ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠤᠨ ᠬᠤᠷᠢᠨ ᠵᠢᠷᠭᠤᠳᠤᠭᠠᠷ ᠵᠦᠢᠯ᠂ | ᠲᠠᠪᠢᠨ ᠬᠤᠶᠠᠳᠤᠭᠠᠷ ᠵᠦᠢᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ | ᠤᠰᠤ ᠶᠢ ᠬᠠᠮᠠᠭᠠᠯᠠᠬᠤ ᠪᠠ ᠬᠠᠮᠢᠶᠠᠷᠬᠤ ᠳᠦᠷᠢᠮ︾ ᠤᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠨ᠂ ᠡᠳᠦᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠰᠦᠯ ᠵᠢᠴᠢ ᠭᠠᠵᠠᠷ ᠳᠣᠤᠷᠠᠬᠢ | ᠤᠰᠤᠨ ᠳᠤ ᠠᠰᠢᠭ ᠦᠭᠡᠶ ᠨᠥᠯᠥᠭᠡ ᠪᠣᠯᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠲᠥᠰᠦᠯ ᠤᠨ ᠭᠠᠵᠠᠷ | ᠳᠣᠤᠷᠠᠬᠢ ᠢᠨᠵᠧᠨᠧᠷᠢᠩ ᠤᠨ ᠤᠰᠤ ᠭᠠᠳᠠᠭᠰᠢᠯᠠᠭᠤᠯᠬᠤ ᠬᠡᠪᠴᠢᠶ᠎ᠡ᠂ ᠤᠰᠤ ᠠᠪᠬᠤ ᠵᠥᠪᠰᠢᠶᠡᠷᠡᠯ ᠢ ᠬᠠᠤᠯᠢ | ᠶᠣᠰᠣᠭᠠᠷ ᠭᠤᠶᠤᠴᠢᠯᠠᠨ ᠭᠦᠢᠴᠡᠳᠬᠡᠬᠦ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠪᠠ | ᠭᠠᠵᠠᠷ ᠳᠣᠤᠷᠠᠬᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠰᠡᠶᠢᠷᠡᠭᠦᠯᠦᠨ ᠬᠠᠳᠠᠭᠠᠬᠤ ᠤᠰᠤ | ᠭᠠᠳᠠᠭᠰᠢᠯᠠᠭᠤᠯᠬᠤ ᠬᠡᠮᠵᠢᠶ᠎ᠡ ᠶᠢᠨ ᠬᠡᠪᠴᠢᠶ᠎ᠡ ᠶᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠵᠢᠯ ᠤᠨ ᠤᠰᠤ ᠭᠠᠳᠠᠭᠰᠢᠯᠠᠭᠤᠯᠬᠤ ᠬᠡᠮᠵᠢᠶ᠎ᠡ ᠨᠢ 1 ᠲᠦᠮᠡᠨ ᠺᠦᠪ ᠮᠧᠲᠷ ᠵᠢᠴᠢ ᠲᠡᠭᠦᠨ ᠠᠴᠠ | ᠳᠡᠭᠡᠭᠰᠢᠬᠢ ᠭᠠᠵᠠᠷ ᠳᠣᠤᠷᠠᠬᠢ ᠢᠨᠵᠧᠨᠧᠷᠢᠩ ᠡᠬᠢᠯᠡᠭᠦᠯᠬᠦ ᠠᠴᠠ ᠡᠮᠦᠨ᠎ᠡ᠂ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠲᠥᠰᠦᠯ ᠪᠣᠯᠤᠨ ᠭᠠᠵᠠᠷ ᠳᠣᠤᠷᠠᠬᠢ ᠤᠰᠤᠨ ᠳᠤ ᠠᠰᠢᠭ ᠦᠭᠡᠶ ᠨᠥᠯᠥᠭᠡ ᠭᠠᠷᠬᠤ ᠶᠢ | ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠲᠥᠰᠦᠯ ᠢᠶᠠᠨ ᠬᠠᠮᠢᠶᠠᠷᠤᠯᠲᠠ ᠶᠢᠨ ᠡᠷᠬᠡ ᠮᠡᠳᠡᠯ ᠲᠠᠢ ᠤᠰᠤᠨ ᠤ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠃ | ᠬᠤᠶᠠᠷ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ᠂ ᠭᠠᠵᠠᠷ ᠳᠣᠤᠷᠠᠬᠢ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠣᠨ ᠤ ᠰᠡᠶᠢᠷᠡᠭᠦᠯᠦᠨ ᠬᠠᠳᠠᠭᠠᠬᠤ ᠤᠰᠤᠨ ᠤ ᠬᠡᠮᠵᠢᠶ᠎ᠡ ᠨᠢ 1 | ᠲᠦᠮᠡᠨ ᠪᠣᠰᠤᠭ᠎ᠠ ᠳᠥᠷᠪᠡᠯᠵᠢᠨ ᠮᠧᠲᠷ ᠵᠢᠴᠢ ᠲᠡᠭᠦᠨ ᠠᠴᠠ ᠳᠡᠭᠡᠭᠰᠢ ᠪᠠᠶᠢᠪᠠᠯ᠂ ᠤᠰᠤ ᠲᠠᠲᠠᠬᠤ ᠵᠥᠪᠰᠢᠶᠡᠷᠡᠯ ᠢ | ᠬᠠᠤᠯᠢ ᠶᠣᠰᠣᠭᠠᠷ ᠭᠤᠶᠤᠴᠢᠯᠠᠵᠤ᠂ ᠤᠰᠤ ᠭᠠᠳᠠᠭᠰᠢᠯᠠᠭᠤᠯᠬᠤ ᠶᠢ ᠬᠡᠮᠵᠢᠬᠦ ᠪᠡᠯᠡᠳᠬᠡᠮᠵᠢ ᠤᠭᠰᠠᠷᠠᠬᠤ ᠶᠢᠨ ᠬᠠᠮᠲᠤ᠂ | ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠰᠡᠶᠢᠷᠡᠭᠦᠯᠦᠨ ᠬᠠᠳᠠᠭᠠᠬᠤ ᠤᠰᠤ | ᠭᠠᠳᠠᠭᠰᠢᠯᠠᠭᠤᠯᠬᠤ ᠬᠡᠮᠵᠢᠶ᠎ᠡ ᠪᠣᠯᠤᠨ ᠭᠠᠵᠠᠷ ᠳᠣᠤᠷᠠᠬᠢ ᠤᠰᠤᠨ ᠤ ᠤᠰᠤᠨ ᠲᠦᠪᠰᠢᠨ ᠤ ᠪᠠᠶᠢᠳᠠᠯ ᠢᠶᠠᠨ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠶ᠃ | | 2024 ᠣᠨ ᠤ 3 ᠳ᠋ᠤᠭᠠᠷ ᠰᠠᠷ᠎ᠠ ᠶᠢᠨ 12 ᠤᠨ ᠡᠳᠦᠷ | |