᠡᠯ ᠬᠤᠷᠢᠶᠠᠵᠤ᠂ ᠵᠠᠷᠢᠮ ᠬᠥᠳᠡᠭᠡ ᠲᠣᠰᠬᠤᠨ ᠤ ᠬᠢᠨ ᠦᠷᠭᠦᠯᠵᠢ ᠲᠠᠯᠠᠪᠠᠢ ᠪᠠᠷ ᠳᠠᠮᠵᠢᠨ ᠤᠰᠤᠨ ᠤ ᠰᠦᠢᠳᠬᠡᠯ ᠳᠤᠲᠠᠭᠤ ᠲᠤᠰᠢᠶᠠᠳᠠᠭ ᠪᠥᠭᠡᠳ ︿ᠤᠰᠤ ᠡᠭᠦᠳᠡᠨ ᠡᠮᠦᠨ᠎ᠡ ᠎ ᠪᠠᠷ ᠥᠩᠭᠡᠷᠡᠪᠡᠯ᠂ ᠬᠡᠷᠡᠭᠯᠡᠬᠦ ᠦᠭᠡᠢ ᠪᠣᠯ ᠪᠤᠷᠤᠭᠤᠳᠠᠨ᠎ᠠ﹀ ᠭᠡᠬᠦ ᠪᠤᠳᠤᠯ ᠨᠢ ᠪᠠᠲᠤ ᠪᠠᠬᠢ ᠪᠠᠶᠢᠵᠤ᠂ ᠪᠦᠳᠦᠭᠦᠯᠢᠭ ᠤᠰᠤᠯᠠᠯᠲᠠ ᠪᠠᠷ ᠳᠠᠳᠬᠠᠯ ᠪᠣᠯᠭᠠᠪᠠ︾᠃ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠤᠯᠠᠭᠠᠨᠪᠤᠬ᠎ᠠ ᠶᠢᠨ ᠬᠤᠪᠢᠶᠠᠷᠢ ᠲᠥᠪ ᠤᠨ ᠤᠰᠤ ᠬᠠᠩᠭᠠᠬᠤ ᠤᠰᠤ ᠵᠠᠯᠠᠬᠤ ᠰᠠᠯᠠᠭᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠬᠦ ᠳᠡᠭᠡᠨ᠂ ︽2023 ᠣᠨ ᠳᠤ ᠤᠰᠤ ᠬᠡᠷᠡᠭᠯᠡᠬᠦ ᠡᠷᠬᠡ ᠶᠢ ᠨᠤᠲᠠᠯᠠᠨ ᠲᠣᠭᠲᠠᠭᠠᠭᠰᠠᠨ ᠤ ᠳᠠᠷᠠᠭ᠎ᠠ᠂ ᠤᠰᠤ ᠬᠡᠷᠡᠭᠯᠡᠬᠦ ᠬᠡᠮᠵᠢᠶ᠎ᠡ ᠢᠯᠡ ᠪᠣᠯᠵᠣ᠂ ᠤᠰᠤ ᠶᠢ ᠠᠷᠪᠢᠯᠠᠨ ᠬᠡᠷᠡᠭᠯᠡᠬᠦ ᠶᠢ ᠬᠠᠮᠲᠤ ᠶᠢᠨ ᠲᠠᠨᠢᠯᠲᠠ ᠪᠣᠯᠭᠠᠪᠠ᠃  ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠠᠯ᠎ᠠ ᠪᠠᠷ᠂ ᠥᠪᠥᠷ ᠮᠣᠩᠭᠤᠯ ᠤᠰᠤ ᠶᠡᠭᠡ ᠬᠤᠷᠣᠭᠳᠠᠭᠤᠯᠬᠤ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠬᠢᠨᠠᠨ ᠵᠥᠪᠰᠢᠶᠡᠷᠡᠯ ᠢ ᠴᠢᠩᠳᠠᠯᠠᠵᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠤᠰᠤ ᠶᠡᠭᠡ ᠬᠤᠷᠣᠭᠳᠠᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠤᠨ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠤᠰᠤ ᠬᠡᠷᠡᠭᠯᠡᠬᠦ ᠦᠷ᠎ᠡ ᠪᠦᠲᠦᠮᠵᠢ ᠶᠢ ᠡᠷᠬᠡᠪᠰᠢ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠲᠡᠷᠢᠭᠦᠨ ᠤ ᠥᠷᠲᠡᠭ ᠲᠤ ᠬᠦᠷᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠢᠩᠬᠢᠮ ᠲᠠᠢ ᠬᠠᠮᠲᠤᠷᠠᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ 57᠂ ᠤᠰᠤ ᠠᠷᠪᠢᠯᠠᠬᠤ ᠬᠡᠪ ᠳᠠᠭᠤᠷᠢᠶᠠᠯ ᠤᠨ ᠠᠵᠤ ᠠᠬᠤᠶᠢᠯᠠᠯ 16᠂ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ ᠢ 3 ᠪᠠᠶᠢᠭᠤᠯᠪᠠ᠃
推动高质量发展4.png
    ᠶᠠᠭᠰᠢ ᠬᠤᠲᠠ ᠶᠢᠨ ᠮᠦ ᠷᠧᠨ ᠰᠦ ᠶᠢᠨ ᠦᠢᠯᠡᠰ ᠤᠨ ᠬᠢᠵᠠᠬᠠᠷᠲᠤ ᠺᠤᠮᠫᠠᠨ᠋ᠢ ᠶᠢᠨ ᠠᠵᠤ ᠦᠢᠯᠡᠳᠪᠦᠷᠢ ᠶᠢᠨ ᠤᠰᠤ ᠠᠷᠪᠢᠯᠠᠬᠤ ᠥᠭᠡᠷᠡᠴᠢᠯᠡᠯᠲᠡ ᠶᠢᠨ ᠲᠥᠬᠦᠭᠡᠷᠦᠮᠵᠢ᠃ ︵ᠬᠦᠯᠦᠨ ᠪᠤᠶᠢᠷ ᠬᠤᠳᠠ ᠶᠢᠨ ᠤᠰᠤᠨ ᠠᠰᠢᠭᠯᠠᠯᠳᠠ ᠶᠢᠨ ᠲᠤᠪᠴᠢᠶᠠᠨ ᠠᠴᠠ ᠬᠠᠩᠭᠠᠪᠠ︶   2023 ᠣᠨ ᠤ 6 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ ᠪᠣᠯᠲᠠᠯ᠎ᠠ᠂ ᠬᠥᠯᠥᠨ ᠪᠤᠶᠢᠷ ᠬᠤᠲᠠ ᠶᠢᠨ ᠶᠠᠭᠰᠢ ᠬᠤᠲᠠ ᠶᠢᠨ ᠮᠠᠯᠴᠢᠨ ᠲᠦᠮᠡᠨ ᠤ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠠᠵᠤ ᠠᠬᠤᠶᠢᠯᠠᠯ ᠤᠨ ᠬᠢᠨ ᠤᠰᠤ ᠬᠡᠷᠡᠭᠯᠡᠬᠦ ᠲᠥᠬᠦᠭᠡᠷᠦᠮᠵᠢ ᠵᠢᠴᠢ ᠭᠠᠷ ᠤᠷᠠᠯᠠᠯ ᠳᠤ ᠤᠰᠤ ᠠᠷᠪᠢᠯᠠᠬᠤ ᠥᠭᠡᠷᠡᠴᠢᠯᠡᠯᠲᠡ ᠬᠢᠵᠦ᠂ ᠭᠤᠤᠯ ᠦᠢᠯᠡᠳᠪᠦᠷᠢ ᠶᠢᠨ ᠲᠠᠰᠤᠭ ᠲᠤ ᠯᠢᠤᠢ ︵ᠾᠯᠣᠷ︶ ᠯᠢ ᠠᠩ ᠮᠦᠰᠦ ᠤᠰᠤᠨ ᠤ ᠮᠠᠰᠢᠨ ᠴᠣᠭᠴᠠᠯᠠᠪᠤᠷᠢ ᠶᠢ ᠣᠷᠣᠭᠤᠯᠤᠨ ᠠᠪᠴᠢᠷᠠᠵᠤ᠂ ᠰᠦ ᠬᠥᠷᠥᠭᠡᠬᠦ ᠰᠢᠰᠲ᠋ᠧᠮ ᠵᠢᠴᠢ ᠠᠭᠠᠷ ᠲᠣᠬᠢᠷᠠᠭᠤᠯᠤᠭᠴᠢ ᠶᠢᠨ ᠰᠢᠰᠲ᠋ᠧᠮ ᠤᠨ ᠤᠰᠤ ᠶᠢ ᠡᠷᠭᠢᠯᠳᠦᠭᠦᠯᠦᠨ ᠬᠡᠷᠡᠭᠯᠡᠪᠡ᠃ ᠡᠭᠦᠨ ᠤ ᠬᠠᠮᠲᠤ ᠦᠢᠯᠡᠳᠪᠦᠷᠢᠯᠡᠯ ᠤᠨ ᠲᠠᠰᠤᠭ ᠨᠢ ᠪᠤᠵᠠᠷ ᠤᠰᠤ ᠶᠢ ᠠᠷᠢᠯᠭᠠᠨ ᠰᠠᠯᠭᠠᠵᠤ᠂ ᠳᠤᠮᠳᠠᠬᠢ ᠤᠰᠤ ᠶᠢ ᠡᠭᠡᠭᠦᠯᠦᠨ ᠬᠤᠷᠢᠶᠠᠵᠤ ᠡᠷᠭᠢᠯᠳᠦᠭᠦᠯᠦᠨ ᠬᠡᠷᠡᠭᠯᠡᠨ᠎ᠡ᠃ ᠲᠠᠨᠢᠯᠴᠠᠭᠤᠯᠤᠭᠰᠠᠨ ᠢᠶᠠᠷ᠂ ᠤᠰᠤ ᠬᠡᠷᠡᠭᠯᠡᠬᠦ ᠲᠥᠬᠦᠭᠡᠷᠦᠮᠵᠢ ᠵᠢᠴᠢ ᠭᠠᠷ ᠤᠷᠠᠯᠠᠯ ᠢ ᠥᠭᠡᠷᠡᠴᠢᠯᠡᠭᠰᠡᠨ ᠤ ᠳᠠᠷᠠᠭ᠎ᠠ᠂ ᠤᠰᠤ ᠠᠷᠪᠢᠯᠠᠬᠤ ᠦᠷ᠎ᠡ ᠪᠦᠲᠦᠮᠵᠢ ᠨᠢ ᠢᠯᠡᠷᠬᠡᠢ ᠪᠠᠶᠢᠵᠤ᠂ ᠤᠤᠯ ᠤᠨ ᠤᠰᠤ ᠬᠡᠷᠡᠭᠯᠡᠬᠦ ᠬᠡᠮᠵᠢᠶ᠎ᠡ ᠶᠢᠨ ᠰᠠᠭᠤᠷᠢᠨ ᠳᠡᠭᠡᠷ᠎ᠡ ᠤᠰᠤ ᠠᠷᠪᠢᠯᠠᠬᠤ ᠬᠡᠮᠵᠢᠶ᠎ᠡ ᠶᠢ 2000 ᠪᠣᠰᠤᠭ᠎ᠠ ᠳᠥᠷᠪᠡᠯᠵᠢᠨ ᠮᠧᠲᠷ ᠲᠤ ᠬᠦᠷᠭᠡᠵᠦ᠂ ᠤᠰᠤ ᠠᠷᠪᠢᠯᠠᠬᠤ ᠬᠠᠷᠢᠴᠠᠯ ᠢ 30%᠎ ᠳᠤ ᠬᠦᠷᠭᠡᠨ᠎ᠡ᠃\  ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠲᠠᠯ᠎ᠠ ᠪᠠᠷ᠂ ᠥᠪᠥᠷ ᠮᠣᠩᠭᠤᠯ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ᠪᠥᠬᠦ ᠣᠷᠣᠨ ᠤ 73 ᠬᠤᠰᠢᠭᠤ ᠰᠢᠶᠠᠨ ᠢ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠦᠯᠵᠦ᠂ ᠪᠠᠶᠢᠭᠤᠯᠤᠭᠰᠠᠨ ᠨᠣᠷᠮ᠎ᠠ ᠨᠢ 71%᠎ ᠳᠤ ᠬᠦᠷᠪᠡ᠃  ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠴᠢᠨᠠᠷ ᠰᠠᠶᠢᠲᠠᠢ ᠬᠥᠭᠵᠢᠯᠲᠡ ᠨᠢ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠳᠤ ᠨᠡᠩ ᠥᠨᠳᠥᠷ ᠱᠠᠭᠠᠷᠳᠠᠯᠭ᠎ᠠ ᠳᠤᠷᠠᠳᠴᠤ᠂ ᠥᠪᠥᠷ ᠮᠣᠩᠭᠤᠯ ᠬᠦᠴᠢᠷ ᠢ ᠰᠦᠷᠦᠨ ᠤᠷᠤᠭᠰᠢᠯᠠᠪᠠ᠃  ᠨᠡᠭᠡᠭᠡᠨ ᠬᠥᠭᠵᠢᠭᠦᠯᠦᠯᠲᠡ — ᠳᠠᠬᠢᠨ ᠪᠤᠢ ᠪᠣᠯᠤᠭᠰᠠᠨ ᠤᠰᠤ ᠶᠢ ᠡᠷᠭᠢᠯᠳᠦᠭᠦᠯᠦᠨ ᠠᠰᠢᠭᠯᠠᠵᠤ᠂ ᠤᠰᠤᠨ ᠤ ᠡᠬᠢ ᠪᠠᠶᠠᠯᠢᠭ ᠤᠨ ︽ᠬᠤᠶᠠᠳᠤᠭᠠᠷ ᠣᠷᠣᠨ ᠵᠠᠢ︾᠎ ᠶᠢ ᠨᠡᠭᠡᠭᠡᠨ᠎ᠡ  ᠳᠡᠭᠢᠯᠳᠡ ᠤᠰᠤ ᠭᠡᠳᠡᠭ ᠨᠢ ᠬᠠᠶᠠᠭᠳᠠᠮᠠᠯ ᠤᠰᠤ ᠶᠢ ᠵᠣᠬᠢᠰᠲᠠᠶ ᠰᠢᠢᠳᠪᠦᠷᠢᠯᠡᠭᠰᠡᠨ ᠤ ᠳᠠᠷᠠᠭ᠎ᠠ᠂ ᠤᠰᠤᠨ ᠤ ᠴᠢᠨᠠᠷ ᠤᠨ ᠵᠣᠬᠢᠬᠤ ᠭᠦᠢᠴᠡᠳᠬᠡᠬᠦ ᠲᠤᠭ᠎ᠠ ᠳᠤ ᠬᠦᠷᠴᠦ᠂ ᠶᠠᠮᠠᠷ ᠨᠢᠭᠡᠨ ᠬᠡᠷᠡᠭᠯᠡᠬᠦ ᠱᠠᠭᠠᠷᠳᠠᠯᠭ᠎ᠠ ᠶᠢ ᠬᠠᠩᠭᠠᠵᠤ᠂ ᠪᠦᠲᠦᠮᠵᠢᠲᠡᠶ ᠬᠡᠷᠡᠭᠯᠡᠵᠦ ᠪᠣᠯᠬᠤ ᠤᠰᠤ ᠶᠢ ᠵᠢᠭᠠᠵᠤ ᠪᠤᠶ᠂ ᠬᠤᠲᠠ ᠶᠢᠨ ︽ᠬᠤᠶᠠᠳᠤᠭᠠᠷ ᠤᠰᠤᠨ ᠤ ᠰᠤᠷᠪᠤᠯᠵᠢ︾ ᠭᠡᠳᠡᠭ᠃  ᠤᠰᠤ ᠳᠤᠲᠠᠭᠳᠠᠵᠤ ᠪᠠᠶᠢᠭ᠎ᠠ ᠨᠡᠶᠢᠲᠡᠯᠢᠭ ᠭᠠᠵᠠᠷ ᠣᠷᠣᠨ᠂ ᠤᠰᠤᠨ ᠤ ᠣᠷᠴᠢᠨ ᠲᠣᠭᠤᠷᠢᠨ ᠳᠤ ᠰᠡᠷᠭᠡᠭ ᠭᠠᠵᠠᠷ ᠣᠷᠣᠨ᠂ ᠤᠰᠤᠨ ᠤ ᠠᠮᠢ ᠠᠬᠤᠶ ᠬᠡᠪᠡᠷᠡᠭ ᠭᠠᠵᠠᠷ ᠣᠷᠣᠨ ᠪᠣᠯᠤᠭᠰᠠᠨ ᠤ ᠬᠤᠪᠢ ᠳᠤ᠂ ᠦᠬᠠᠶ ᠬᠤᠲᠠ 2022 ᠣᠨ ᠳᠤ ᠤᠯᠤᠰ ᠤᠨ ᠳᠠᠬᠢᠯᠲᠠ ᠤᠰᠤ ᠶᠢ ᠠᠰᠢᠭᠯᠠᠬᠤ ᠲᠣᠬᠢᠷᠠᠭᠤᠯᠤᠯᠲᠠ ᠶᠢᠨ ᠲᠤᠷᠰᠢᠯᠲᠠ ᠶᠢᠨ ᠬᠤᠲᠠ ᠪᠠᠷ ᠠᠮᠵᠢᠯᠲᠠ ᠲᠠᠢ ᠰᠣᠩᠭᠤᠭᠳᠠᠵᠤ᠂ 2023 ᠣᠨ ᠳᠤ ᠪᠥᠬᠦ ᠤᠯᠤᠰ ᠤᠨ ᠳᠠᠬᠢᠯᠲᠠ ᠤᠰᠤ ᠶᠢ ᠠᠰᠢᠭᠯᠠᠬᠤ ᠲᠣᠬᠢᠷᠠᠭᠤᠯᠤᠯᠲᠠ ᠶᠢᠨ ᠰᠢᠯᠢᠳᠡᠭ ᠲᠤᠷᠰᠢᠯᠲᠠ ᠶᠢᠨ ᠬᠤᠲᠠ ᠳᠤ ᠠᠮᠵᠢᠯᠲᠠ ᠲᠠᠢ ᠰᠣᠩᠭᠤᠭᠳᠠᠪᠠ᠃
推动高质量发展5.png
    ᠡᠯᠡᠰᠦ ᠤᠰᠤ ᠢᠪᠡᠭᠡᠯ ᠦᠬᠠᠢ ᠨᠠᠭᠤᠷ  ᠦᠬᠠᠢ ᠬᠤᠳᠠ ᠶᠢᠨ ᠤᠯᠠᠨ ᠵᠢᠯ ᠤᠨ ᠲᠤᠷᠰᠢ ᠳᠠᠬᠢᠯᠲᠠ ᠤᠰᠤ᠂ ᠪᠣᠷᠣᠭᠠᠨ ᠤ ᠤᠰᠤ᠂ ᠠᠭᠤᠷᠬᠠᠢ ᠶᠢᠨ ᠬᠤᠳᠳᠤᠭ ᠤᠨ ᠤᠰᠤ᠂ ᠱᠣᠷᠪᠣᠭ ᠤᠰᠤ ᠵᠡᠷᠭᠡ ᠡᠩ ᠤᠨ ᠪᠤᠰᠤ ᠤᠰᠤ ᠶᠢ ᠪᠦᠬᠦ ᠬᠤᠳᠠ ᠶᠢᠨ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠬᠤ ᠪᠠ ᠲᠥᠪᠯᠡᠷᠡᠭᠦᠯᠦᠨ ᠲᠣᠬᠢᠷᠠᠭᠤᠯᠬᠤ ᠰᠢᠰᠲ᠋ᠧᠮ ᠳᠤ ᠣᠷᠣᠭᠤᠯᠬᠤ ᠶᠢ ᠪᠠᠷᠢᠮᠲᠠᠯᠠᠬᠤ ᠶᠢᠨ ᠬᠠᠮᠲᠤ ᠵᠢᠯ ᠳᠠᠷᠠᠭᠠᠯᠠᠨ ᠳᠠᠬᠢᠯᠲᠠ ᠤᠰᠤᠨ ᠤ ᠠᠰᠢᠭᠯᠠᠯᠲᠠ ᠶᠢᠨ ᠬᠡᠪᠴᠢᠶ᠎ᠡ ᠪᠠᠨ ᠥᠷᠭᠡᠳᠬᠡᠵᠦ᠂ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠪᠦᠲᠦᠮᠵᠢᠲᠡᠢ ᠨᠠᠮᠳᠠᠭᠤᠯᠵᠤ᠂ ᠳᠠᠬᠢᠯᠲᠠ ᠤᠰᠤ ᠨᠢ ᠨᠢᠭᠡᠨᠲᠡ ᠪᠦᠬᠦ ᠬᠤᠳᠠ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠤᠯᠭᠠᠭᠤᠷᠢᠯᠠᠬᠤ ︽ᠬᠤᠶᠠᠳᠤᠭᠠᠷ ᠤᠰᠤᠨ ᠤ ᠰᠤᠷᠪᠤᠯᠵᠢ︾ ᠪᠣᠯᠵᠠᠢ᠃  ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯ ᠦᠬᠠᠢ ᠬᠤᠳᠠ ᠶᠢᠨ ᠨᠢᠭᠡᠨ ᠰᠢᠨ᠎ᠡ ᠮᠠᠲ᠋ᠧᠷᠢᠶᠠᠯ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ᠎ᠠ᠃ 2022 ᠣᠨ ᠳᠤ᠂ ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠬᠢᠷ ᠤᠰᠤ ᠰᠢᠢᠳᠪᠦᠷᠢᠯᠡᠬᠦ ᠤᠷ᠎ᠠ ᠮᠡᠷᠭᠡᠵᠢᠯ ᠢᠶᠠᠨ ᠰᠠᠶᠢᠵᠢᠷᠠᠭᠤᠯᠵᠤ᠂ ︽ᠪᠣᠬᠢᠷᠲᠤᠯ ᠦᠭᠡᠢ ᠳᠠᠪᠤᠰᠤ ᠦᠭᠡᠶᠢᠳᠡᠭᠦᠯᠬᠦ︾ ᠮᠡᠷᠭᠡᠵᠢᠯ ᠢᠶᠠᠷ ᠤᠤᠯ ᠤᠨ ᠬᠤᠣᠰ ᠪᠦᠷᠬᠦᠪᠴᠢ ᠶᠢᠨ ᠠᠷᠭ᠎ᠠ ᠪᠠᠷ ᠳᠠᠪᠤᠰᠤ ᠦᠭᠡᠶᠢᠳᠡᠭᠦᠯᠬᠦ ᠤᠷ᠎ᠠ ᠮᠡᠷᠭᠡᠵᠢᠯ ᠢ ᠣᠷᠣᠯᠠᠭᠤᠯᠵᠤ᠂ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠨᠤᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠵᠤ᠂ ᠠᠵᠤ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠪᠡ᠃  ︽ᠪᠣᠬᠢᠷᠲᠤᠯ ᠥᠬᠡᠶ ᠳᠠᠪᠤᠰᠤ ᠥᠬᠡᠶᠢᠳᠡᠭᠦᠯᠬᠦ ᠤᠷ᠎ᠠ ᠮᠡᠷᠭᠡᠵᠢᠯ ᠢ ᠬᠡᠷᠡᠭᠯᠡᠵᠦ᠂ ᠠᠵᠤ ᠠᠬᠤᠶᠢᠯᠠᠯ ᠤᠨ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠡᠭᠡ ᠪᠠᠷ ᠳᠡᠭᠡᠭᠰᠢᠯᠡᠵᠦ᠂ ᠴᠡᠪᠡᠷ ᠳᠠᠪᠤᠰᠤᠨ ᠤ ᠤᠰᠤᠨ ᠤ ᠲᠣᠨ ᠤ ᠤᠰᠤᠨ ᠡᠨᠧᠷᠭᠢ ᠶᠢᠨ ᠬᠤᠷᠣᠭᠳᠠᠯ ᠢ 95%᠎ ᠠᠴᠠ ᠳᠡᠭᠡᠭᠰᠢ ᠪᠠᠭᠤᠷᠠᠭᠤᠯᠪᠠ︾᠃ ᠥᠪᠥᠷ ᠮᠣᠩᠭᠤᠯ ᠤᠨ ᠳ᠋ᠦᠩ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠦᠳᠡᠯᠭᠡᠬᠦ ᠬᠦᠴᠦᠨ ᠤ ᠬᠡᠯᠲᠡᠰ ᠤᠨ ᠠᠵᠢᠯᠲᠠᠨ ᠲᠠᠨᠢᠯᠴᠠᠭᠤᠯᠤᠯ᠎ᠠ᠃
推动高质量发展6.png
  ᠤᠰᠤ ᠠᠷᠪᠢᠯᠠᠬᠤ ᠲᠠᠷᠢᠶᠠᠯᠠᠩ  ᠥᠪᠥᠷ ᠮᠣᠩᠭᠤᠯ ᠤᠯᠤᠰ ᠤᠨ ᠨᠡᠶᠢᠲᠡᠯᠢᠭ ᠭᠠᠵᠠᠷ ᠣᠷᠣᠨ ᠤ ᠳᠠᠬᠢᠯᠲᠠ ᠤᠰᠤ ᠶᠢ ᠠᠰᠢᠭᠯᠠᠬᠤ ᠲᠣᠬᠢᠷᠠᠭᠤᠯᠤᠯᠲᠠ ᠶᠢᠨ ᠲᠤᠷᠰᠢᠯᠲᠠ ᠶᠢᠨ ᠬᠤᠲᠠ ᠶᠢ ᠨᠡᠶᠢᠲᠡ 4 ᠵᠣᠬᠢᠶᠠᠨ ᠪᠠᠶᠢᠭᠤᠯᠵᠤ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠪᠡᠶᠡᠯᠡᠭᠦᠯᠵᠦ᠂ ᠡᠭᠦᠨ ᠳᠤ ᠦᠬᠠᠶ ᠬᠤᠲᠠ᠂ ᠪᠤᠭᠤᠲᠤ ᠬᠤᠲᠠ᠂ ᠣᠷᠳᠣᠰ ᠬᠤᠲᠠ ᠰᠢᠯᠢᠳᠡᠭ ᠲᠤᠷᠰᠢᠯᠲᠠ ᠶᠢᠨ ᠴᠡᠭ ᠤᠨ ᠴᠣᠯᠠ ᠭᠥᠷᠳᠡᠪᠡ᠃  ᠣᠶᠢᠷ᠎ᠠ ᠶᠢᠨ ᠵᠢᠯ ᠠᠴᠠ ᠨᠠᠭᠠᠰᠢ᠂ ᠣᠷᠳᠣᠰ ᠬᠤᠲᠠ ᠳᠠᠬᠢᠯᠲᠠ ᠤᠰᠤᠨ ᠤ ᠦᠢᠯᠡᠳᠪᠦᠷᠢᠯᠡᠯ ᠪᠠ ᠶᠡᠷᠦᠩᠬᠡᠶᠢᠯᠡᠨ ᠠᠰᠢᠭᠯᠠᠬᠤ ᠶᠢ ᠪᠥᠬᠦ ᠬᠦᠴᠦᠨ ᠢᠶᠠᠷ ᠠᠬᠢᠭᠤᠯᠵᠤ᠂ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠵᠤ᠂ ᠤᠰᠤᠨ ᠤ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ᠂ ᠳᠠᠬᠢᠯᠲᠠ ᠤᠰᠤ ᠶᠢ ᠡᠷᠭᠢᠯᠳᠦᠭᠦᠯᠦᠨ ᠠᠰᠢᠭᠯᠠᠬᠤ ︽ᠣᠷᠳᠣᠰ ᠤᠨ ᠥᠯᠢᠭᠡᠷ ᠳᠠᠭᠤᠷᠢᠶᠠᠯ︾᠎ ᠢ ᠬᠦᠴᠦᠯᠡᠨ ᠪᠣᠶ ᠪᠣᠯᠭᠠᠪᠠ᠃ ᠠᠮᠢᠳᠤᠷᠠᠯ ᠤᠨ ᠪᠣᠬᠢᠷ ᠤᠰᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠠᠮᠢᠳᠤᠯᠢᠭ ᠤᠰᠤ ᠪᠣᠯᠭᠠᠨ ᠬᠤᠪᠢᠷᠠᠭᠤᠯᠵᠤ᠂ ᠠᠮᠢᠵᠢᠷᠠᠯ ᠤᠨ ᠬᠦᠴᠦᠨ ᠲᠠᠢ ᠪᠣᠯᠬᠤ ᠨᠢ ᠣᠷᠳᠣᠰ ᠬᠤᠲᠠ ᠶᠢᠨ ᠲᠠᠬᠢᠯᠲᠠ ᠤᠰᠤ ᠶᠢ ᠡᠷᠭᠢᠯᠳᠦᠭᠦᠯᠦᠨ ᠠᠰᠢᠭᠯᠠᠬᠤ ᠬᠠᠶᠢᠨ ᠰᠦᠪᠡᠭᠴᠢᠯᠡᠯᠲᠡ ᠦᠢᠯᠡᠳᠦᠯᠭᠡ ᠪᠣᠯᠤᠨ᠎ᠠ᠃  2022 ᠣᠨ ᠤ 10 ᠳ᠋ᠤᠭᠠᠷ ᠰᠠᠷ᠎ᠠ ᠳᠤ᠂ ᠣᠲᠤᠭ ᠬᠤᠰᠢᠭᠤᠨ ᠤ ᠴᠢ ᠫᠠᠨ ᠵᠢᠩ ᠪᠠᠯᠭᠠᠰᠤ 5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠨᠢᠭᠡᠳᠦᠯᠲᠡᠶ ᠤᠰᠤ ᠬᠠᠩᠭᠠᠬᠤ ᠢᠨᠵᠧᠨᠧᠷᠢᠩ ᠢ ᠬᠡᠷᠡᠭᠵᠢᠭᠦᠯᠵᠦ᠂ ᠬᠠᠲᠤᠨ ᠭᠤᠤᠯ ᠤᠨ ᠤᠰᠤ ᠪᠠᠷ ᠭᠤᠤᠯ ᠪᠣᠯᠭᠠᠵᠤ᠂ ᠴᠡᠪᠡᠷᠰᠢᠭᠦᠯᠦᠨ ᠰᠢᠢᠳᠪᠦᠷᠢᠯᠡᠬᠦ ᠪᠠᠷ ᠳᠡᠮᠵᠢᠨ᠂ ᠲᠤᠬᠠᠶ ᠶᠢᠨ ᠭᠠᠵᠠᠷ ᠤᠨ 10 ᠲᠦᠮᠡᠨ ᠣᠯᠠᠨ ᠲᠦᠮᠡᠨ ᠳᠤ ᠰᠠᠨᠠᠭ᠎ᠠ ᠠᠮᠤᠷ ᠤᠰᠤ᠂ ᠠᠮᠤᠷ ᠲᠦᠪᠰᠢᠨ ᠤᠰᠤ ᠤᠤᠭᠤᠯᠭᠠᠪᠠ᠃  ᠣᠷᠳᠣᠰ ᠬᠤᠲᠠ ᠪᠠᠰᠠ ᠳᠠᠬᠢᠯᠲᠠ ᠤᠰᠤᠨ ᠤ ᠠᠮᠢ ᠠᠬᠤᠶ ᠶᠢᠨ ᠤᠰᠤ ᠨᠥᠬᠦᠪᠥᠷᠢᠯᠡᠬᠦ ︽ᠡᠪᠦᠯ ᠤᠨ ᠨᠥᠭᠡᠴᠡ ᠵᠣᠨ ᠤ ᠤᠰᠤᠯᠠᠯᠲᠠ︾᠎ ᠶᠢᠨ ᠵᠠᠭᠪᠤᠷ ᠢ ᠪᠠᠶᠢᠭᠤᠯᠵᠤ᠂ ᠬᠠᠬᠢᠷ ᠬᠦᠢᠲᠡᠨ ᠭᠠᠵᠠᠷ ᠣᠷᠣᠨ ᠳᠤ ᠵᠢᠱᠢᠶ᠎ᠡ ᠦᠵᠡᠭᠦᠯᠪᠡ︔ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ︽ᠳᠠᠬᠢᠯᠲᠠ ᠤᠰᠤ ᠶᠢ ᠪᠠᠭ᠎ᠠ ᠲᠣᠭᠤᠷᠢᠭ ᠲᠤ ᠣᠷᠣᠭᠤᠯᠬᠤ︾ ᠠᠮᠢ ᠠᠬᠤᠶ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠵᠤ᠂ ᠪᠣᠬᠢᠷᠲᠤᠯ ᠦᠭᠡᠢ ᠠᠮᠢᠳᠤᠷᠠᠯ ᠤᠨ ᠤᠬᠠᠭᠳᠠᠬᠤᠨ ᠢ ᠲᠡᠭᠦᠯᠳᠡᠷᠵᠢᠭᠦᠯᠪᠡ᠃  2024 ᠣᠨ ᠤ 1 ᠳ᠋ᠦ᠋ᠭᠡᠷ ᠰᠠᠷ᠎ᠠ ᠶᠢᠨ 31᠎ ᠤ ᠡᠳᠦᠷ᠂ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠬᠢᠭᠡᠳ ᠣᠷᠳᠣᠰ ᠬᠤᠲᠠ ᠶᠢᠨ ᠱᠦᠢ ᠲᠧᠦ ᠺᠠᠩ ᠶᠤᠸᠠᠨ ᠤᠰᠤᠨ ᠤ ᠶᠠᠪᠤᠳᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠠᠮᠲᠤᠷᠠᠨ ᠮᠡᠳᠡᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠲᠥᠷᠥᠯ ᠵᠦᠢᠯ ᠤᠨ ︽ᠳᠠᠬᠢᠯᠲᠠ ᠤᠰᠤ ᠵᠡᠷᠭᠡ ᠣᠯᠠᠨ ᠤᠰᠤᠨ ᠰᠤᠷᠪᠤᠯᠵᠢ ᠶᠢ ᠬᠠᠮᠲᠤᠷᠠᠨ ᠳᠣᠭᠢᠷᠠᠭᠤᠯᠬᠤ ᠮᠡᠷᠭᠡᠵᠢᠯ ᠤᠨ ᠰᠤᠳᠤᠯᠭᠠᠨ︾᠎ ᠤ ᠲᠥᠷᠥᠯ ᠵᠦᠢᠯ ᠢ ᠡᠬᠢᠯᠡᠭᠦᠯᠪᠡ᠃ ︽ᠳᠠᠬᠢᠯᠲᠠ ᠤᠰᠤ ᠵᠡᠷᠭᠡ ᠣᠯᠠᠨ ᠤᠰᠤᠨ ᠤ ᠡᠬᠢ ᠰᠤᠷᠪᠤᠯᠵᠢ ᠶᠢ ᠬᠠᠮᠲᠤᠷᠠᠨ ᠲᠣᠬᠢᠷᠠᠭᠤᠯᠬᠤ ᠮᠡᠷᠭᠡᠵᠢᠯ ᠤᠨ ᠰᠤᠳᠤᠯᠭᠠᠨ︾᠎ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠵᠦᠢᠯ ᠨᠢ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠪᠠ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠲᠤᠯᠭᠠᠮ᠎ᠠ ᠬᠡᠷᠡᠭᠴᠡᠭᠡ ᠱᠠᠭᠠᠷᠳᠠᠯᠭ᠎ᠠ ᠶᠢ ᠪᠣᠳᠣᠯᠬᠢᠯᠠᠨ᠂ ᠣᠷᠳᠣᠰ ᠬᠤᠲᠠ ᠶᠢᠨ ᠳᠠᠬᠢᠯᠲᠠ ᠤᠰᠤ ᠵᠡᠷᠭᠡ ᠣᠯᠠᠨ ᠤᠰᠤᠨ ᠤ ᠡᠬᠢ ᠰᠤᠷᠪᠤᠯᠵᠢ ᠶᠢ ᠬᠠᠮᠲᠤᠷᠠᠨ ᠳᠣᠭᠢᠷᠠᠭᠤᠯᠬᠤ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢᠨ ᠬᠠᠮᠲᠤ ᠬᠡᠷᠡᠭᠯᠡᠨ ᠣᠷᠳᠣᠰ ᠬᠤᠲᠠ ᠶᠢᠨ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠳᠤ ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ᠃  ᠳᠠᠬᠢᠯᠲᠠ ᠤᠰᠤ ᠵᠡᠷᠭᠡ ᠡᠩ ᠤᠨ ᠪᠤᠰᠤ ᠤᠰᠤᠨ ᠤ ᠡᠬᠢ ᠰᠤᠷᠪᠤᠯᠵᠢ ᠪᠣᠯ ᠡᠩ ᠤᠨ ᠤᠰᠤᠨ ᠤ ᠡᠬᠢ ᠪᠠᠶᠠᠯᠢᠭ ᠤᠨ ᠴᠢᠬᠤᠯᠠ ᠨᠥᠬᠦᠪᠥᠷᠢ ᠮᠥᠨ᠂ ᠵᠠᠯᠭᠠᠭᠠᠳ ᠥᠪᠥᠷ ᠮᠣᠩᠭᠤᠯ ᠨᠡᠶᠢᠲᠡᠯᠢᠭ ᠭᠠᠵᠠᠷ ᠣᠷᠣᠨ ᠤ ᠳᠠᠬᠢᠯᠲᠠ ᠤᠰᠤ ᠶᠢ ᠲᠣᠬᠢᠷᠠᠭᠤᠯᠤᠨ ᠠᠰᠢᠭᠯᠠᠬᠤ ᠲᠤᠷᠰᠢᠯᠲᠠ ᠶᠢᠨ ᠴᠡᠭ ᠢᠶᠠᠷ ᠭᠤᠤᠯᠳᠠᠯᠭ᠎ᠠ ᠪᠣᠯᠭᠠᠵᠤ᠂ ᠡᠩ ᠤᠨ ᠪᠤᠰᠤ ᠤᠰᠤᠨ ᠰᠤᠷᠪᠤᠯᠵᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠬᠤᠲᠠ ᠶᠢᠨ ᠨᠣᠭᠤᠭᠠᠷᠠᠭᠤᠯᠤᠯᠲᠠ ᠶᠢᠨ ᠲᠠᠯ᠎ᠠ ᠶᠢᠨ ᠲᠣᠬᠢᠷᠠᠭᠤᠯᠤᠯᠲᠠ ᠠᠰᠢᠭᠯᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ᠃  ᠦᠷ᠎ᠡ ᠪᠦᠲᠦᠮᠵᠢ ᠶᠢ ᠳᠡᠭᠡᠭᠰᠢᠯᠡᠭᠦᠯᠬᠦ — ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠬᠢᠵᠦ᠂ ᠤᠰᠤᠨ ᠤ ᠡᠬᠢ ᠪᠠᠶᠠᠯᠢᠭ ᠤᠨ ︽ᠥᠷᠲᠡᠭ ᠨᠡᠮᠡᠭᠳᠡᠭᠦᠯᠬᠦ ᠣᠷᠣᠨ ᠵᠠᠢ︾  ︽ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠮᠦ ᠪᠦᠷᠢ ᠶᠢᠨ ᠴᠡᠪᠡᠷ ᠣᠷᠣᠯᠭ᠎ᠠ ᠤᠤᠯ ᠠᠴᠠ ᠪᠠᠨ 60%—70%᠎ ᠪᠠᠷ ᠨᠡᠮᠡᠭᠳᠡᠪᠡ︾᠃ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠤ ᠱᠠᠵᠢᠨᠳᠤᠬᠤᠢ ᠰᠤᠮᠤ ᠶᠢᠨ ᠪᠠᠶᠠᠨ ᠥᠨᠳᠥᠷ ᠭᠠᠴᠠᠭᠠᠨ ᠤ ᠲᠠᠷᠢᠶᠠᠴᠢᠨ ᠶᠠᠩ ᠭᠤᠸᠠᠢ ᠬᠡᠯᠡᠪᠡ᠃  ᠶᠠᠩ ᠭᠤᠸᠠᠢ ᠪᠣᠯ ᠲᠤᠬᠠᠶ ᠶᠢᠨ ᠭᠠᠵᠠᠷ ᠤᠨ ᠲᠠᠷᠢᠮᠠᠯ ᠤᠨ ᠲᠣᠮᠣ ᠡᠷᠦᠬᠡ ᠪᠣᠯᠤᠨ᠎ᠠ᠂ ᠭᠡᠷ ᠲᠡᠭᠡᠨ 2000 ᠭᠠᠷᠤᠶ ᠮᠦ ᠲᠠᠷᠢᠶᠠᠨ ᠭᠠᠵᠠᠷ ᠪᠠᠶᠢᠨ᠎ᠠ᠃ ᠥᠪᠥᠷ ᠮᠣᠩᠭᠤᠯ ᠤᠨ ᠬᠠᠲᠤᠨ ᠭᠤᠤᠯ ᠤᠨ ᠭᠤᠤᠯ ᠤᠷᠤᠰᠬᠠᠯ ᠤᠨ ᠠᠶᠢᠮᠠᠭ ᠬᠤᠲᠠ ᠶᠢᠨ ᠬᠤᠭᠤᠷᠣᠨᠳᠣᠬᠢ ᠤᠰᠤᠨ ᠤ ᠡᠷᠬᠡ ᠶᠢ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠱᠧᠨ ᠡᠦ ᠤᠰᠤᠯᠠᠯᠲᠠ ᠶᠢᠨ ᠣᠷᠣᠨ ᠤ ᠲᠤᠷᠰᠢᠯᠲᠠ ᠶᠢᠨ ᠢᠨᠵᠧᠨᠧᠷᠢᠩ ᠤᠨ ᠤᠰᠤᠯᠠᠯᠲᠠ ᠶᠢᠨ ᠬᠡᠪᠴᠢᠶᠡᠨ ᠳᠤ ᠶᠠᠩ ᠭᠤᠸᠠᠢ ᠬᠡᠷ ᠤᠨ ᠡᠲᠡᠭᠡᠷ ᠲᠠᠷᠢᠶᠠᠨ ᠭᠠᠵᠠᠷ ᠢ ᠪᠠᠭᠲᠠᠭᠠᠨ᠎ᠠ᠃ ᠲᠡᠭᠦᠨ ᠢ ᠪᠠᠶᠠᠷᠯᠠᠭᠤᠯᠬᠤ ᠨᠢ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠠᠴᠠ ᠪᠣᠯᠤᠭᠰᠠᠨ ᠠᠰᠢᠭ ᠣᠷᠣᠯᠭ᠎ᠠ ᠨᠢ ᠵᠢᠱᠢᠯᠲᠡ ᠠᠴᠠ ᠬᠤᠯᠠ ᠳᠠᠪᠠᠭᠰᠠᠨ ᠪᠠᠶᠢᠨ᠎ᠠ᠃
推动高质量发展7.png
  ᠪᠤᠷᠤᠳᠤᠬᠤᠢ ᠶᠢᠨ ᠤᠰᠤᠯᠠᠯᠳᠠ ᠶᠢᠨ ᠤᠷᠤᠨ ᠤ ᠶᠦᠩ ᠵᠢᠢ ᠴᠢᠦᠢ  ᠣᠳᠣᠬᠠᠨ ᠳᠤ᠂ ᠪᠣᠷᠣᠲᠣᠬᠤᠶ ᠶᠢᠨ ᠤᠰᠤᠯᠠᠯᠲᠠ ᠶᠢᠨ ᠣᠷᠣᠨ ᠳᠤ᠂ ︽ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ︾ ᠠᠵᠢᠯ ᠨᠢ ᠲᠠᠷᠢᠶᠠᠴᠢᠳ ᠤᠨ ᠬᠦᠷᠢᠶᠡᠯᠡᠯ ᠢ ᠶᠡᠬᠡᠳᠡ ᠣᠯᠤᠭᠰᠠᠨ ᠪᠠᠶᠢᠨ᠎ᠠ᠃ ᠬᠢᠨᠠᠨ ᠬᠡᠮᠵᠢᠵᠤ ᠦᠨᠡᠯᠡᠭᠰᠡᠨ ᠢᠶᠠᠷ᠂ ᠬᠠᠲᠤᠨ ᠭᠤᠤᠯ ᠤᠨ ᠤᠰᠤ ᠶᠢ ᠲᠠᠲᠠᠵᠤ ᠳᠤᠰᠤᠯᠭᠠᠨ ᠤᠰᠤᠯᠠᠬᠤ ᠨᠢ ᠨᠡᠶᠢᠳᠡᠮ ᠳᠡᠭᠡᠨ 30%᠎ ᠠᠴᠠ ᠳᠡᠭᠡᠭᠰᠢ ᠤᠰᠤ ᠠᠷᠪᠢᠯᠠᠵᠤ᠂ ᠬᠢᠮᠢ ᠶᠢᠨ ᠪᠤᠷᠳᠤᠭᠤᠷ ᠢ 30%᠎ ᠠᠴᠠ ᠳᠡᠭᠡᠭᠰᠢ ᠠᠷᠪᠢᠯᠠᠵᠤ᠂ ᠮᠦ ᠪᠦᠷᠢ ᠶᠢᠨ ᠤᠨᠠᠯᠲᠠ 20%᠎ ᠪᠠᠷ ᠨᠡᠮᠡᠭᠳᠡᠪᠡ᠃  ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠡᠷᠬᠢᠯᠡᠭᠴᠢ ᠵᠠᠩ ᠭᠤᠸᠠᠩ ᠮᠢᠩ ᠲᠠᠨᠢᠯᠴᠠᠭᠤᠯᠤᠭᠰᠠᠨ ᠢᠶᠠᠷ᠂ ᠡᠯ᠎ᠡ ᠱᠠᠲᠤᠨ ᠤ ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠤᠷ᠎ᠠ᠂ ︽ᠮᠢᠩᠭᠠᠨ ᠣᠨ ᠤ ᠦᠨᠳᠦᠰᠦᠨ ᠦᠢᠯᠡᠰ︾᠎ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ 2000 ᠣᠨ ᠠᠴᠠ ᠨᠠᠭᠠᠰᠢ ᠨᠡᠶᠢᠲᠡ 60 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠤᠰᠤ ᠠᠷᠪᠢᠯᠠᠬᠤ ᠥᠭᠡᠷᠡᠴᠢᠯᠡᠯᠲᠡ᠂ ᠤᠰᠤ ᠭᠠᠳᠠᠭᠰᠢᠯᠠᠭᠤᠯᠬᠤ ᠰᠠᠭᠠᠳ ᠥᠬᠡᠶ ᠨᠡᠪᠲᠡᠷᠡᠬᠦ᠂ ᠲᠣᠮᠣ ᠬᠡᠯᠪᠡᠷᠢ ᠶᠢᠨ ᠬᠥᠭᠡᠷᠭᠡ ᠶᠢᠨ ᠥᠷᠲᠡᠭᠡ ᠶᠢ ᠰᠢᠨᠡᠳᠬᠡᠨ ᠥᠭᠡᠷᠡᠴᠢᠯᠡᠬᠦ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠪᠡ᠃  ᠤᠢᠢᠷ᠎ᠠ ᠶᠢᠨ ᠵᠢᠯ ᠠᠴᠠ᠂ ᠥᠪᠥᠷ ᠮᠣᠩᠭᠤᠯ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠠᠬᠢᠭᠤᠯᠵᠤ᠂ ᠤᠰᠤᠨ ᠤ ᠡᠬᠢ ᠪᠠᠶᠠᠯᠢᠭ ᠤᠨ ︽ᠦᠷᠳᠡᠭ ᠨᠡᠮᠡᠭᠳᠡᠭᠦᠯᠬᠦ ᠣᠷᠣᠨ ᠵᠠᠢ︾᠎ ᠶᠢ ᠢᠯᠡᠷᠡᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠬᠡᠷᠡᠭᠯᠡᠬᠦ ᠡᠷᠬᠡ ᠶᠢᠨ ᠬᠠᠮᠢᠶᠠᠷᠤᠯᠲᠠ ᠶᠢᠨ ᠠᠷᠭ᠎ᠠ︾᠎ ᠶᠢ ᠲᠤᠭᠤᠷᠪᠢᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠰᠦᠯᠵᠢᠶᠡᠨ ᠳᠤ ᠪᠦᠬᠦ ᠤᠯᠤᠰ ᠤᠨ ᠤᠰᠤᠨ ᠤ ᠡᠷᠬᠡ ᠶᠢᠨ ᠠᠷᠠᠯᠵᠢᠶᠠᠨ ᠤ ᠰᠢᠰᠲ᠋ᠧᠮ ᠢ ᠲᠤᠬᠢᠷᠠᠭᠤᠯᠤᠨ᠎ᠠ᠃ ᠬᠠᠲᠤᠨ ᠭᠤᠤᠯ ᠤᠨ ᠭᠤᠤᠯ ᠤᠷᠤᠰᠬᠠᠯ ᠤᠨ ᠠᠶᠢᠮᠠᠭ ᠬᠤᠲᠠ ᠶᠢᠨ ᠬᠤᠭᠤᠷᠣᠨᠳᠣᠬᠢ ᠤᠰᠤᠨ ᠤ ᠡᠷᠬᠡ ᠶᠢ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠥᠬᠦ ᠲᠠᠯ᠎ᠠ ᠪᠠᠷ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠤᠰᠤ ᠠᠷᠪᠢᠯᠠᠬᠤ ᠠᠩᠬᠠᠨ ᠤ ᠪᠦᠯᠦᠭ ᠢᠨᠵᠧᠨᠧᠷᠢᠩ ᠢ ᠨᠢᠭᠡᠨᠲᠡ ᠳᠠᠭᠤᠰᠬᠠᠨ ᠰᠢᠯᠭᠠᠨ ᠬᠤᠷᠢᠶᠠᠵᠤ ᠪᠠᠶᠢᠨ᠎ᠠ᠂ ᠤᠯᠤᠰ ᠤᠨ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠤᠰᠤᠨ ᠤ ᠪᠤᠰᠤ ᠡᠷᠬᠡ ᠶᠢ ᠰᠢᠯᠵᠢᠭᠦᠯᠦᠨ ᠥᠭᠬᠦ ᠤᠰᠤ ᠠᠷᠪᠢᠯᠠᠬᠤ ᠢᠨᠵᠧᠨᠧᠷᠢᠩ ᠤᠨ ᠤᠰᠤ ᠠᠷᠪᠢᠯᠠᠬᠤ ᠬᠡᠮᠵᠢᠶ᠎ᠡ ᠶᠢ ᠦᠨᠡᠯᠡᠨ ᠵᠢᠱᠢᠵᠦ ᠬᠢᠨᠠᠨ ᠲᠣᠭᠲᠠᠭᠠᠬᠤ ᠶᠢ ᠨᠢᠭᠡᠨᠲᠡ ᠪᠡᠶᠡᠯᠡᠭᠦᠯᠪᠡ᠃  ᠡᠭᠦᠨ ᠤ ᠬᠠᠮᠲᠤ᠂ ᠥᠪᠥᠷ ᠮᠣᠩᠭᠤᠯ ᠪᠠᠰᠠ ᠨᠡᠶᠢᠭᠡᠮ ᠤᠨ ᠬᠥᠷᠥᠩᠭᠡ ᠶᠢᠨ ᠤᠰᠤ ᠠᠷᠪᠢᠯᠠᠬᠤ ᠳᠤ ᠣᠷᠣᠯᠴᠠᠬᠤ ᠶᠢ ᠰᠦᠪᠡᠭᠴᠢᠯᠡᠨ ᠠᠬᠢᠭᠤᠯᠵᠤ᠂ ᠭᠡᠷ᠎ᠡ ᠶᠢᠨ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠢ ᠶᠡᠭᠡ ᠪᠠᠷ ᠳᠡᠯᠭᠡᠷᠡᠭᠦᠯᠦᠨ᠂ ᠭᠡᠷ᠎ᠡ ᠶᠢᠨ ᠤᠰᠤ ᠠᠷᠪᠢᠯᠠᠬᠤ ᠬᠠᠮᠢᠶᠠᠷᠤᠯᠲᠠ ᠶᠢ ᠥᠷᠨᠢᠭᠦᠯᠵᠦ ᠪᠠᠶᠢᠭ᠎ᠠ ᠲᠥᠷᠥᠯ ᠵᠦᠢᠯ ᠳᠤ ᠵᠣᠬᠢᠬᠤ ᠬᠡᠮᠵᠢᠶᠡᠨ ᠤ ᠤᠰᠤ ᠠᠷᠪᠢᠯᠠᠬᠤ ᠨᠥᠬᠦᠪᠦᠷᠢ ᠪᠡᠯᠡ ᠮᠥᠩᠭᠦ ᠣᠯᠭᠤᠵᠤ᠂ ᠨᠡᠶᠢᠭᠡᠮ ᠤᠨ ᠬᠥᠷᠥᠩᠭᠡ ᠶᠢᠨ ᠣᠷᠤᠯᠴᠠᠬᠤ ᠢᠳᠡᠪᠬᠢᠵᠢᠯ ᠢ ᠳᠠᠶᠢᠴᠢᠯᠠᠪᠠ᠃ 2023 ᠣᠨ ᠳᠤ᠂ ᠭᠡᠷ᠎ᠡ ᠲᠣᠭᠲᠠᠭᠰᠠᠨ ᠤᠰᠤ ᠠᠷᠪᠢᠯᠠᠬᠤ ᠲᠥᠷᠥᠯ ᠵᠦᠢᠯ ᠨᠡᠶᠢᠲᠡ 10 ᠪᠠᠶᠢᠵᠤ᠂ ᠨᠡᠶᠢᠭᠡᠮ ᠤᠨ ᠬᠥᠷᠥᠩᠭᠡ ᠶᠢ ᠲᠡᠳᠡᠨ ᠠᠪᠴᠢᠷᠠᠵᠤ 2.35 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠵᠤ ᠦᠢᠯᠡᠳᠪᠦᠷᠢ ᠶᠢᠨ ᠬᠦᠷᠢᠶ᠎ᠡ ᠴᠠᠷᠠᠭ᠎ᠠ ᠳᠤ 5 ᠵᠦᠢᠯ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠦᠷᠢᠶ᠎ᠡ ᠴᠠᠷᠠᠭ᠎ᠠ ᠳᠤ 1 ᠵᠦᠢᠯ ᠬᠤᠯᠪᠣᠭᠳᠠᠵᠠᠶ᠃
推动高质量发展8.png
    ᠶᠡᠭᠡ ᠬᠦᠯᠡᠮᠵᠢ ᠶᠢᠨ ᠳᠤᠰᠤᠯᠭᠠᠨ ᠤᠰᠤᠯᠠᠯᠲᠠ᠃ ᠯᠢ ᠵᠢᠶᠠᠨ ᠭᠦᠸᠧ ᠰᠡᠭᠦᠲᠡᠷᠯᠡᠪᠡ  ᠥᠪᠥᠷ ᠮᠣᠩᠭᠤᠯ ᠤᠨ ︽ᠤᠰᠤ ᠠᠷᠪᠢᠯᠠᠬᠤ ᠵᠢᠭᠡᠯᠡᠯᠭᠡ︾᠎ ᠶᠢ ᠴᠦ ᠪᠥᠬᠦ ᠲᠠᠯ᠎ᠠ ᠪᠠᠷ ᠳᠡᠯᠭᠡᠷᠡᠭᠦᠯᠵᠦ᠂ ︽ᠤᠰᠤ ᠠᠷᠪᠢᠯᠠᠬᠤ ᠵᠢᠭᠡᠯᠡᠯᠭᠡ︾᠎ ᠶᠢᠨ ᠦᠢᠯᠡᠴᠢᠯᠡᠭᠡᠨ ᠤ ᠲᠠᠪᠴᠠᠩ ᠢ ᠨᠡᠭᠡᠭᠡᠨ ᠬᠥᠭᠵᠢᠭᠦᠯᠬᠦ ᠪᠠ ᠪᠠᠶᠢᠷᠢᠯᠠᠭᠤᠯᠵᠤ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠲᠠᠢ ᠬᠠᠮᠲᠤᠷᠠᠨ ︽ᠤᠰᠤ ᠠᠷᠪᠢᠯᠠᠬᠤ ᠵᠢᠭᠡᠯᠡᠯᠭᠡ︾᠎ ᠶᠢᠨ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡ ᠶᠢ ᠡᠬᠢᠯᠡᠭᠦᠯᠵᠦ᠂ ᠣᠲᠣ ᠪᠣᠯᠲᠠᠯ᠎ᠠ᠂ ᠨᠢᠭᠡᠨᠲᠡ ᠠᠵᠤ ᠠᠬᠤᠶᠢᠯᠠᠯ ᠳᠤ 6.01 ᠳ᠋ᠦᠩᠰᠢᠭᠤᠷ ᠲᠥᠭᠦᠷᠢᠭ ᠤᠨ ᠪᠠᠯᠠ ᠲᠣᠬᠢᠷᠠᠭᠤᠯᠪᠠ᠃  ᠥᠪᠥᠷ ᠮᠣᠩᠭᠤᠯ ᠤᠨ ᠤᠰᠤᠨ ᠤ ᠡᠷᠬᠡ ᠶᠢ ᠰᠢᠯᠵᠢᠭᠦᠯᠦᠨ ᠥᠭᠬᠦ ᠤᠰᠤᠨ ᠤ ᠡᠬᠢ ᠪᠠᠶᠠᠯᠢᠭ ᠤᠨ ᠪᠣᠭᠤᠮᠢ ᠬᠢᠵᠠᠭᠠᠷᠯᠠᠯ ᠢ ᠨᠠᠮᠳᠠᠭᠤᠯᠵᠤ᠂ ᠬᠠᠲᠤᠨ ᠭᠤᠤᠯ ᠳᠠᠭᠠᠤ ᠶᠢᠨ ᠠᠵᠤ ᠠᠬᠤᠶ ᠶᠢᠨ ᠪᠦᠰᠡ ᠶᠢ ᠬᠠᠮᠵᠢᠯᠴᠠᠨ ᠬᠥᠭᠵᠢᠭᠦᠯᠬᠦ ᠶᠢ ᠠᠬᠢᠭᠤᠯᠬᠤ ᠶᠢᠨ ᠬᠠᠮᠲᠤ᠂ ᠤᠰᠤᠨ ᠠᠰᠢᠭᠯᠠᠯᠲᠠ ᠶᠢᠨ ᠪᠠᠯᠠ ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠵᠦ᠂ ᠤᠰᠤ ᠬᠡᠷᠡᠭᠯᠡᠬᠦ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠠᠩ ᠵᠢᠷᠤᠮᠵᠢᠭᠤᠯᠵᠤ᠂ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠤᠰᠤᠯᠠᠯᠲᠠ ᠶᠢᠨ ᠣᠷᠣᠨ ᠤ ᠳᠦᠷᠰᠦ ᠪᠠᠶᠢᠳᠠᠯ ᠴᠣ᠋ ᠰᠢᠨ᠎ᠡ ᠪᠣᠯᠵᠣ᠂ ᠤᠰᠤᠯᠠᠯᠲᠠ ᠶᠢᠨ ᠣᠷᠣᠨ ᠤ ᠣᠳᠣᠬᠢᠴᠢᠯᠠᠯᠲᠠ ᠶᠢᠨ ᠠᠩᠬ᠎ᠠ ᠠᠯᠬᠤᠮ ᠤᠨ ᠬᠡᠪᠴᠢᠶᠡᠵᠢᠯ ᠢ ᠠᠩᠬ᠎ᠠ ᠠᠯᠬᠤᠮ ᠢᠯᠡᠷᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃  ᠬᠥᠭᠵᠢᠭᠦᠯᠬᠦ ᠪᠣᠯ ᠬᠠᠲᠠᠭᠤ ᠶᠣᠰᠣ ᠮᠥᠨ᠂ ᠤᠰᠤᠨ ᠤ ᠡᠬᠢ ᠪᠠᠶᠠᠯᠢᠭ ᠪᠣᠯ ᠬᠠᠲᠠᠭᠤ ᠬᠢᠵᠠᠭᠠᠷᠯᠠᠯ ᠮᠥᠨ᠃ ᠥᠪᠥᠷ ᠮᠣᠩᠭᠤᠯ ᠤᠰᠤ ᠠᠷᠪᠢᠯᠠᠬᠤ ᠵᠠᠬ᠎ᠠ ᠳᠡᠯᠭᠡᠭᠦᠷ ᠢ ᠶᠡᠬᠡᠪᠡᠷ ᠬᠥᠭᠵᠢᠭᠦᠯᠵᠦ᠂ ᠤᠰᠤᠨ ᠤ ᠡᠷᠬᠡ ᠶᠢᠨ ᠠᠷᠠᠯᠵᠢᠶᠠᠨ ᠤ ᠠᠵᠢᠯ ᠢ ᠦᠷᠭᠦᠯᠵᠢᠯᠡᠨ ᠠᠬᠢᠭᠤᠯᠵᠤ᠂ 2024 ᠣᠨ ᠳᠤ ᠤᠷᠢᠳᠠᠪᠠᠷ ᠰᠡᠷᠭᠦᠨ ᠮᠠᠨᠳᠤᠯᠲᠠ ᠶᠢᠨ ᠤᠰᠤᠯᠠᠯᠲᠠ ᠶᠢᠨ ᠣᠷᠣᠨ ᠤ 5000 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠤᠰᠤᠨ ᠤ ᠭᠦᠢᠴᠡᠳᠬᠡᠯ ᠲᠤᠭ᠎ᠠ ᠶᠢ ᠲᠣᠬᠢᠷᠠᠭᠤᠯᠬᠤ ᠪᠠᠷ ᠴᠢᠷᠮᠠᠶᠢᠵᠤ᠂ ᠤᠰᠤᠨ ᠤ ᠡᠷᠬᠡ ᠶᠢ ᠰᠢᠯᠵᠢᠭᠦᠯᠦᠨ ᠥᠭᠬᠦ ᠵᠠᠭᠪᠤᠷ ᠢᠶᠠᠷ ᠯᠠᠪᠯᠠᠯᠲᠠ ᠪᠣᠯᠭᠠᠵᠤ᠂ ᠤᠯᠤᠰ ᠤᠨ ᠡᠳ᠋ ᠤᠨ ᠵᠠᠰᠠᠭ ᠤᠨ ᠪᠡᠯᠡ ᠣᠷᠣᠭᠤᠯᠤᠯᠲᠠ ᠶᠢᠨ ᠤᠰᠤᠨ ᠤ ᠪᠤᠰᠤ ᠡᠷᠬᠡ ᠶᠢ ᠰᠢᠯᠵᠢᠭᠦᠯᠦᠨ ᠥᠭᠬᠦ ᠤᠰᠤ ᠠᠷᠪᠢᠯᠠᠬᠤ ᠢᠨᠵᠧᠨᠧᠷᠢᠩ ᠤᠨ ᠤᠰᠤ ᠠᠷᠪᠢᠯᠠᠬᠤ ᠬᠡᠮᠵᠢᠶ᠎ᠡ ᠶᠢ ᠲᠣᠬᠢᠷᠠᠭᠤᠯᠵᠤ᠂ ᠬᠠᠲᠤᠨ ᠭᠤᠤᠯ ᠳᠠᠭᠠᠤ ᠶᠢᠨ ᠠᠶᠢᠮᠠᠭ ᠬᠤᠲᠠ ᠶᠢᠨ ᠬᠡᠰᠡᠭ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠤᠰᠤ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠨ᠎ᠡ᠃ ᠭᠡᠷ᠎ᠡ ᠶᠢᠨ ᠤᠰᠤ ᠠᠷᠪᠢᠯᠠᠬᠤ ᠪᠠ ︽ᠤᠰᠤ ᠠᠷᠪᠢᠯᠠᠬᠤ ᠵᠢᠭᠡᠯᠡᠯᠭᠡ︾᠎ ᠶᠢᠨ ᠦᠢᠯᠡᠴᠢᠯᠡᠭᠡᠨ ᠤ ᠵᠠᠭᠪᠤᠷ ᠢ ᠢᠳᠡᠪᠬᠢᠲᠡᠶ ᠳᠡᠯᠭᠡᠷᠡᠭᠦᠯᠵᠦ᠂ ᠤᠰᠤ ᠠᠷᠪᠢᠯᠠᠬᠤ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠲᠠᠲᠠᠬᠤ ᠬᠦᠴᠦᠨ ᠢ ᠲᠠᠰᠤᠷᠠᠯᠲᠠ ᠤᠢᠭᠡᠢ ᠥᠷᠭᠡᠳᠬᠡᠨ᠎ᠡ᠃  10 ᠵᠢᠯ ᠤᠨ ᠬᠤᠭᠤᠴᠠᠭᠠᠨ ᠳᠤ᠂ ᠥᠪᠥᠷ ᠮᠣᠩᠭᠤᠯ ᠤᠰᠤᠨ ᠤ ᠡᠬᠢ ᠪᠠᠶᠠᠯᠢᠭ ᠢ ᠰᠠᠶᠢᠲᠤᠷ ᠬᠠᠮᠢᠶᠠᠷᠴᠤ᠂ ᠳᠤᠰᠤᠯ ᠤᠰᠤ ᠪᠦᠷᠢ ᠶᠢ ᠰᠠᠶᠢᠲᠤᠷ ᠬᠡᠷᠡᠭᠯᠡᠨ᠂ ︽ᠤᠰᠤᠨ ᠤ ᠶᠠᠪᠤᠳᠠᠯ︾᠎ ᠢ ᠰᠠᠶᠢᠲᠤᠷ ᠬᠢᠵᠦ᠂ ᠠᠵᠤ ᠠᠬᠤᠶ ᠥᠭᠡᠳᠡᠯᠡᠨ ᠳᠠᠪᠰᠢᠵᠤ᠂ ᠤᠰᠤᠨ ᠤ ᠬᠤᠷᠤᠭᠳᠠᠯ ᠪᠠᠭᠤᠷᠠᠵᠤ᠂ ᠰᠢᠰᠲ᠋ᠧᠮ ᠲᠠᠢ ᠪᠠᠷ ᠤᠰᠤ ᠵᠠᠰᠠᠬᠤ ᠰᠡᠳᠬᠢᠴᠡ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃    ︽ᠥᠪᠥᠷ ᠮᠣᠩᠭᠤᠯ ᠤᠨ ᠡᠳᠦᠷ ᠤᠨ ᠰᠣᠨᠢᠨ︾ ︵2024 ᠣᠨ ᠤ 3 ᠳ᠋ᠤᠭᠠᠷ ᠰᠠᠷ᠎ᠠ ᠶᠢᠨ 14᠎ ᠤ ᠡᠳᠦᠷ ᠤᠨ ᠬᠡᠪᠯᠡᠯ ᠤᠨ 01 ᠳ᠋ᠦ᠋ᠭᠡᠷ ᠬᠡᠪᠯᠡᠯ︶ 
 
ᠢᠷᠡᠯᠲᠡ᠄ ᠲᠠᠯ᠎ᠠ ᠨᠤᠲᠤᠭ ᠤᠨ ᠪᠦᠷᠢᠨ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号