ᠸᠠᠩ ᠵᠢᠶᠠᠨ ᠬᠤᠸᠠ | ︵ᠳᠤᠮᠳᠠᠳᠤ ᠤᠯᠤᠰ ᠤᠨ ᠤᠰᠤᠨ ᠠᠰᠢᠭᠯᠠᠯᠲᠠ ᠤᠰᠤᠨ ᠴᠠᠬᠢᠯᠭᠠᠨ ᠤ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠤᠨ ᠳᠡᠳ᠋ ᠳᠠᠷᠤᠭ᠎ᠠ︶ | ᠡᠬᠢ ᠪᠠᠶᠠᠯᠢᠭ ᠢ ᠠᠷᠪᠢᠯᠠᠬᠤ ᠪᠣᠯ ᠮᠠᠨ ᠤ ᠤᠯᠤᠰ ᠤᠨ ᠦᠨᠳᠦᠰᠦᠨ ᠪᠣᠳᠣᠯᠭ᠎ᠠ ᠮᠥᠨ ᠃ ᠤᠰᠤᠨ ᠤ ᠡᠬᠢ | ᠪᠠᠶᠠᠯᠢᠭ ᠪᠣᠯ ᠰᠠᠭᠤᠷᠢ ᠴᠢᠨᠠᠷᠲᠠᠶ ᠪᠠᠶᠢᠭᠠᠯᠢ ᠶᠢᠨ ᠡᠬᠢ ᠪᠠᠶᠠᠯᠢᠭ ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠠᠵᠤ ᠠᠬᠤᠶ ᠶᠢᠨ ᠡᠬᠢ ᠪᠠᠶᠠᠯᠢᠭ ᠪᠣᠯᠬᠤ ᠪᠥᠭᠡᠳ ᠡᠬᠢ ᠪᠠᠶᠠᠯᠢᠭ ᠢ ᠠᠷᠪᠢᠯᠠᠬᠤ ᠭᠤᠤᠯᠳᠠᠯᠭ᠎ᠠ ᠲᠠᠢ ᠬᠦᠷᠢᠶ᠎ᠡ | ᠪᠣᠯᠤᠨ᠎ᠠ ᠃ ︽ᠤᠰᠤ ᠶᠢ ᠠᠷᠪᠢᠯᠠᠨ ᠭᠠᠮᠨᠠᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ | ᠨᠡᠶᠢᠲᠡᠯᠡᠭᠰᠡᠨ ᠨᠢ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠬᠦ ᠂ ᠤᠰᠤᠨ ᠤ ᠡᠬᠢ | ᠪᠠᠶᠠᠯᠢᠭ ᠢ ᠪᠥᠬᠦ ᠲᠠᠯ᠎ᠠ ᠪᠠᠷ ᠡᠷᠴᠢᠮᠵᠢᠭᠦᠯᠦᠨ ᠠᠷᠪᠢᠯᠠᠨ ᠠᠰᠢᠭᠯᠠᠬᠤ ᠶᠢ ᠠᠬᠢᠭᠤᠯᠬᠤ ᠳᠤ ᠬᠦᠴᠦᠲᠡᠶ ᠬᠠᠤᠯᠢ ᠪᠠᠷ | ᠵᠠᠰᠠᠬᠤ ᠪᠠᠲᠤᠯᠠᠭ᠎ᠠ ᠬᠠᠩᠭᠠᠵᠤ ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠ | ᠶᠡᠷᠦᠩᠬᠡᠶ ᠱᠦᠵᠢ ᠰᠢ ᠶᠢᠨ ᠫᠢᠩ ᠤᠨ ︽ᠠᠷᠪᠠᠨ ᠵᠢᠷᠭᠤᠭᠠᠨ ᠥᠰᠥᠭ︾ ᠤᠨ ᠤᠰᠤ ᠶᠢ ᠵᠠᠰᠠᠬᠤ ᠰᠡᠳᠬᠢᠮᠵᠢ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠ ᠪᠥᠭᠡᠳ ᠠᠯᠤᠰ ᠬᠡᠲᠦ ᠶᠢᠨ ᠪᠣᠳᠠᠲᠤ ᠠᠴᠢ | ᠬᠤᠯᠪᠣᠭᠳᠠᠯ ᠲᠠᠢ ᠶᠤᠮ ᠃ | ᠨᠢᠭᠡ ᠂ ᠤᠰᠤ ᠠᠷᠪᠢᠯᠠᠬᠤ ᠬᠠᠤᠯᠢ ᠲᠣᠭᠲᠠᠭᠠᠯᠲᠠ ᠶᠢᠨ ᠴᠢᠬᠤᠯᠠ ᠠᠴᠢ ᠬᠤᠯᠪᠣᠭᠳᠠᠯ | 2014 ᠣᠨ ᠳᠤ ᠂ ᠶᠡᠷᠦᠩᠬᠡᠶ ᠱᠦᠵᠢ ᠰᠢ ᠶᠢᠨ ᠫᠢᠩ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠂ | ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ ᠂ ᠰᠢᠰᠲ᠋ᠧᠮ ᠲᠠᠢ ᠵᠠᠰᠠᠬᠤ ᠂ ᠬᠤᠶᠠᠷ ᠲᠠᠯ᠎ᠠ ᠪᠠᠷ ᠬᠦᠴᠦᠯᠡᠬᠦ︾ ᠤᠰᠤ | ᠵᠠᠰᠠᠬᠤ ᠰᠡᠳᠬᠢᠮᠵᠢ ᠶᠢ ᠳᠤᠷᠠᠳᠴᠤ ᠂ ᠤᠰᠤ ᠠᠷᠪᠢᠯᠠᠬᠤ ᠶᠢ ᠮᠠᠨ ᠤ ᠤᠯᠤᠰ ᠤᠨ ᠤᠰᠤᠨ ᠤ ᠠᠰᠠᠭᠤᠳᠠᠯ ᠢ | ᠰᠢᠢᠳᠪᠦᠷᠢᠯᠡᠬᠦ ᠂ ᠤᠰᠤᠨ ᠤ ᠠᠮᠤᠷ ᠲᠦᠪᠰᠢᠨ ᠢ ᠪᠠᠲᠤᠯᠠᠬᠤ ᠲᠡᠷᠢᠭᠦᠨ ᠰᠣᠩᠭᠤᠯᠲᠠ ᠪᠣᠯᠭᠠᠪᠠ ᠃ ᠮᠠᠨ ᠤ ᠤᠯᠤᠰ | ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠣᠷᠣᠬᠤ ᠶᠢ ᠳᠠᠭᠠᠯᠳᠤᠨ ᠂ ᠤᠰᠤᠨ ᠤ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ ᠃ ᠣᠶᠢᠷ᠎ᠠ ᠶᠢᠨ ᠵᠢᠯ ᠤᠨ | ᠲᠤᠷᠰᠢ ᠂ ᠮᠠᠨ ᠤ ᠤᠯᠤᠰ ᠤᠨ ᠤᠰᠤ ᠠᠷᠪᠢᠯᠠᠬᠤ ᠠᠵᠢᠯ ᠮᠥᠨ ᠬᠦ ᠲᠦᠷᠭᠡᠨ ᠬᠥᠭᠵᠢᠪᠡ ᠂ ᠭᠡᠪᠡᠴᠦ ᠳᠦᠷᠢᠮ ᠤᠨ | ᠬᠢᠵᠠᠭᠠᠷᠯᠠᠬᠤ ᠴᠢᠨᠠᠷ ᠨᠢ ᠴᠢᠩᠭ᠎ᠠ ᠪᠤᠰᠤ ᠂ ᠲᠥᠷᠥ ᠶᠢᠨ ᠪᠣᠳᠣᠯᠭ᠎ᠠ ᠶᠢᠨ ᠠᠯᠪᠠᠳᠠᠯᠭ᠎ᠠ ᠶᠢᠨ ᠴᠢᠨᠠᠷ ᠨᠢ ᠬᠦᠷᠦᠯᠴᠡᠬᠦ | ᠦᠭᠡᠶ ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢᠨ ᠬᠠᠤᠯᠢ ᠪᠠᠷ ᠵᠠᠰᠠᠬᠤ ᠦᠨᠳᠦᠰᠦ ᠪᠠᠷᠢᠮᠲᠠ ᠨᠢ ᠬᠦᠷᠦᠯᠴᠡᠬᠦ | ᠦᠭᠡᠶ ᠵᠡᠷᠭᠡ ᠠᠰᠠᠭᠤᠳᠠᠯ ᠣᠷᠣᠰᠢᠵᠤ ᠂ ᠤᠰᠤ ᠠᠷᠪᠢᠯᠠᠬᠤ ᠠᠵᠢᠯ ᠤᠨ ᠭᠦᠨᠵᠡᠭᠡᠶᠢᠷᠡᠨ ᠠᠬᠢᠬᠤ ᠶᠢ ᠬᠢᠵᠠᠭᠠᠷᠯᠠᠵᠤ | ᠪᠠᠶᠢᠨ᠎ᠠ ᠃ ︽ᠡᠬᠢ ᠪᠠᠶᠠᠯᠢᠭ ᠢ ᠠᠷᠪᠢᠯᠠᠨ ᠭᠠᠮᠨᠠᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠰᠠᠨᠠᠯ︾ ᠳᠤ ᠴᠢᠬᠤᠯᠠᠴᠢᠯᠠᠭᠰᠠᠨ ᠨᠢ ᠂ ᠬᠠᠥᠯᠢ ᠪᠠᠷ ᠵᠠᠰᠠᠬᠤ ᠠᠷᠭ᠎ᠠ ᠪᠠᠷᠢᠯ ᠢ ᠶᠡᠷᠦᠩᠬᠡᠶᠢᠯᠡᠨ | ᠰᠠᠶᠢᠲᠤᠷ ᠬᠡᠷᠡᠭᠯᠡᠵᠦ ᠂ ᠭᠤᠣᠯᠳᠠᠯᠭ᠎ᠠ ᠲᠠᠢ ᠠᠵᠤ ᠦᠢᠯᠡᠰ ᠂ ᠭᠤᠣᠯᠳᠠᠯᠭ᠎ᠠ ᠲᠠᠢ ᠦᠢᠯᠡᠳᠬᠦᠨ ᠤ ᠤᠰᠤᠨ ᠤ | ᠬᠤᠷᠣᠭᠳᠠᠯ ᠤᠨ ᠪᠠᠷᠢᠮᠵᠢᠶ᠎ᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠪᠠ ᠠᠯᠬᠤᠮ ᠠᠯᠬᠤᠮ ᠢᠶᠠᠷ | ᠳᠡᠭᠡᠭᠰᠢᠯᠡᠭᠦᠯᠵᠦ ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠪᠠ ᠥᠨᠳᠥᠷ ᠪᠦᠲᠦᠮᠵᠢᠲᠡᠢ | ᠠᠰᠢᠭᠯᠠᠬᠤ ᠶᠢ ᠠᠬᠢᠭᠤᠯᠬᠤ ᠬᠡᠷᠡᠭᠲᠡᠢ ᠃ ᠡᠶᠢᠮᠦᠷᠬᠦ ᠠᠬᠤᠶ ᠪᠠᠶᠢᠳᠠᠯ ᠤᠨ ᠳᠣᠤᠷ᠎ᠠ ᠂ ︽ᠲᠦᠷᠢᠮ︾ ᠢ ᠨᠡᠶᠢᠲᠡᠯᠡᠭᠰᠡᠨ | ᠶᠠᠪᠤᠳᠠᠯ ᠪᠣᠯ ᠳᠠᠷᠤᠶ ᠬᠠᠮᠤᠭ ᠤᠨ ᠳᠡᠭᠡᠳᠦ ᠲᠠᠰ ᠂ ᠬᠠᠮᠤᠭ ᠤᠨ ᠬᠠᠲᠠᠭᠤ ᠲᠦᠷᠢᠮ ᠤᠨ ᠪᠠᠶᠢᠭᠤᠯᠤᠯᠲᠠ ᠪᠠᠷ | ᠳᠠᠮᠵᠢᠭᠤᠯᠤᠨ ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠱᠠᠭᠠᠷᠳᠠᠯᠭ᠎ᠠ ᠶᠢ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠶᠠᠪᠤᠴᠠ ᠪᠠ ᠡᠯ᠎ᠡ ᠬᠦᠷᠢᠶᠡᠨ ᠳᠤ ᠲᠤᠭᠤᠰᠢᠯᠠᠭᠤᠯᠵᠤ ᠂ ᠤᠯᠤᠰ ᠤᠨ | ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠤᠯᠠᠮ ᠨᠢᠭᠡ ᠠᠯᠬᠤᠮ | ᠳᠥᠯᠭᠢᠨ ᠠᠬᠢᠭᠤᠯᠬᠤ ᠶᠠᠪᠤᠳᠠᠯ ᠪᠣᠯᠤᠨ᠎ᠠ ᠃ | ᠬᠤᠶᠠᠷ ᠂ ︽ᠲᠦᠷᠢᠮ︾ ᠤᠨ ᠣᠨᠴᠠᠯᠢᠭᠲᠤ ᠭᠢᠯᠠᠰ ᠴᠡᠭ | ︵ᠨᠢᠭᠡ︶ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠳᠠᠪᠬᠤᠷᠭ᠎ᠠ ᠳᠤ ᠤᠰᠤ ᠠᠷᠪᠢᠯᠠᠬᠤ ᠶᠢ | ᠤᠷᠢᠳ ᠢᠶᠠᠷ ᠪᠤᠳᠤᠯᠬᠢᠯᠠᠬᠤ ᠴᠢᠭᠯᠡᠯᠳᠡ ᠶᠢ ᠪᠠᠬᠢᠵᠢᠬᠦᠯᠪᠡ | ︽ᠲᠦᠷᠢᠮ︾ ᠤᠨ ᠶᠡᠷᠦᠩᠬᠡᠶ ᠲᠦᠷᠢᠮ ᠤᠨ ᠳᠥᠷᠪᠡᠳᠦᠭᠡᠷ ᠵᠤᠷᠪᠤᠰ ᠲᠤ ︽ᠤᠯᠤᠰ ᠠᠴᠠ ᠤᠰᠤ | ᠠᠷᠪᠢᠯᠠᠬᠤ ᠶᠢ ᠴᠢᠩᠭ᠎ᠠ ᠬᠡᠷᠡᠭᠵᠢᠭᠦᠯᠵᠦ ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ ᠪᠠᠷᠢᠮᠲᠠᠯᠠᠨ | ᠨᠠᠶᠢᠳᠠᠪᠤᠷᠢᠵᠢᠭᠤᠯᠵᠤ ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ ᠂ ᠤᠰᠤ | ᠠᠷᠪᠢᠯᠠᠬᠤ ᠬᠡᠯᠪᠡᠷᠢ ᠶᠢᠨ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠤᠨ᠎ᠠ ᠂ ︽ᠶᠠᠮᠠᠷᠪᠠ ᠨᠢᠭᠡᠴᠢ ᠪᠠ ᠬᠤᠪᠢ | ᠬᠥᠮᠦᠨ ᠴᠥᠮ ᠤᠰᠤ ᠠᠷᠪᠢᠯᠠᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠨ᠎ᠡ ᠃ ᠪᠥᠬᠦ ᠪᠥᠮᠪᠥᠷᠴᠡᠭ ᠤᠨ | ᠠᠭᠤᠷ ᠠᠮᠢᠰᠬᠤᠯ ᠤᠨ ᠬᠤᠪᠢᠷᠠᠯᠲᠠ ᠪᠠ ᠤᠰᠤᠨ ᠤ ᠡᠬᠢ ᠪᠠᠶᠠᠯᠢᠭ ᠤᠨ ᠬᠡᠪᠡᠷᠡᠭ ᠴᠢᠨᠠᠷ ᠴᠢᠩᠭᠠᠷᠠᠭᠰᠠᠨ ᠶᠡᠭᠡ | ᠠᠬᠤᠶ ᠪᠠᠶᠢᠳᠠᠯ ᠳᠣᠤᠷ᠎ᠠ ᠂ ︽ᠲᠦᠷᠢᠮ︾ ᠨᠢ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠴᠢᠭᠯᠡᠯᠲᠡ ᠶᠢ | ᠲᠣᠭᠲᠠᠭᠠᠬᠤ ᠪᠠᠷ ᠳᠠᠮᠵᠢᠭᠤᠯᠤᠨ ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠬᠤ ᠶᠢ ᠱᠠᠭᠠᠷᠳᠠᠵᠤ ᠂ ᠤᠰᠤ | ᠠᠷᠪᠢᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠬᠦᠴᠦᠲᠡᠶ ᠠᠬᠢᠭᠤᠯᠤᠨ ᠂ ᠤᠰᠤ ᠠᠷᠪᠢᠯᠠᠬᠤ ᠬᠡᠯᠪᠡᠷᠢ ᠶᠢᠨ | ᠨᠡᠶᠢᠭᠡᠮ ᠤᠨ ᠪᠥᠬᠦ ᠲᠠᠯ᠎ᠠ ᠶᠢᠨ ᠪᠠᠶᠢᠭᠤᠯᠤᠯᠲᠠ ᠶᠢ ᠠᠬᠢᠭᠤᠯᠵᠤ ᠂ ᠤᠯᠤᠰ ᠤᠨ ᠤᠰᠤᠨ ᠤ ᠠᠮᠤᠷ ᠲᠦᠪᠰᠢᠨ ᠤ | ᠰᠢᠰᠲ᠋ᠧᠮ ᠤᠨ ᠪᠠᠶᠢᠭᠤᠯᠤᠯᠲᠠ ᠶᠢ ᠪᠦᠲᠦᠮᠵᠢᠲᠡᠶ ᠠᠬᠢᠭᠤᠯᠵᠤ ᠂ ᠠᠮᠢ ᠠᠬᠤᠶ ᠶᠢᠨ ᠪᠣᠯᠪᠠᠰᠤᠨ ᠪᠠ ᠪᠣᠬᠢᠷᠲᠤᠯ ᠥᠬᠡᠶ | ᠬᠥᠭᠵᠢᠯᠲᠡ ᠶᠢ ᠠᠬᠢᠭᠤᠯᠬᠤ ᠪᠣᠯᠤᠨ᠎ᠠ ᠃ | ︵ᠬᠤᠶᠠᠷ︶ ᠤᠰᠤᠨ ᠤ ᠡᠬᠢ ᠪᠠᠶᠠᠯᠢᠭ ᠤᠨ ᠴᠢᠩᠭ᠎ᠠ ᠬᠢᠵᠠᠭᠠᠷᠯᠠᠯ ᠤᠨ ᠳᠦᠷᠢᠮ ᠢ ᠪᠠᠶᠢᠭᠤᠯᠬᠤ ᠶᠠᠪᠤᠳᠠᠯ ᠢ | ᠤᠰᠤ ᠠᠷᠪᠢᠯᠠᠬᠤ ᠶᠢᠨ ᠤᠷᠢᠳᠠᠴᠢ ᠨᠦᠬᠦᠴᠡᠯ ᠪᠣᠯᠭᠠᠨ᠎ᠠ | ︽ᠳᠦᠷᠢᠮ︾ ᠳᠤ ᠳᠤᠷᠠᠳᠤᠭᠰᠠᠨ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠳᠦᠷᠢᠮ ᠪᠣᠯ | ᠤᠰᠤ ᠠᠷᠪᠢᠯᠠᠬᠤ ᠬᠠᠷᠠᠯᠲᠠ ᠶᠢ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠮᠥᠨ ᠃ ︽ᠤᠰᠤ ᠪᠠᠷ ᠬᠤᠲᠠ ᠶᠢ | ᠲᠣᠭᠲᠠᠭᠠᠬᠤ ᠂ ᠤᠰᠤ ᠪᠠᠷ ᠭᠠᠵᠠᠷ ᠢ ᠲᠣᠭᠲᠠᠭᠠᠬᠤ ᠂ ᠤᠰᠤ ᠪᠠᠷ ᠬᠥᠮᠦᠨ ᠢ ᠲᠣᠭᠲᠠᠭᠠᠬᠤ ᠂ ᠤᠰᠤ ᠪᠠᠷ | ᠦᠢᠯᠡᠳᠪᠦᠷᠢᠯᠡᠯ ᠢ ᠲᠣᠭᠲᠠᠭᠠᠬᠤ︾ ᠵᠠᠷᠴᠢᠮ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠂ ᠤᠰᠤᠨ ᠤ ᠡᠬᠢ | ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠤᠯᠤᠰ ᠪᠣᠯᠤᠨ ᠭᠠᠵᠠᠷ ᠣᠷᠣᠨ ᠤ ᠬᠥᠭᠵᠢᠯᠲᠡ ᠶᠢᠨ ᠦᠨᠳᠦᠰᠦᠨ | ᠵᠠᠭᠠᠭ ᠪᠣᠯᠭᠠᠵᠤ ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠦᠨᠡᠨ ᠬᠦ ᠪᠠᠲᠤᠯᠠᠭᠰᠠᠨ ᠤᠷᠢᠲᠠᠯ | ᠳᠣᠤᠷ᠎ᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠶ ᠃ ᠡᠨᠡ ᠬᠦ ᠤᠰᠤᠨ ᠤ ᠡᠬᠢ | ᠪᠠᠶᠠᠯᠢᠭ ᠢᠶᠠᠷ ᠰᠠᠭᠤᠷᠢ ᠪᠣᠯᠭᠠᠭᠰᠠᠨ ᠬᠥᠭᠵᠢᠯᠲᠡ ᠶᠢᠨ ᠬᠡᠪ ᠵᠠᠭᠪᠤᠷ ᠲᠤ ᠡᠯ᠎ᠡ ᠱᠠᠲᠤᠨ ᠤ ᠵᠠᠰᠠᠭ ᠤᠨ ᠣᠷᠳᠣᠨ | ᠪᠣᠯᠤᠨ ᠪᠤᠶ ᠪᠦᠬᠦᠢ ᠤᠰᠤ ᠬᠡᠷᠡᠭᠯᠡᠬᠦ ᠭᠤᠤᠯ ᠴᠣᠭᠴᠠ ᠶᠢ ᠲᠥᠯᠥᠪᠵᠢᠭᠦᠯᠭᠡ ᠂ ᠪᠦᠲᠦᠭᠡᠨ ᠪᠠᠶᠢᠭᠤᠯᠤᠯᠲᠠ ᠪᠣᠯᠤᠨ | ᠦᠢᠯᠡᠳᠪᠦᠷᠢᠯᠡᠯ ᠤᠨ ᠠᠵᠢᠯᠯᠠᠭ᠎ᠠ ᠳᠤᠮᠳᠠ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢᠨ | ᠬᠢᠵᠠᠭᠠᠷᠯᠠᠯ ᠢ ᠴᠢᠩᠭ᠎ᠠ ᠵᠢᠷᠤᠮᠯᠠᠨ ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠬᠤᠪᠢᠶᠠᠷᠢᠯᠠᠬᠤ ᠪᠠ ᠥᠨᠳᠥᠷ | ᠪᠦᠲᠦᠮᠵᠢᠲᠡᠶ ᠠᠰᠢᠭᠯᠠᠬᠤ ᠶᠢ ᠠᠬᠢᠭᠤᠯᠬᠤ ᠬᠡᠷᠡᠭᠲᠡᠶ ᠃ | ︵ᠭᠤᠷᠪᠠ︶ ᠤᠰᠤ ᠠᠷᠪᠢᠯᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠰᠤ ᠬᠡᠷᠡᠭᠯᠡᠬᠦ ᠪᠦᠬᠦ ᠶᠠᠪᠤᠴᠠ ᠳᠤ | ᠲᠤᠭᠤᠰᠢᠯᠠᠭᠤᠯᠬᠤ ᠬᠡᠷᠡᠭᠲᠡᠢ | ︽ᠲᠦᠷᠢᠮ︾ ᠳᠤ ᠤᠰᠤ ᠬᠡᠷᠡᠭᠯᠡᠬᠦ ᠪᠥᠬᠦ ᠶᠠᠪᠤᠴᠠ ᠳᠤ ᠨᠠᠷᠢᠨ ᠨᠢᠮᠪᠠᠶ ᠬᠤᠪᠢᠶᠠᠷᠢᠯᠠᠯ ᠬᠢᠭᠰᠡᠨ ᠪᠥᠭᠡᠳ | ᠲᠣᠳᠣᠷᠬᠠᠶ ᠲᠣᠭᠲᠠᠭᠠᠯ ᠭᠠᠷᠭᠠᠵᠤ ᠂ ᠠᠭᠤᠯᠭ᠎ᠠ ᠨᠢ ᠤᠰᠤ ᠠᠷᠪᠢᠯᠠᠬᠤ ᠲᠥᠯᠥᠪᠵᠢᠭᠦᠯᠭᠡ ᠂ ᠲᠣᠭᠲᠠᠭᠰᠠᠨ | ᠨᠣᠷᠮ᠎ᠠ ᠶᠢᠨ ᠲᠣᠭᠲᠠᠭᠠᠯ ᠂ ᠬᠡᠮᠵᠢᠯᠲᠡ ᠪᠠ ᠤᠰᠤ ᠬᠠᠩᠭᠠᠬᠤ ᠵᠡᠷᠭᠡ ᠡᠯ᠎ᠡ ᠲᠠᠯ᠎ᠠ ᠶᠢ ᠬᠠᠮᠤᠷᠴᠠᠶ ᠃ ᠡᠨᠡ ᠬᠦ ᠪᠦᠬᠦ | ᠶᠠᠪᠤᠴᠠ ᠶᠢᠨ ᠬᠠᠮᠢᠶᠠᠷᠤᠯᠲᠠ ᠶᠢᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠪᠠ ᠴᠢᠩᠭ᠎ᠠ | ᠬᠠᠮᠢᠶᠠᠷᠬᠤ ᠪᠠᠷ ᠳᠠᠮᠵᠢᠭᠤᠯᠤᠨ ᠂ ᠤᠰᠤᠨ ᠤ ᠡᠬᠢ ᠪᠠᠶᠠᠯᠢᠭ ᠢ ᠨᠠᠷᠢᠯᠢᠭᠵᠢᠭᠤᠯᠤᠨ ᠬᠠᠮᠢᠶᠠᠷᠬᠤ ᠪᠠ ᠥᠨᠳᠥᠷ | ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠬᠦ ᠶᠢᠨ ᠲᠥᠯᠥᠭᠡ ᠶᠤᠮ ᠃ ᠢᠯᠠᠩᠭᠤᠶ᠎ᠠ ᠤᠰᠤ ᠬᠡᠷᠡᠭᠯᠡᠬᠦ ᠨᠣᠷᠮ᠎ᠠ ᠶᠢ | ᠲᠣᠭᠲᠠᠭᠠᠬᠤ ᠪᠠᠷ ᠳᠠᠮᠵᠢᠭᠤᠯᠤᠨ ᠂ ᠡᠯ᠎ᠡ ᠠᠵᠢᠯ ᠲᠥᠷᠥᠯ ᠂ ᠡᠯ᠎ᠡ ᠬᠦᠷᠢᠶ᠎ᠡ ᠴᠠᠷᠠᠭ᠎ᠠ ᠶᠢᠨ ᠤᠰᠤ ᠬᠡᠷᠡᠭᠯᠡᠬᠦ | ᠪᠠᠷᠢᠮᠵᠢᠶ᠎ᠠ ᠪᠠ ᠬᠢᠵᠠᠭᠠᠷ ᠲᠤᠭ᠎ᠠ ᠶᠢ ᠲᠣᠳᠣᠷᠬᠠᠶᠢᠯᠠᠵᠤ ᠂ ᠤᠰᠤ ᠠᠷᠪᠢᠯᠠᠬᠤ ᠳᠤ ᠬᠡᠮᠵᠢᠶᠡᠵᠢᠭᠦᠯᠦᠭᠰᠡᠨ | ᠦᠨᠳᠦᠰᠦᠯᠡᠯ ᠪᠠ ᠬᠠᠷᠠᠯᠲᠠ ᠬᠠᠩᠭᠠᠪᠠ ᠃ ᠡᠭᠦᠨ ᠤ ᠬᠠᠮᠲᠤ ᠂ ᠤᠰᠤ ᠬᠡᠷᠡᠭᠯᠡᠬᠦ ᠬᠡᠮᠵᠢᠯᠲᠡ ᠪᠠ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ ᠂ ᠤᠰᠤ ᠬᠡᠷᠡᠭᠯᠡᠬᠦ ᠠᠵᠢᠯᠯᠠᠭ᠎ᠠ ᠶᠢᠨ ᠲᠣᠭᠲᠠᠭᠠᠯ ᠳᠤ ᠨᠡᠶᠢᠴᠡᠬᠦ ᠴᠢᠨᠠᠷ ᠵᠢᠴᠢ | ᠤᠰᠤ ᠠᠷᠪᠢᠯᠠᠬᠤ ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠃ | ︵ᠲᠦᠷᠪᠡ︶ ᠪᠦᠬᠦ ᠬᠦᠷᠢᠶ᠎ᠡ ᠴᠠᠷᠠᠭ᠎ᠠ ᠳᠤ ᠶᠡᠷᠦᠩᠬᠡᠢ ᠤᠰᠤ ᠠᠷᠪᠢᠯᠠᠬᠤ ᠠᠷᠭ᠎ᠠ ᠬᠡᠮᠵᠢᠶ᠎ᠡ ᠠᠪᠤᠨ᠎ᠠ | ︽ᠳᠦᠷᠢᠮ︾ ᠨᠢ ᠠᠵᠤ ᠦᠢᠯᠡᠳᠪᠦᠷᠢ ᠂ ᠲᠠᠷᠢᠶᠠᠯᠠᠩ ᠂ ᠠᠮᠢᠳᠤᠷᠠᠯ ᠵᠡᠷᠭᠡ ᠣᠯᠠᠨ ᠲᠠᠯ᠎ᠠ ᠪᠠᠷ | ᠶᠡᠷᠦᠩᠬᠡᠶᠢᠯᠡᠭᠰᠡᠨ ᠴᠢᠨᠠᠷᠲᠠᠶ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ ᠃ ᠠᠵᠤ | ᠦᠢᠯᠡᠳᠪᠦᠷᠢ ᠶᠢᠨ ᠬᠦᠷᠢᠶ᠎ᠡ ᠬᠡᠪᠴᠢᠶᠡᠨ ᠳᠤ ᠂ ᠠᠵᠤ ᠠᠬᠤᠶᠢᠯᠠᠯ ᠤᠨ ᠤᠰᠤ ᠠᠷᠪᠢᠯᠠᠬᠤ ᠲᠡᠷᠢᠭᠦᠨ ᠤ ᠮᠡᠷᠭᠡᠵᠢᠯ ᠪᠠ | ᠲᠥᠬᠦᠭᠡᠷᠦᠮᠵᠢ ᠬᠡᠷᠡᠭᠯᠡᠬᠦ ᠶᠢ ᠵᠣᠷᠢᠭᠵᠢᠭᠤᠯᠵᠤ ᠂ ᠤᠰᠤ ᠶᠢ ᠡᠷᠭᠢᠯᠳᠦᠭᠦᠯᠦᠨ ᠬᠡᠷᠡᠭᠯᠡᠬᠦ ᠪᠠ ᠬᠠᠶᠠᠭᠳᠠᠮᠠᠯ ᠤᠰᠤ ᠶᠢ | ᠡᠭᠡᠭᠦᠯᠦᠨ ᠬᠡᠷᠡᠭᠯᠡᠬᠦ ᠶᠢ ᠪᠡᠶᠡᠯᠡᠭᠦᠯᠵᠦ ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠃ | ᠲᠠᠷᠢᠶᠠᠯᠠᠩ ᠤᠨ ᠬᠦᠷᠢᠶ᠎ᠡ ᠬᠡᠪᠴᠢᠶᠡᠨ ᠳᠤ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠵᠦ ᠂ | ᠲᠠᠷᠢᠶᠠᠯᠠᠩ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢ ᠰᠢᠯᠢᠳᠡᠭᠵᠢᠭᠦᠯᠦᠨ ᠂ ᠤᠰᠤᠯᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠃ ᠠᠮᠢᠳᠤᠷᠠᠯ ᠤᠨ ᠬᠦᠷᠢᠶ᠎ᠡ ᠬᠡᠪᠴᠢᠶᠡᠨ ᠳᠤ ᠬᠤᠲᠠ ᠶᠢᠨ ᠤᠰᠤ | ᠠᠷᠪᠢᠯᠠᠬᠤ ᠪᠠ ᠬᠥᠳᠡᠭᠡ ᠲᠣᠰᠬᠤᠨ ᠤ ᠤᠰᠤ ᠠᠷᠪᠢᠯᠠᠬᠤ ᠶᠢ ᠲᠦᠯᠬᠢᠨ ᠠᠬᠢᠭᠤᠯᠵᠤ ᠂ ᠣᠯᠠᠨ ᠨᠡᠶᠢᠲᠡ ᠶᠢᠨ ᠤᠰᠤ | ᠠᠷᠪᠢᠯᠠᠬᠤ ᠦᠵᠡᠯ ᠤᠬᠠᠮᠰᠠᠷ ᠪᠣᠯᠤᠨ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ ᠃ ᠡᠭᠦᠨ ᠠᠴᠠ | ᠭᠠᠳᠠᠨ᠎ᠠ ᠂ ︽ᠲᠦᠷᠢᠮ︾ ᠳᠤ ᠪᠠᠰᠠ ᠡᠩ ᠤᠨ ᠪᠤᠰᠤ ᠤᠰᠤ ᠶᠢ ᠠᠰᠢᠭᠯᠠᠬᠤ ᠶᠢ ᠵᠣᠷᠢᠭᠵᠢᠭᠤᠯᠵᠤ ᠂ ᠳᠠᠬᠢᠯᠲᠠ | ᠤᠰᠤ ᠶᠢ ᠠᠰᠢᠭᠯᠠᠬᠤ ᠂ ᠪᠣᠷᠣᠭᠠᠨ ᠤ ᠤᠰᠤ ᠶᠢ ᠴᠤᠭᠯᠠᠭᠤᠯᠬᠤ ᠪᠠ ᠳᠠᠯᠠᠢ ᠶᠢᠨ ᠤᠰᠤ ᠶᠢ ᠴᠡᠩᠭᠡᠭᠵᠢᠭᠦᠯᠬᠦ ᠂ | ᠤᠰᠤᠨ ᠤ ᠡᠬᠢ ᠪᠠᠶᠠᠯᠢᠭ ᠤᠨ ᠬᠠᠩᠭᠠᠯᠭ᠎ᠠ ᠶᠢᠨ ᠵᠠᠮ ᠢ ᠥᠷᠭᠡᠳᠬᠡᠬᠦ ᠬᠡᠷᠡᠭᠲᠡᠢ ᠃ | ︵ᠲᠠᠪᠤ︶ ᠤᠰᠤ ᠠᠷᠪᠢᠯᠠᠬᠤ ᠠᠵᠤ ᠦᠢᠯᠡᠰ ᠤᠨ ᠬᠦᠭᠵᠢᠯᠲᠡ ᠶᠢ ᠠᠬᠢᠭᠤᠯᠬᠤ ᠶᠠᠪᠤᠳᠠᠯ ᠢ ᠳᠤᠪᠤᠶᠢᠮ᠎ᠠ | ᠪᠠᠶᠢᠷᠢᠨ ᠳᠤ ᠲᠠᠯᠪᠢᠪᠠ | ︽ᠳᠦᠷᠢᠮ︾ ᠳᠤ ᠤᠰᠤ ᠠᠷᠪᠢᠯᠠᠬᠤ ᠠᠵᠤ ᠦᠢᠯᠡᠰ ᠪᠠ ᠤᠰᠤ ᠠᠷᠪᠢᠯᠠᠬᠤ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢ ᠴᠢᠬᠤᠯᠠᠴᠢᠯᠠᠵᠤ ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰᠵᠢᠭᠦᠯᠦᠨ ᠬᠡᠷᠡᠭᠯᠡᠬᠦ ᠪᠠᠷ | ᠳᠠᠮᠵᠢᠭᠤᠯᠤᠨ ᠂ ᠤᠰᠤ ᠠᠷᠪᠢᠯᠠᠬᠤ ᠮᠡᠷᠭᠡᠵᠢᠯ ᠪᠠ ᠦᠢᠯᠡᠳᠬᠦᠨ ᠢ ᠥᠷᠭᠡᠨ ᠢᠶᠠᠷ ᠬᠡᠷᠡᠭᠯᠡᠬᠦ ᠶᠢ ᠲᠦᠯᠬᠢᠨ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ ᠠᠵᠤ ᠠᠬᠤᠶᠢᠯᠠᠯ ᠪᠣᠯᠤᠨ ᠰᠤᠳᠤᠯᠤᠯ ᠤᠨ ᠪᠠᠶᠢᠭᠤᠯᠤᠮᠵᠢ ᠶᠢᠨ ᠤᠰᠤ | ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠶᠢ ᠵᠣᠷᠢᠭᠵᠢᠭᠤᠯᠵᠤ ᠂ ᠤᠰᠤ ᠠᠷᠪᠢᠯᠠᠬᠤ | ᠦᠢᠯᠡᠳᠬᠦᠨ ᠤ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ ᠃ ᠡᠭᠦᠨ ᠤ ᠬᠠᠮᠲᠤ ᠂ | ᠤᠰᠤᠨ ᠤ ᠠᠰᠢᠭᠯᠠᠮᠵᠢ ᠶᠢᠨ ᠲᠡᠮᠳᠡᠭ ᠤᠨ ᠬᠠᠮᠢᠶᠠᠷᠤᠯᠲᠠ ᠪᠠ ᠶᠠᠰᠤ ᠴᠢᠨᠠᠷ ᠤᠨ ᠭᠡᠷᠡᠴᠢᠯᠡᠭᠡ ᠶᠢ ᠬᠡᠷᠡᠭᠵᠢᠭᠦᠯᠬᠦ ᠪᠠᠷ | ᠳᠠᠮᠵᠢᠭᠤᠯᠤᠨ ᠂ ᠬᠡᠷᠡᠭᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠦᠢᠯᠡᠳᠬᠦᠨ ᠢ | ᠰᠣᠩᠭᠤᠵᠤ ᠂ ᠤᠰᠤ ᠠᠷᠪᠢᠯᠠᠬᠤ ᠦᠢᠯᠡᠳᠬᠦᠨ ᠪᠠ ᠮᠡᠷᠭᠡᠵᠢᠯ ᠤᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ | ᠲᠣᠭᠤᠷᠢᠨ ᠢ ᠪᠣᠶ ᠪᠣᠯᠭᠠᠬᠤ ᠬᠡᠷᠡᠭᠲᠡᠶ ᠃ | ︵ᠵᠢᠷᠭᠤᠭ᠎ᠠ︶ ᠱᠠᠩᠨᠠᠵᠤ ᠲᠣᠷᠭᠠᠬᠤ ᠶᠢ ᠵᠡᠷᠭᠡ ᠪᠠᠷ ᠬᠡᠷᠡᠭᠯᠡᠨ ᠤᠰᠤ ᠠᠷᠪᠢᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠪᠠ | ᠤᠰᠤ ᠠᠷᠪᠢᠯᠠᠬᠤ ᠠᠷᠭ᠎ᠠ ᠬᠡᠮᠵᠢᠶ᠎ᠡ ᠶᠢᠨ ᠪᠦᠲᠦᠮᠵᠢᠲᠡᠶ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠥᠯᠥᠭᠡ ᠂ | ︽ᠲᠦᠷᠢᠮ︾ ᠳᠤ ᠠᠯᠢ ᠣᠯᠠᠨ ᠤᠷᠮᠠᠰᠢᠭᠤᠯᠬᠤ ᠪᠠ ᠱᠠᠩᠨᠠᠵᠤ ᠲᠣᠷᠭᠠᠬᠤ ᠲᠣᠭᠲᠠᠴᠠ ᠶᠢ ᠳᠤᠷᠠᠳᠤᠨ ᠭᠠᠷᠭᠠᠪᠠ ᠃ | ᠤᠰᠤ ᠠᠷᠪᠢᠯᠠᠬᠤ ᠱᠠᠩᠨᠠᠯ ᠬᠥᠬᠢᠭᠦᠯᠦᠯ ᠪᠠ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠲᠣᠭᠲᠠᠭᠠᠬᠤ ᠪᠠᠷ | ᠳᠠᠮᠵᠢᠭᠤᠯᠤᠨ ᠂ ᠡᠯ᠎ᠡ ᠱᠠᠲᠤᠨ ᠤ ᠵᠠᠰᠠᠭ ᠤᠨ ᠣᠷᠳᠣᠨ ᠂ ᠠᠵᠤ ᠠᠬᠤᠶᠢᠯᠠᠯ ᠪᠠ ᠬᠤᠪᠢ ᠬᠥᠮᠦᠨ ᠤ ᠪᠦᠲᠦᠮᠵᠢᠲᠡᠶ | ᠤᠰᠤ ᠠᠷᠪᠢᠯᠠᠬᠤ ᠠᠷᠭ᠎ᠠ ᠬᠡᠮᠵᠢᠶ᠎ᠡ ᠠᠪᠬᠤ ᠶᠢ ᠵᠣᠷᠢᠭᠵᠢᠭᠤᠯᠤᠨ᠎ᠠ ᠃ ᠡᠭᠦᠨ ᠤ ᠬᠠᠮᠲᠤ ᠂ ᠤᠰᠤ ᠠᠷᠪᠢᠯᠠᠬᠤ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠣᠬᠢᠴᠠᠩᠭᠤᠶ ᠪᠦᠬᠦᠢ ᠬᠠᠤᠯᠢ ᠴᠠᠭᠠᠵᠠ ᠶᠢᠨ | ᠬᠠᠷᠢᠭᠤᠴᠠᠯᠭ᠎ᠠ ᠪᠣᠯᠤᠨ ᠰᠢᠢᠳᠭᠡᠨ ᠲᠣᠷᠭᠠᠬᠤ ᠠᠷᠭ᠎ᠠ ᠬᠡᠮᠵᠢᠶ᠎ᠡ ᠲᠣᠭᠲᠠᠭᠠᠵᠤ ᠂ ᠤᠰᠤ ᠠᠷᠪᠢᠯᠠᠬᠤ ᠲᠥᠷᠥ ᠶᠢᠨ | ᠪᠣᠳᠣᠯᠭ᠎ᠠ ᠶᠢᠨ ᠲᠥᠪ ᠴᠢᠩᠭ᠎ᠠ ᠴᠢᠨᠠᠷ ᠪᠣᠯᠤᠨ ᠬᠡᠷᠡᠭᠵᠢᠭᠦᠯᠬᠦ ᠬᠦᠴᠦᠨ ᠢ ᠦᠨᠡᠨ ᠬᠦ ᠪᠠᠲᠤᠯᠠᠬᠤ ᠬᠡᠷᠡᠭᠲᠡᠶ ᠃ | ᠭᠤᠷᠪᠠ ᠂ ︽ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠬᠤ ᠬᠡᠷᠡᠭᠲᠡᠶ | ᠤᠰᠤ ᠶᠢ ᠠᠷᠪᠢᠯᠠᠵᠤ ᠬᠡᠷᠡᠭᠯᠡᠬᠦ ᠠᠵᠢᠯ ᠤᠨ ᠴᠢᠬᠤᠯᠠ ᠣᠨᠴᠠᠯᠢᠭ ᠪᠣᠯ ᠳᠠᠷᠤᠶ ᠨᠡᠶᠢᠭᠡᠮ ᠤᠨ ᠡᠯ᠎ᠡ ᠠᠵᠢᠯ | ᠲᠥᠷᠥᠯ ᠤᠨ ᠬᠦᠷᠢᠶ᠎ᠡ ᠴᠠᠷᠠᠭ᠎ᠠ ᠳᠤ ᠬᠤᠯᠪᠣᠭᠳᠠᠬᠤ ᠂ ᠵᠠᠰᠠᠭ ᠤᠨ ᠣᠷᠳᠣᠨ ᠂ ᠠᠵᠤ ᠠᠬᠤᠶᠢᠯᠠᠯ ᠂ ᠣᠯᠠᠨ ᠨᠡᠶᠢᠲᠡ | ᠵᠡᠷᠭᠡ ᠡᠯ᠎ᠡ ᠲᠥᠷᠥᠯ ᠤᠨ ᠭᠤᠤᠯ ᠴᠣᠭᠴᠠ ᠳᠤ ᠬᠤᠯᠪᠣᠭᠳᠠᠬᠤ ᠂ ᠬᠥᠮᠦᠨ ᠨᠢᠭᠡᠪᠦᠷᠢ ᠪᠠ ᠵᠣᠬᠢᠶᠠᠨ ᠪᠠᠶᠢᠭᠤᠯᠤᠯᠲᠠ | ᠴᠥᠮ ᠤᠰᠤ ᠠᠷᠪᠢᠯᠠᠬᠤ ᠤᠷᠢᠶᠠᠯᠠᠭ᠎ᠠ ᠶᠢ ᠢᠳᠡᠪᠬᠢᠲᠡᠶ ᠪᠠᠷ ᠴᠤᠤᠷᠢᠶᠠᠲᠤᠨ ᠳᠠᠭᠠᠵᠤ ᠂ ᠬᠠᠮᠲᠤ ᠪᠠᠷ ᠴᠢᠷᠮᠠᠶᠢᠬᠤ | ᠴᠢᠬᠤᠯᠠᠲᠠᠶ ᠶᠤᠮ ᠃ ︽ᠲᠦᠷᠢᠮ︾ ᠢ ᠬᠡᠷᠡᠭᠵᠢᠭᠦᠯᠬᠦ ᠨᠢ ᠪᠥᠬᠦ ᠨᠡᠶᠢᠭᠡᠮ ᠢᠶᠠᠷ ᠢᠶᠠᠨ ᠤᠰᠤ ᠠᠷᠪᠢᠯᠠᠬᠤ ᠳᠤ | ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠪᠦᠲᠦᠮᠵᠢᠲᠡᠶ ᠬᠥᠲᠥᠯᠦᠨ | ᠵᠢᠯᠣᠭᠤᠳᠬᠤ ᠪᠠ ᠠᠬᠢᠭᠤᠯᠵᠤ ᠂ ᠪᠥᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠪᠠ ᠤᠰᠤ ᠠᠷᠪᠢᠯᠠᠬᠤ | ᠤᠷ᠎ᠠ ᠴᠢᠳᠠᠪᠤᠷᠢ ᠶᠢ ᠳᠡᠭᠡᠭᠰᠢᠯᠡᠭᠦᠯᠦᠨ ᠂ ᠮᠠᠨ ᠤ ᠤᠯᠤᠰ ᠤᠨ ᠤᠰᠤ ᠠᠷᠪᠢᠯᠠᠬᠤ ᠬᠠᠮᠢᠶᠠᠷᠤᠯᠲᠠ ᠶᠢᠨ | ᠣᠳᠣᠬᠢᠴᠢᠯᠠᠯᠲᠠ ᠶᠢᠨ ᠠᠬᠢᠴᠠ ᠶᠢ ᠳᠥᠯᠭᠢᠨ ᠠᠬᠢᠭᠤᠯᠬᠤ ᠪᠣᠯᠤᠨ᠎ᠠ ᠃ | |