— 2024 ᠣᠨ ᠤ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠭᠠᠷᠠᠭ︾ | ᠢ ᠪᠢᠴᠢᠬᠦ ᠲᠠᠰᠢᠷᠠᠮ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ | 2024 ᠣᠨ ᠤ 3 ᠳ᠋ᠤᠭᠠᠷ ᠰᠠᠷ᠎ᠠ ᠶᠢᠨ 22 ᠤᠨ ᠡᠳᠦᠷ ᠪᠣᠯ 32 ᠳ᠋ᠤᠭᠠᠷ ᠬᠤᠭᠤᠴᠠᠭᠠᠨ ᠤ ︽ | ᠳᠡᠯᠡᠬᠡᠶ ᠶᠢᠨ ᠤᠰᠤᠨ ᠤ ᠡᠳᠦᠷ︾ ᠪᠣᠯᠤᠨ᠎ᠠ᠂ 3 ᠳ᠋ᠤᠭᠠᠷ ᠰᠠᠷ᠎ᠠ ᠶᠢᠨ 22 ᠤᠨ ᠡᠳᠦᠷ ᠠᠴᠠ 28 ᠤ ᠡᠳᠦᠷ | ᠪᠣᠯᠲᠠᠯ᠎ᠠ 37 ᠳ᠋ᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠭᠠᠷᠠᠭ︾ ᠪᠣᠯᠤᠨ᠎ᠠ᠃ ᠤᠰᠤ ᠪᠣᠯ | ᠠᠮᠢ ᠨᠠᠰᠤᠨ ᠤ ᠡᠬᠢ ᠰᠤᠷᠪᠤᠯᠵᠢ᠂ ᠦᠢᠯᠡᠳᠪᠦᠷᠢᠯᠡᠯ ᠤᠨ ᠴᠢᠬᠤᠯᠠ ᠵᠦᠢᠯ᠂ ᠠᠮᠢ ᠠᠬᠤᠢ ᠶᠢᠨ ᠰᠠᠭᠤᠷᠢ ᠮᠥᠨ᠂ | ᠠᠮᠢ ᠠᠬᠤᠢ ᠶᠢᠨ ᠣᠷᠴᠢᠨ ᠲᠣᠭᠤᠷᠢᠨ ᠤ ᠬᠠᠮᠤᠭ ᠤᠨ ᠴᠢᠬᠤᠯᠠ ᠬᠢᠵᠠᠭᠠᠷᠯᠠᠬᠤ ᠴᠢᠨᠠᠷᠲᠠᠢ ᠡᠯᠧᠮᠧᠨ᠋ᠲ ᠤᠨ ᠨᠢᠭᠡ | ᠮᠥᠨ᠃ 2014 ᠣᠨ ᠤ 3 ᠳ᠋ᠤᠭᠠᠷ ᠰᠠᠷ᠎ᠠ ᠶᠢᠨ 14 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠲᠥᠪ ᠤᠨ | ᠡᠳ᠋ ᠤᠨ ᠵᠠᠰᠠᠭ ᠠᠵᠤ ᠠᠬᠤᠶ ᠶᠢᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠳᠡᠭᠡᠷ᠎ᠡ | ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠲᠤᠬᠠᠶ ᠴᠢᠬᠤᠯᠠ ᠶᠠᠷᠢᠶ᠎ᠠ ᠲᠠᠯᠪᠢᠵᠤ᠂ ᠰᠢᠨ᠎ᠡ ᠶᠢ ᠡᠭᠦᠳᠬᠦ | ᠴᠢᠨᠠᠷᠲᠠᠶ ᠪᠠᠷ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ | ᠰᠢᠰᠲ᠋ᠧᠮ ᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠳᠤᠷᠠᠳᠴᠤ᠂ ᠰᠢᠨ᠎ᠡ | ᠴᠠᠭ ᠦᠶ᠎ᠡ ᠶᠢᠨ ᠤᠰᠤ ᠶᠢ ᠵᠠᠰᠠᠬᠤ ᠠᠵᠢᠯ ᠳᠤ ᠰᠢᠨᠵᠢᠯᠡᠬᠦ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ | ᠬᠠᠩᠭᠠᠪᠠ᠃ ᠥᠪᠥᠷ ᠮᠣᠩᠭᠤᠯ ᠪᠣᠯ ᠤᠰᠤ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ ᠣᠷᠣᠨ ᠪᠣᠯᠬᠤᠷ᠂ | ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠨᠢ ᠤᠷᠲᠤ ᠬᠤᠭᠤᠴᠠᠭ᠎ᠠ ᠪᠠᠷ ᠥᠪᠡᠷᠲᠡᠭᠡᠨ ᠵᠠᠰᠠᠬᠤ ᠣᠷᠣᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠤᠶ᠃ 10 ᠵᠢᠯ ᠤᠨ ᠲᠤᠷᠰᠢ᠂ ᠪᠥᠬᠦ | ᠣᠷᠣᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠤᠰᠤ ᠶᠢ ᠵᠠᠰᠠᠬᠤ ᠰᠡᠳᠬᠢᠴᠡ ᠪᠠ ᠤᠰᠤ ᠶᠢ ᠵᠠᠰᠠᠬᠤ | ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠳᠥᠷᠪᠡᠨ | ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠶᠢ ᠪᠠᠷᠢᠮᠲᠠᠯᠠᠨ᠂ | ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ᠂ ᠤᠰᠤᠨ ᠤ ᠡᠬᠢ ᠪᠠᠶᠠᠯᠢᠭ ᠢ | ᠨᠠᠷᠢᠨ ᠨᠢᠮᠪᠠᠶ ᠲᠥᠯᠥᠪᠯᠡᠨ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠶ ᠰᠠᠶᠢᠲᠤᠷ | ᠬᠠᠮᠢᠶᠠᠷᠴᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠤᠰᠤ ᠪᠠᠷ ᠲᠣᠭᠲᠠᠭᠠᠵᠤ᠂ ᠤᠰᠤᠨ ᠤ ᠬᠡᠮᠵᠢᠶ᠎ᠡ ᠪᠠᠷ | ᠬᠢᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠤᠰᠤᠨ ᠤ | ᠡᠬᠢ ᠪᠠᠶᠠᠯᠢᠭ ᠤᠨ ᠲᠤᠯᠭᠠᠭᠤᠷᠢᠯᠠᠯ ᠬᠠᠩᠭᠠᠪᠠ᠃ | ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ | ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠪᠠᠷᠢᠮᠲᠠᠯᠠᠨ᠎ᠠ | ᠤᠰᠤ ᠠᠷᠪᠢᠯᠠᠬᠤ ᠪᠣᠯ ᠮᠠᠨ ᠤ ᠣᠷᠣᠨ ᠤ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ | ᠰᠢᠢᠳᠪᠦᠷᠢᠯᠡᠬᠦ ᠦᠨᠳᠦᠰᠦᠨ ᠭᠠᠷᠬᠤ ᠵᠠᠮ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠠᠴᠠ ᠤᠷᠢᠳ ᠡᠮᠦᠨ᠎ᠡ ᠪᠠᠶᠢᠭ᠎ᠠ ᠦᠭᠡᠢ | ᠡᠷᠴᠢᠮ ᠢᠶᠠᠷ ᠤᠰᠤ ᠠᠷᠪᠢᠯᠠᠵᠤ ᠤᠰᠤ ᠶᠢ ᠡᠵᠡᠮᠳᠡᠬᠦ ᠠᠵᠢᠯᠯᠠᠭ᠎ᠠ ᠶᠢ ᠥᠷᠨᠢᠭᠦᠯᠵᠦ᠂ ᠤᠰᠤ ᠶᠢ ᠡᠷᠡᠰ ᠠᠷᠪᠢᠯᠠᠵᠤ᠂ | ᠤᠰᠤ ᠶᠢ ᠴᠡᠪᠡᠷᠰᠢᠭᠦᠯᠵᠦ᠂ ᠤᠰᠤ ᠶᠢ ᠰᠠᠶᠢᠵᠢᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ | ᠬᠤᠪᠢᠳᠠᠨ ᠬᠠᠮᠢᠶᠠᠷᠴᠤ ᠪᠥᠬᠦᠶ ᠳᠡᠳ᠋ ᠲᠡᠷᠢᠭᠦᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠲᠤᠰᠬᠠᠶ | ᠳᠤᠭᠤᠶᠢᠯᠠᠩ ᠢ ᠪᠠᠶᠢᠭᠤᠯᠵᠤ᠂ ᠪᠥᠬᠦ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ | ᠠᠰᠢᠭᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠷᠢᠳ ᠬᠤᠵᠢᠳ ᠤᠰᠤᠨ ᠤ ᠡᠬᠢ ᠪᠠᠶᠠᠯᠢᠭ ᠢ | ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠶᠡᠷᠦᠩᠬᠡᠶ ᠲᠥᠰᠦᠯ᠂ ︽ᠨᠢᠭᠡ ᠠᠶᠢᠮᠠᠭ ︵ᠬᠤᠲᠠ︶ ᠳᠤ | ᠨᠢᠭᠡ ᠠᠷᠭ᠎ᠠ ᠪᠣᠳᠣᠯᠭ᠎ᠠ︾ ᠪᠠ ︽ᠤᠰᠤ ᠪᠠᠷ ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ ᠰᠢᠢᠳᠪᠦᠷᠢᠯᠡᠵᠦ | ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠲᠥᠰᠦᠯ ᠵᠡᠷᠭᠡ | ᠰᠢᠷᠢᠰ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠵᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ | ᠠᠰᠢᠭᠯᠠᠬᠤ ᠶᠢ ᠦᠷᠭᠦᠯᠵᠢᠯᠡᠨ ᠠᠬᠢᠭᠤᠯᠪᠠ᠃ ᠲᠠᠷᠢᠶᠠᠯᠠᠩ ᠤᠨ ᠤᠰᠤ ᠠᠷᠪᠢᠯᠠᠬᠤ ᠲᠠᠯ᠎ᠠ ᠪᠠᠷ᠂ ︽ᠶᠡᠭᠡ ᠤᠰᠤ ᠪᠠᠷ | ᠨᠡᠯᠦ᠋ᠢᠲᠡᠯ᠎ᠡ ᠤᠰᠤᠯᠠᠬᠤ︾᠂ ︽ᠬᠤᠭᠤᠰᠤᠨ ᠭᠠᠵᠠᠷ ᠢ ᠤᠰᠤᠯᠠᠬᠤ︾ ᠵᠡᠷᠭᠡ ᠲᠤᠪᠤᠶᠢᠮ᠎ᠠ ᠠᠰᠠᠭᠤᠳᠠᠯ ᠳᠤ | ᠬᠦᠴᠦᠯᠡᠨ ᠴᠣᠬᠢᠯᠲᠠ ᠥᠭᠪᠡ᠃ 2014 ᠣᠨ ᠠᠴᠠ ᠨᠠᠭᠠᠰᠢ᠂ ᠨᠡᠶᠢᠲᠡ 104 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠵᠤ᠂ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠣᠳᠣᠬᠢᠴᠢᠯᠠᠭᠰᠠᠨ | ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤᠯᠠᠯᠲᠠ ᠶᠢᠨ ᠲᠠᠯᠠᠪᠠᠶ ᠶᠢ 1580 ᠲᠦᠮᠡᠨ ᠮᠦ ᠰᠠᠶᠢᠵᠢᠷᠠᠭᠤᠯᠪᠠ᠃ | 2023 ᠣᠨ ᠳᠤ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠬᠡᠮᠵᠢᠶ᠎ᠡ ᠶᠢ 8.8 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠭᠠᠨ ᠪᠠᠭᠠᠰᠬᠠᠵᠤ᠂ ᠡᠩ ᠤᠨ ᠵᠢᠯ ᠤᠨ ᠬᠢ ᠠᠴᠠ 45% ᠪᠠᠷ | ᠪᠠᠭᠠᠰᠬᠠᠨ᠎ᠠ︔ ᠭᠠᠵᠠᠷ ᠳᠣᠤᠷᠠᠬᠢ ᠤᠰᠤᠨ ᠬᠤᠳᠳᠤᠭ ᠤᠨ ᠤᠰᠤᠯᠠᠯᠲᠠ ᠶᠢᠨ ᠣᠷᠣᠨ ᠳᠤ ︽ᠴᠠᠬᠢᠯᠭᠠᠨ ᠢᠶᠠᠷ | ᠤᠰᠤ ᠶᠢ ᠨᠤᠭᠤᠯᠬᠤ︾ ᠬᠡᠮᠵᠢᠯᠲᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ | ᠪᠦᠲᠦᠮᠵᠢᠲᠡᠶ ᠬᠡᠮᠵᠢᠯᠲᠡ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠬᠤᠲᠠ ᠪᠠᠯᠭᠠᠰᠤᠨ ᠤ ᠤᠰᠤ | ᠠᠷᠪᠢᠯᠠᠬᠤ ᠲᠠᠯ᠎ᠠ ᠪᠠᠷ᠂ ᠪᠦᠬᠦ ᠣᠷᠣᠨ ᠤ 73 ᠬᠤᠰᠢᠭᠤ ᠰᠢᠶᠠᠨ ︵ᠬᠤᠲᠠ᠂ ᠲᠣᠭᠤᠷᠢᠭ︶ ᠨᠢ ᠤᠰᠤ ᠠᠷᠪᠢᠯᠠᠬᠤ | ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠴᠦ᠂ ᠪᠠᠶᠢᠭᠤᠯᠤᠭᠰᠠᠨ ᠨᠣᠷᠮ᠎ᠠ ᠨᠢ | 71% ᠳᠤ ᠬᠦᠷᠪᠡ᠃ ᠬᠥᠬᠡᠬᠤᠲᠠ᠂ ᠪᠤᠭᠤᠲᠤ ᠵᠡᠷᠭᠡ ᠤᠰᠤ ᠳᠤᠲᠠᠭᠳᠠᠵᠤ ᠪᠠᠶᠢᠭ᠎ᠠ 5 ᠣᠷᠣᠨ ᠤ ᠲᠠᠰ ᠤᠨ | ᠬᠤᠲᠠ ᠦᠨᠳᠦᠰᠦᠨ ᠳᠡᠭᠡᠨ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠠᠷᠢᠮᠵᠢᠶ᠎ᠠ ᠳᠤ ᠬᠦᠷᠪᠡ᠃ | ᠠᠵᠤ ᠦᠢᠯᠡᠳᠪᠦᠷᠢ ᠶᠢᠨ ᠤᠰᠤ ᠠᠷᠪᠢᠯᠠᠬᠤ ᠲᠠᠯ᠎ᠠ ᠪᠠᠷ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ | ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤ ᠠᠷᠪᠢᠯᠠᠬᠤ | ᠬᠡᠪ ᠳᠠᠭᠤᠷᠢᠶᠠᠯ ᠤᠨ ᠠᠵᠤ ᠠᠬᠤᠶᠢᠯᠠᠯ 16᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠨᠡᠶᠢᠲᠡ 57 | ᠪᠠᠶᠢᠭᠤᠯᠪᠠ᠃ 10 ᠵᠢᠯ ᠤᠨ ᠲᠤᠷᠰᠢ᠂ ᠤᠰᠤ ᠠᠷᠪᠢᠯᠠᠬᠤ ᠠᠵᠢᠯ ᠯᠠᠪᠳᠠᠭᠤᠨ ᠢᠶᠠᠷ ᠠᠬᠢᠵᠤ᠂ ᠪᠦᠬᠦ ᠣᠷᠣᠨ ᠤ | ᠤᠰᠤ ᠬᠡᠷᠡᠭᠯᠡᠬᠦ ᠦᠷ᠎ᠡ ᠠᠰᠢᠭ ᠮᠡᠳᠡᠭᠳᠡᠬᠦ᠋ᠢᠴᠡ ᠳᠡᠭᠡᠭᠰᠢᠯᠡᠵᠦ᠂ ᠲᠦᠮᠡᠨ ᠲᠥᠭᠦᠷᠢᠭ ᠤᠨ GDP ᠪᠣᠯᠤᠨ | ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠲᠤᠰ ᠲᠤᠰ | 2014 ᠣᠨ ᠤ ᠬᠢ ᠠᠴᠠ 47% ᠪᠠ 70% ᠪᠠᠭᠤᠷᠠᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ | ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ 2014 ᠣᠨ ᠤ 0.512 ᠪᠠᠶᠢᠭᠰᠠᠨ ᠠᠴᠠ 0.583 ᠪᠣᠯᠲᠠᠯ᠎ᠠ | ᠳᠡᠭᠡᠭᠰᠢᠯᠡᠪᠡ᠃ | ᠣᠷᠣᠨ ᠵᠠᠢ ᠳᠤ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠪᠠᠶᠢᠷᠢᠰᠢᠯ ᠢ ᠲᠡᠩᠴᠡᠭᠦᠷᠢᠲᠡᠢ | ᠦᠷᠭᠦᠯᠵᠢᠯᠡᠨ ᠰᠢᠯᠢᠳᠡᠭᠵᠢᠭᠦᠯᠬᠦ ᠶᠢ ᠪᠠᠷᠢᠮᠲᠠᠯᠠᠨ᠎ᠠ | ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠴᠠᠭ ᠬᠤᠭᠤᠴᠠᠭ᠎ᠠ ᠪᠠ ᠣᠷᠣᠨ ᠵᠠᠶ ᠶᠢᠨ ᠲᠠᠷᠬᠠᠯᠲᠠ | ᠲᠡᠭᠰᠢ ᠪᠤᠰᠤ᠂ ᠰᠤᠩᠭᠠᠷᠢ ᠮᠥᠷᠡᠨ ᠤ ᠤᠷᠤᠰᠬᠠᠯ ᠣᠷᠣᠨ ᠪᠠᠶᠢᠬᠤ ᠠᠴᠠ ᠭᠠᠳᠠᠨ᠎ᠠ᠂ ᠪᠥᠬᠦ ᠣᠷᠣᠨ ᠤ ᠬᠥᠮᠦᠨ | ᠳᠤᠮᠳᠠᠴᠢ ᠶᠢᠨ ᠤᠰᠤᠨ ᠤ ᠡᠬᠢ ᠪᠠᠶᠠᠯᠢᠭ ᠤᠨ ᠬᠡᠮᠵᠢᠶ᠎ᠡ ᠵᠥᠪᠬᠡᠨ ᠪᠥᠬᠦ ᠤᠯᠤᠰ ᠤᠨ ᠬᠥᠮᠦᠨ ᠳᠤᠮᠳᠠᠴᠢ ᠶᠢᠨ ᠬᠢᠷᠢ | ᠲᠦᠪᠰᠢᠨ ᠤ 2 / 5 ᠪᠠᠶᠢᠵᠤ᠂ ᠤᠰᠤᠨ ᠤ ᠡᠬᠢ ᠪᠠᠶᠠᠯᠢᠭ ᠤᠨ ᠲᠠᠷᠬᠠᠯᠲᠠ ᠨᠢ ᠬᠥᠮᠦᠨ ᠠᠮᠠ᠂ ᠲᠠᠷᠢᠶᠠᠨ ᠭᠠᠵᠠᠷ | ᠵᠢᠴᠢ ᠠᠵᠤ ᠠᠬᠤᠶ ᠶᠢᠨ ᠬᠥᠭᠵᠢᠯᠲᠡ ᠯᠦᠭᠡ ᠲᠦᠢᠯ ᠤᠨ ᠵᠣᠬᠢᠴᠠᠬᠤ ᠥᠬᠡᠶ ᠪᠠᠶᠢᠨ᠎ᠠ᠃ ᠣᠶᠢᠷ᠎ᠠ ᠶᠢᠨ | ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢᠭᠡ ᠪᠦᠯᠦᠭ ᠴᠢᠬᠤᠯᠠ | ᠶᠡᠭᠡ ᠤᠰᠤ ᠲᠠᠲᠠᠬᠤ ᠢᠨᠵᠧᠨᠧᠷᠢᠩ ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ | ᠣᠷᠣᠨ ᠵᠠᠶ ᠶᠢ ᠲᠣᠬᠢᠷᠠᠭᠤᠯᠬᠤ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠣᠳᠣᠬᠠᠨ ᠳᠤ ᠪᠥᠬᠦ ᠣᠷᠣᠨ ᠳᠤ ᠨᠢᠭᠡᠨᠲᠡ 467 ᠤᠰᠤᠨ ᠴᠥᠭᠦᠷᠥᠮ ᠢ ᠪᠠᠶᠢᠭᠤᠯᠤᠨ ᠳᠠᠭᠤᠰᠬᠠᠵᠤ᠂ ᠡᠭᠦᠨ ᠳᠤ | ᠲᠣᠮᠣ ᠬᠡᠯᠪᠡᠷᠢ ᠶᠢᠨ ᠤᠰᠤᠨ ᠴᠥᠭᠦᠷᠥᠮ 15᠂ ᠳᠤᠮᠳᠠ ᠬᠡᠯᠪᠡᠷᠢ ᠶᠢᠨ ᠤᠰᠤᠨ ᠴᠥᠭᠦᠷᠥᠮ 88 ᠪᠠᠶᠢᠵᠤ᠂ | ᠶᠡᠷᠦᠩᠬᠡᠶ ᠴᠥᠭᠦᠷᠥᠮ ᠤᠨ ᠪᠠᠭᠲᠠᠭᠠᠮᠵᠢ ᠨᠢ 185 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠡᠭᠡᠭᠰᠢ ᠳᠤ | ᠬᠦᠷᠪᠡ︔ ᠴᠤᠤᠯ ᠭᠤᠣᠯ ᠤᠨ ᠤᠰᠤ ᠶᠢ ᠲᠠᠲᠠᠵᠤ ᠯᠢᠶᠤᠤᠾᠧ ᠭᠤᠣᠯ ᠳᠤ ᠨᠡᠮᠡᠷᠢᠯᠡᠬᠦ ᠢᠨᠵᠧᠨᠧᠷᠢᠩ ᠪᠠ ᠥᠪᠥᠷ | ᠮᠣᠩᠭᠤᠯ ᠤᠨ ᠰᠠᠯᠪᠤᠷᠢ ᠱᠤᠭᠤᠮ ᠤᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠨᠤᠨ ᠮᠥᠷᠡᠨ ᠤ ᠤᠰᠤ ᠶᠢ | ᠲᠠᠲᠠᠵᠤ ᠰᠢᠯᠢ ᠶᠢᠨ ᠭᠤᠣᠯ ᠳᠤ ᠨᠡᠮᠡᠷᠢᠯᠡᠬᠦ ᠢᠨᠵᠧᠨᠧᠷᠢᠩ ᠤᠨ ᠲᠥᠯᠥᠪᠵᠢᠭᠦᠯᠭᠡ ᠶᠢ ᠪᠡᠶᠡᠯᠡᠭᠦᠯᠦᠭᠰᠡᠨ ᠪᠠᠶᠢᠨ᠎ᠠ᠃ | ᠤᠰᠤᠨ ᠤ ᠡᠬᠢ ᠪᠠᠶᠠᠯᠢᠭ ᠬᠢᠭᠡᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠷᠢᠰᠢᠭᠤᠯᠤᠯ ᠯᠤᠭ᠎ᠠ | ᠲᠣᠬᠢᠷᠠᠯᠴᠠᠬᠤ ᠦᠭᠡᠶ ᠪᠠ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠪᠠ ᠪᠠᠭᠤᠷᠠᠶ | ᠲᠠᠯ᠎ᠠ ᠳᠤ ᠰᠠᠭᠤᠷᠢᠯᠠᠵᠤ᠂ ᠣᠳᠣ ᠶᠠᠭ ︽ᠨᠢᠭᠡ ᠭᠤᠤᠯ ᠬᠤᠶᠠᠷ ᠵᠢᠭᠦᠷ᠂ ᠭᠤᠷᠪᠠᠨ ᠭᠤᠯᠳᠤ ᠳᠥᠷᠪᠡᠨ ᠬᠥᠨᠳᠡᠯᠡᠨ᠂ | ᠪᠠᠷᠠᠭᠤᠨ ᠠᠴᠠ ᠲᠠᠲᠠᠵᠤ ᠵᠡᠭᠦᠨᠰᠢ ᠰᠢᠯᠵᠢᠭᠦᠯᠬᠦ᠂ ᠭᠠᠳᠠᠭᠠᠳᠤ ᠲᠠᠢ ᠬᠤᠯᠪᠣᠭᠠᠯᠠᠨ ᠳᠣᠲᠣᠭᠠᠳᠤ ᠳᠠᠭᠠᠨ | ᠨᠡᠪᠲᠡᠷᠡᠭᠦᠯᠬᠦ︾ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠣᠤᠷ ᠤᠨ ᠲᠥᠯᠥᠪᠵᠢᠭᠦᠯᠭᠡ ᠶᠢᠨ | ᠪᠠᠶᠢᠷᠢᠰᠢᠭᠤᠯᠤᠯ ᠢ ᠲᠦᠷᠭᠡᠳᠬᠡᠨ ᠪᠠᠶᠢᠭᠤᠯᠵᠤ ᠪᠠᠶᠢᠨ᠎ᠠ᠃ ᠡᠭᠦᠨ ᠤ ᠬᠠᠮᠲᠤ᠂ ᠡᠩ ᠤᠨ ᠪᠤᠰᠤ ᠤᠰᠤᠨ ᠤ ᠡᠬᠢ | ᠪᠠᠶᠠᠯᠢᠭ ᠢ ᠳᠣᠭᠢᠷᠠᠭᠤᠯᠤᠨ ᠠᠰᠢᠭᠯᠠᠬᠤ ᠴᠢᠳᠠᠪᠤᠷᠢ ᠲᠠᠰᠤᠷᠠᠯᠲᠠ ᠥᠬᠡᠶ ᠨᠡᠮᠡᠭᠳᠡᠵᠦ᠂ ᠬᠥᠬᠡᠬᠤᠲᠠ᠂ ᠪᠤᠭᠤᠲᠤ | ᠬᠤᠲᠠ᠂ ᠦᠬᠠᠶ ᠬᠤᠲᠠ᠂ ᠣᠷᠳᠣᠰ ᠬᠤᠲᠠ 4 ᠬᠤᠲᠠ ᠨᠢ ᠤᠯᠤᠰ ᠤᠨ ᠳᠠᠬᠢᠯᠲᠠ ᠤᠰᠤ ᠶᠢ ᠳᠣᠭᠢᠷᠠᠭᠤᠯᠤᠨ | ᠠᠰᠢᠭᠯᠠᠬᠤ ᠲᠤᠷᠰᠢᠯᠲᠠ ᠶᠢᠨ ᠬᠤᠲᠠ ᠪᠠᠷ ᠲᠣᠭᠲᠠᠭᠠᠭᠳᠠᠭᠰᠠᠨ ᠪᠥᠭᠡᠳ ᠤᠯᠤᠰ ᠤᠨ ᠵᠢᠷᠭᠤᠭᠠᠨ ᠶᠠᠮᠤᠨ | ᠵᠥᠪᠯᠡᠯ ᠤᠨ ᠵᠣᠬᠢᠶᠠᠨ ᠪᠠᠶᠢᠭᠤᠯᠤᠭᠰᠠᠨ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠤᠷᠤᠭᠰᠢᠲᠠᠶ | ᠪᠠᠲᠤᠯᠠᠵᠤ᠂ ᠦᠬᠠᠶ ᠬᠤᠲᠠ ᠵᠡᠷᠭᠡ 3 ᠬᠤᠲᠠ ᠨᠢ ᠰᠢᠯᠢᠳᠡᠭ ᠲᠤᠷᠰᠢᠯᠲᠠ ᠶᠢᠨ ᠬᠤᠲᠠ ᠪᠠᠷ ᠦᠨᠡᠯᠡᠭᠳᠡᠪᠡ᠃ | ᠣᠷᠳᠣᠰ ᠬᠤᠲᠠ ᠨᠡᠭᠦᠷᠡᠰᠦᠨ ᠳᠠᠪᠬᠤᠷᠭ᠎ᠠ ᠶᠢᠨ ᠤᠰᠤ ᠶᠢ ᠶᠡᠷᠦᠩᠬᠡᠶᠢᠯᠡᠨ ᠠᠰᠢᠭᠯᠠᠬᠤ ᠶᠢ ᠢᠳᠡᠪᠬᠢᠲᠡᠶ | ᠠᠬᠢᠭᠤᠯᠵᠤ᠂ ᠨᠡᠭᠦᠷᠡᠰᠦᠨ ᠳᠠᠪᠬᠤᠷᠭ᠎ᠠ ᠶᠢᠨ ᠤᠰᠤ ᠶᠢ ᠬᠤᠰᠢᠭᠤ ᠰᠢᠶᠠᠨ ᠠᠯᠤᠰᠯᠠᠨ ᠬᠤᠯᠪᠣᠭᠠᠯᠠᠨ ᠲᠣᠬᠢᠷᠠᠭᠤᠯᠵᠤ | ᠬᠤᠯᠪᠣᠭᠠᠯᠠᠨ ᠬᠠᠩᠭᠠᠬᠤ ᠶᠢ ᠪᠡᠶᠡᠯᠡᠭᠦᠯᠵᠦ᠂ ᠪᠥᠬᠦ ᠬᠤᠲᠠ ᠶᠢᠨ ᠨᠡᠭᠦᠷᠡᠰᠦᠨ ᠳᠠᠪᠬᠤᠷᠭ᠎ᠠ ᠶᠢᠨ ᠤᠰᠤᠨ | ᠠᠰᠢᠭᠯᠠᠯᠲᠠ ᠶᠢᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠪᠡ᠃ 2023 ᠣᠨ ᠳᠤ ᠪᠥᠬᠦ ᠣᠷᠣᠨ ᠤ ᠡᠩ ᠤᠨ ᠪᠤᠰᠤ | ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ 7.89 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ | ᠬᠦᠷᠴᠦ᠂ 2015 ᠣᠨ ᠤ 2.2 ᠳᠠᠬᠢᠨ ᠪᠣᠯᠪᠠ᠃ | ᠰᠢᠰᠲ᠋ᠧᠮ ᠲᠠᠢ ᠵᠠᠰᠠᠬᠤ ᠶᠢ ᠪᠠᠷᠢᠮᠳᠠᠯᠠᠵᠦ ᠤᠰᠤᠨ ᠤ ᠠᠮᠢ ᠠᠬᠤᠢ ᠶᠢᠨ ᠤᠷᠴᠢᠨ ᠨᠦᠭᠦᠴᠡᠯ ᠢ ᠦᠷᠭᠦᠯᠵᠢᠯᠡᠨ | ᠰᠠᠶᠢᠵᠢᠷᠠᠭᠤᠯᠤᠨ᠎ᠠ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠡᠯᠡᠰᠦ ᠮᠠᠩᠬ᠎ᠠ ᠶᠢ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠣᠯ ᠮᠥᠷᠡᠨ | ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢᠶᠠᠷ ᠭᠠᠷᠳᠠᠴᠠ ᠪᠣᠯᠭᠠᠨ ᠤᠰᠤᠨ ᠤ ᠠᠮᠢ ᠠᠬᠤᠢ᠂ ᠤᠰᠤᠨ ᠤ | ᠣᠷᠴᠢᠨ ᠲᠣᠭᠤᠷᠢᠨ ᠤ ᠤᠷᠳᠤ ᠬᠤᠭᠤᠴᠠᠭᠠᠨ ᠤ ᠴᠢᠨᠠᠷᠲᠠᠢ ᠬᠤᠷᠠᠮᠳᠤᠬᠤ ᠴᠢᠨᠠᠷᠲᠠᠢ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤᠷᠢᠳ ᠬᠤᠵᠢᠳ ︽ | ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠲᠦᠷᠢᠮ︾ | ︽ᠥᠪᠡᠷᠲᠡᠭᠡᠨ ᠵᠠᠰᠠᠬᠤ ᠣᠷᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ | ᠲᠦᠷᠢᠮ︾ ᠢ ᠨᠡᠶᠢᠲᠡᠯᠡᠵᠦ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠬᠠᠮᠢᠶ᠎ᠠ ᠪᠥᠬᠦᠶ | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠭᠠᠵᠠᠷ | ᠳᠣᠤᠷᠠᠬᠢ ᠤᠰᠤ ᠶᠢ ᠬᠡᠲᠦᠷᠡᠲᠡᠯ᠎ᠡ ᠠᠪᠤᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠶᠡᠬᠡᠪᠡᠷ ᠠᠬᠢᠭᠤᠯᠵᠤ᠂ | ᠵᠥᠪᠳᠡᠯᠴᠡᠬᠦ᠂ ᠨᠡᠪᠲᠡᠷᠡᠭᠦᠯᠬᠦ ᠵᠡᠷᠭᠡ ᠲᠣᠭᠲᠠᠴᠠ ᠶᠢ ᠲᠡᠭᠦᠯᠳᠡᠷᠵᠢᠭᠦᠯᠦᠨ᠂ 2023 ᠣᠨ ᠠᠴᠠ ᠡᠬᠢᠯᠡᠨ ᠭᠠᠵᠠᠷ | ᠳᠣᠤᠷᠠᠬᠢ ᠤᠰᠤᠨ ᠤ ᠬᠠᠮᠢᠶᠠᠷᠤᠯᠲᠠ ᠶᠢᠨ 371 ᠨᠢᠭᠡᠴᠢ ᠳᠤ ᠤᠰᠤᠨ ᠤ ᠬᠡᠮᠵᠢᠶ᠎ᠡ ᠤᠰᠤᠨ ᠲᠦᠪᠰᠢᠨ ᠤ ︽ | ᠬᠤᠶᠠᠷ ᠢ ᠡᠵᠡᠮᠳᠡᠬᠦ︾ ᠦᠨᠡᠯᠡᠯᠲᠡ ᠶᠢ ᠥᠷᠨᠢᠭᠦᠯᠦᠨ᠎ᠡ᠃ ᠭᠤᠣᠯ ᠤᠨ ᠵᠠᠮ ᠤᠨ ᠦᠶᠡᠷ ᠵᠠᠯᠠᠬᠤ ᠶᠢ ᠬᠠᠷᠰᠢᠯᠠᠵᠤ | ᠪᠠᠶᠢᠭ᠎ᠠ ᠳᠣᠪᠤᠶᠢᠮ᠎ᠠ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ | ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ ᠶᠢ ᠪᠠᠶᠢᠩᠭᠤᠵᠢᠭᠤᠯᠬᠤ ᠶᠢ | ᠠᠬᠢᠭᠤᠯᠵᠤ᠂ 434 ᠭᠤᠤᠯ ᠮᠥᠷᠡᠨ ᠨᠠᠭᠤᠷ ᠴᠥᠭᠦᠷᠥᠮ ᠳᠤ ᠡᠷᠡᠭᠦᠯ ᠮᠡᠨᠳᠦ ᠶᠢᠨ ᠲᠠᠩᠰᠠ ᠡᠪᠬᠡᠮᠡᠯ ᠪᠠᠶᠢᠭᠤᠯᠵᠤ᠂ | ᠥᠪᠥᠷ ᠮᠣᠩᠭᠤᠯ ᠤᠨ ᠬᠤᠶᠠᠳᠤᠭᠠᠷ ᠬᠠᠲᠤᠨ ᠭᠤᠤᠯ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠬᠠᠮᠤᠭ ᠤᠨ | ᠭᠤᠶᠣ ᠨᠤᠲᠤᠭ ᠤᠨ ᠭᠤᠣᠯ ᠮᠥᠷᠡᠨ ᠳᠤ ᠰᠣᠩᠭᠤᠭᠳᠠᠪᠠ᠃ ᠬᠠᠲᠤᠨ ᠭᠤᠤᠯ ᠤᠨ ᠲᠠᠩ ᠭᠠᠵᠠᠷ ᠤᠨ ᠰᠠᠭᠤᠭᠠᠯᠢ | ᠠᠷᠠᠳ ᠢ ᠨᠡᠭᠦᠯᠭᠡᠨ ᠪᠠᠶᠢᠭᠤᠯᠬᠤ ᠠᠵᠢᠯ ᠴᠢᠬᠤᠯᠠ ᠠᠬᠢᠴᠠ ᠲᠠᠢ ᠪᠣᠯᠵᠣ᠂ ᠣᠶᠢᠷ᠎ᠠ ᠶᠢᠨ 3 ᠵᠢᠯ ᠳᠤ ᠨᠡᠶᠢᠲᠡ | 1687 ᠡᠷᠦᠬᠡ᠂ 4213 ᠬᠥᠮᠦᠨ ᠢ ᠨᠡᠭᠦᠯᠭᠡᠨ ᠭᠠᠷᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠪᠡ᠃ ᠰᠢᠨ᠎ᠡ ᠴᠠᠭ ᠦᠶ᠎ᠡ ᠶᠢᠨ ᠤᠰᠤ ᠰᠢᠷᠣᠶ ᠶᠢ ᠬᠠᠮᠠᠭᠠᠯᠠᠬᠤ ᠠᠵᠢᠯ ᠢ | ᠴᠢᠩᠭᠠᠳᠬᠠᠬᠤ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ ᠠᠷᠪᠠᠨ ᠶᠡᠭᠡ ᠨᠦᠬᠡ ᠶᠢ ᠶᠡᠷᠦᠩᠬᠡᠶᠢᠯᠡᠨ ᠵᠠᠰᠠᠬᠤ | ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ᠂ ᠤᠰᠤ ᠰᠢᠷᠣᠶ ᠶᠢᠨ ᠢᠳᠡᠭᠳᠡᠯ ᠤᠨ ᠲᠠᠯᠠᠪᠠᠶ᠂ ᠬᠦᠴᠦᠯᠡᠴᠡ ᠨᠢ | ᠦᠷᠭᠦᠯᠵᠢᠯᠡᠨ ︽ᠬᠤᠶᠠᠷ ᠢ ᠪᠠᠭᠤᠷᠠᠭᠤᠯᠬᠤ︾ ᠬᠠᠨᠳᠤᠰᠢ ᠲᠠᠢ ᠪᠣᠯᠪᠠ᠃ ᠵᠠᠯᠠᠶᠢᠳ ᠬᠤᠰᠢᠭᠤ ᠵᠡᠷᠭᠡ 3 ᠬᠤᠰᠢᠭᠤ | ᠰᠢᠶᠠᠩ ᠳᠤ ᠤᠯᠤᠰ ᠤᠨ ᠤᠰᠤ ᠰᠢᠷᠤᠢ ᠶᠢ ᠬᠠᠮᠠᠭᠠᠯᠠᠬᠤ ᠵᠢᠱᠢᠶ᠎ᠡ ᠦᠵᠡᠭᠦᠯᠬᠦ ᠰᠢᠶᠠᠩ ᠢ ᠠᠮᠵᠢᠯᠲᠠ ᠲᠠᠢ ᠡᠭᠦᠳᠦᠨ | ᠪᠠᠶᠢᠭᠤᠯᠵᠤ᠂ ᠪᠦᠬᠦ ᠣᠷᠣᠨ ᠳᠤ ᠲᠡᠭ ᠰᠢᠪᠲᠤᠯᠤᠯᠲᠠ ᠬᠢᠬᠦ ᠶᠢ ᠪᠡᠶᠡᠯᠡᠭᠦᠯᠪᠡ᠃ ᠭᠤᠣᠯ ᠮᠥᠷᠡᠨ ᠨᠠᠭᠤᠷ | ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠵᠤ᠂ | ᠭᠤᠣᠯᠳᠠᠯᠭ᠎ᠠ ᠲᠠᠢ ᠨᠠᠭᠤᠷ ᠴᠥᠭᠦᠷᠥᠮ ᠤᠨ ᠠᠮᠢ ᠠᠬᠤᠢ ᠶᠢᠨ ᠤᠰᠤ ᠨᠥᠬᠦᠪᠥᠷᠢᠯᠡᠬᠦ ᠶᠢ ᠦᠷᠭᠦᠯᠵᠢᠯᠡᠨ | ᠥᠷᠨᠢᠭᠦᠯᠵᠦ᠂ ᠬᠠᠲᠤᠨ ᠭᠤᠣᠯ ᠤᠨ ᠤᠰᠤ ᠶᠢ ᠲᠠᠲᠠᠬᠤ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠵᠤ ᠤᠰᠤ | ᠨᠥᠬᠦᠪᠥᠷᠢᠯᠡᠬᠦ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠤᠰᠤ ᠨᠡᠪᠲᠡᠷᠡᠭᠦᠯᠦᠨ᠂ ︽ᠬᠦᠯᠦᠨ ᠨᠠᠭᠤᠷ᠂ ᠲᠠᠬ᠎ᠠ | ᠨᠠᠭᠤᠷ᠂ ᠤᠯᠠᠭᠠᠨᠰᠤᠬᠠᠢ ᠨᠠᠭᠤᠷ︾ ᠤᠨ ᠤᠰᠤᠨ ᠲᠦᠪᠰᠢᠨ ᠪᠠ ᠤᠰᠤᠨ ᠭᠠᠳᠠᠷᠭᠤ ᠶᠢᠨ ᠲᠠᠯᠠᠪᠠᠢ ᠶᠢ | ᠦᠷᠭᠦᠯᠵᠢᠯᠡᠨ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠵᠤ᠂ ᠵᠡᠭᠦᠨ ᠰᠤᠪᠨᠠᠭᠤᠷ ᠤᠨ ᠤᠰᠤ ᠵᠠᠯᠭᠠᠯᠳᠤᠭ᠎ᠠ ᠪᠠᠷ | 19 ᠵᠢᠯ ᠬᠠᠲᠠᠬᠤ ᠦᠭᠡᠢ ᠪᠠᠶᠢᠬᠤ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠠᠴᠠ ︽ᠠᠷᠪᠠᠨ ᠵᠤᠷᠪᠤᠰ | ᠬᠠᠲᠠᠭᠤ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠪᠠᠷᠠᠭᠤᠨ ᠯᠢᠶᠤᠤᠾᠧ ᠭᠤᠤᠯ ᠤᠨ ᠰᠠᠪᠠ ᠭᠠᠵᠠᠷ ᠤᠨ ︽ᠤᠰᠤᠨ ᠤ | ᠬᠡᠮᠵᠢᠶ᠎ᠡ ᠪᠠᠷ ᠶᠠᠪᠤᠬᠤ︾ ᠶᠢ ᠪᠥᠬᠦ ᠲᠠᠯ᠎ᠠ ᠪᠠᠷ ᠴᠢᠩᠭᠠᠳᠬᠠᠪᠠ᠃ 2023 ᠣᠨ ᠤ ᠬᠠᠪᠤᠷ ᠤᠨ ᠤᠯᠠᠷᠢᠯ ᠤᠨ | ᠦᠶᠡᠷ ᠤᠨ ᠬᠤᠭᠤᠴᠠᠭ᠎ᠠ ᠶᠢ ᠲᠣᠬᠢᠷᠠᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ᠂ ᠪᠠᠷᠠᠭᠤᠨ ᠯᠢᠶᠤᠤᠾᠧ | ᠭᠤᠣᠯ ᠤᠨ ᠭᠤᠣᠯ ᠤᠷᠤᠰᠬᠠᠯ ᠤᠨ ᠤᠰᠤᠨ ᠲᠦᠷᠦᠭᠦᠦ ᠲᠦᠩᠯᠢᠶᠣᠤ ᠬᠤᠲᠠ ᠶᠢᠨ ᠲᠥᠪ ᠬᠤᠳᠠ ᠶᠢᠨ | ᠣᠭᠲᠣᠯᠤᠭᠠᠰᠤ ᠳᠤ ᠠᠩᠬ᠎ᠠ ᠤᠳᠠᠭ᠎ᠠ ᠬᠦᠷᠴᠡᠢ᠃ ᠴᠠᠭᠠᠨᠨᠠᠭᠤᠷ ᠤᠨ ᠰᠠᠪᠠ ᠭᠠᠵᠠᠷ ᠢ ᠬᠠᠮᠵᠢᠯᠴᠠᠨ ᠬᠠᠮᠲᠤᠪᠠᠷ | ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠾᠧᠪᠸᠢ ᠮᠤᠵᠢ ᠶᠢᠨ ᠭᠠᠵᠠᠷ ᠳᠣᠤᠷᠠᠬᠢ ᠤᠰᠤ ᠶᠢ ᠬᠢᠨᠠᠨ ᠬᠡᠮᠵᠢᠭᠰᠡᠨ | ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠭᠠᠵᠠᠷ ᠳᠣᠤᠷᠠᠬᠢ ᠤᠰᠤᠨ ᠤ ᠲᠦᠪᠰᠢᠨ ᠲᠦᠷᠭᠡᠨ | ᠪᠠᠭᠤᠷᠠᠬᠤ ᠬᠠᠨᠳᠤᠰᠢ ᠶᠢ ᠪᠦᠲᠦᠮᠵᠢᠲᠡᠶ ᠬᠤᠷᠢᠭᠯᠠᠪᠠ᠃ | ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠵᠤ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ | ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠶ᠎ᠡ | ᠮᠠᠨ ᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠬᠠᠩᠭᠠᠯᠭ᠎ᠠ | ᠬᠡᠷᠡᠭᠴᠡᠭᠡ ᠶᠢᠨ ᠵᠥᠷᠢᠴᠡᠯ ᠳᠣᠪᠤᠶᠢᠮ᠎ᠠ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠵᠠᠰᠠᠭ ᠤᠨ ᠣᠷᠳᠣᠨ ᠢᠶᠠᠷ | ᠭᠤᠤᠯᠯᠠᠭᠤᠯᠬᠤ ᠪᠠ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ | ᠤᠰᠤᠨ ᠠᠰᠢᠭᠯᠠᠯᠲᠠ ᠶᠢᠨ ᠶᠠᠮᠤᠨ ᠪᠣᠯᠤᠨ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠵᠥᠪᠯᠡᠯ ᠤᠨ | ᠬᠦᠴᠦᠲᠡᠶ ᠳᠡᠮᠵᠢᠯᠭᠡ ᠳᠣᠤᠷ᠎ᠠ᠂ ᠬᠠᠲᠤᠨ ᠭᠤᠤᠯ ᠤᠨ ᠭᠤᠤᠯ ᠤᠷᠤᠰᠬᠠᠯ ᠤᠨ ᠤᠰᠤᠨ ᠤ ᠡᠷᠬᠡ ᠶᠢ ᠰᠢᠯᠵᠢᠭᠦᠯᠦᠨ | ᠥᠭᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠣᠶᠢᠷ᠎ᠠ ᠶᠢᠨ 20 ᠵᠢᠯ ᠤᠨ ᠦᠢᠯᠡᠳᠦᠯᠭᠡ ᠶᠢᠨ | ᠰᠦᠪᠡᠭᠴᠢᠯᠡᠯᠲᠡ ᠪᠠᠷ ᠳᠠᠮᠵᠢᠨ᠂ ᠬᠠᠲᠤᠨ ᠭᠤᠣᠯ ᠤᠨ ᠤᠰᠤᠨ ᠤ ᠬᠡᠮᠵᠢᠶ᠎ᠡ ᠶᠢ ᠨᠢᠭᠡᠨᠲᠡ 4.43 ᠳ᠋ᠦᠩᠰᠢᠭᠤᠷ | ᠪᠣᠰᠤᠭ᠎ᠠ ᠳᠥᠷᠪᠡᠯᠵᠢᠨ ᠮᠧᠲᠷ ᠰᠢᠯᠵᠢᠭᠦᠯᠦᠨ ᠥᠭᠴᠦ᠂ ᠤᠷᠢᠳ ᠬᠤᠵᠢᠳ 260 ᠭᠠᠷᠤᠢ ᠠᠵᠤ | ᠦᠢᠯᠡᠳᠪᠦᠷᠢ ᠶᠢᠨ ᠲᠥᠷᠥᠯ ᠵᠦᠢᠯ ᠤᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠦ᠂ ᠪᠠᠷᠤᠭ 4000 | ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠤᠰᠤᠨ ᠤ ᠡᠬᠢ ᠪᠠᠶᠠᠯᠢᠭ ᠤᠨ | ᠲᠤᠯᠭᠠᠭᠤᠷᠢᠯᠠᠯ ᠬᠠᠩᠭᠠᠵᠤ᠂ ᠡᠭᠦᠨ ᠤ ᠬᠠᠮᠲᠤ ᠬᠠᠲᠤᠨ ᠭᠤᠣᠯ ᠤᠨ ᠤᠰᠤᠯᠠᠯᠲᠠ ᠶᠢᠨ ᠣᠷᠣᠨ ᠳᠤ 60 ᠭᠠᠷᠤᠢ | ᠳ᠋ᠦᠩᠰᠢᠭᠤᠷ ᠲᠥᠭᠦᠷᠢᠭ ᠤᠨ ᠤᠰᠤ ᠠᠷᠪᠢᠯᠠᠬᠤ ᠥᠭᠡᠷᠡᠴᠢᠯᠡᠯᠲᠡ ᠶᠢᠨ ᠪᠡᠯᠡ ᠮᠥᠩᠭᠦ ᠴᠤᠭᠯᠠᠭᠤᠯᠪᠠ︔ ᠪᠦᠬᠦ | ᠤᠯᠤᠰ ᠲᠤ ︽ᠡᠯᠡᠰᠦ ᠶᠢ ᠬᠠᠰᠢᠵᠤ ᠤᠰᠤ ᠰᠣᠯᠢᠬᠤ︾ ᠠᠮᠢ ᠠᠬᠤᠶ ᠶᠢ ᠵᠠᠰᠠᠬᠤ ᠲᠤᠷᠰᠢᠯᠲᠠ ᠶᠢᠨ ᠴᠡᠭ ᠤᠨ | ᠢᠨᠵᠧᠨᠧᠷᠢᠩ ᠢ ᠤᠷᠢᠳᠠᠪᠠᠷ ᠬᠡᠷᠡᠭᠵᠢᠭᠦᠯᠵᠦ᠂ ᠠᠵᠤ ᠦᠢᠯᠡᠳᠪᠦᠷᠢ ᠪᠣᠯᠤᠨ ᠬᠤᠲᠠ ᠪᠠᠯᠭᠠᠰᠤ ᠶᠢᠨ ᠠᠮᠢᠳᠤᠷᠠᠯ ᠤᠨ | ᠰᠣᠯᠢᠬᠤ ᠤᠰᠤᠨ ᠤ ᠬᠡᠮᠵᠢᠶ᠎ᠡ 2800 ᠲᠦᠮᠡᠨ ᠪᠣᠰᠤᠭ᠎ᠠ ᠳᠥᠷᠪᠡᠯᠵᠢᠨ ᠮᠧᠲᠷ᠂ ᠣᠷᠣᠨ ᠪᠦᠰᠡ ᠶᠢᠨ ᠤᠰᠤ | ᠬᠡᠷᠡᠭᠯᠡᠬᠦ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠦᠭᠡᠶ ᠤᠷᠢᠲᠠᠯ ᠳᠣᠤᠷ᠎ᠠ᠂ ᠤᠰᠤ ᠬᠡᠷᠡᠭᠯᠡᠬᠦ ᠪᠦᠲᠦᠴᠡ ᠶᠢ | ᠲᠣᠬᠢᠷᠠᠭᠤᠯᠬᠤ ᠪᠠᠷ ᠳᠠᠮᠵᠢᠭᠤᠯᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠪᠣᠭᠤᠮᠢ ᠬᠢᠵᠠᠭᠠᠷᠯᠠᠯ ᠢ | ᠰᠢᠢᠳᠪᠦᠷᠢᠯᠡᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠠᠵᠤ ᠠᠬᠤᠶ᠂ ᠨᠡᠶᠢᠭᠡᠮ ᠪᠣᠯᠤᠨ ᠣᠷᠴᠢᠨ ᠲᠣᠭᠤᠷᠢᠨ ᠤ | ᠦᠷ᠎ᠡ ᠠᠰᠢᠭ ᠢ ᠪᠣᠶ ᠪᠣᠯᠭᠠᠭᠰᠠᠨ ᠪᠠᠶᠢᠨ᠎ᠠ᠃ ᠭᠡᠷ᠎ᠡ ᠲᠣᠭᠲᠠᠨ ᠤᠰᠤ ᠠᠷᠪᠢᠯᠠᠬᠤ ᠪᠠ ︽ᠤᠰᠤ ᠠᠷᠪᠢᠯᠠᠬᠤ | ᠵᠢᠭᠡᠯᠡᠯᠭᠡ︾ ᠶᠢᠨ ᠤᠰᠤ ᠠᠷᠪᠢᠯᠠᠬᠤ ᠪᠡᠯᠡ ᠲᠣᠬᠢᠷᠠᠭᠤᠯᠭ᠎ᠠ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ | ᠭᠡᠷ᠎ᠡ ᠲᠣᠭᠲᠠᠵᠤ ᠤᠰᠤ ᠠᠷᠪᠢᠯᠠᠬᠤ ᠲᠥᠷᠥᠯ ᠵᠦᠢᠯ 10 ᠪᠠᠶᠢᠵᠤ᠂ ᠨᠡᠶᠢᠭᠡᠮ ᠤᠨ ᠬᠥᠷᠥᠩᠭᠡ ᠶᠢ 2.35 | ᠳ᠋ᠦᠩᠰᠢᠭᠤᠷ ᠲᠥᠭᠦᠷᠢᠭ ᠲᠡᠳᠡᠨ ᠠᠪᠴᠢᠷᠠᠵᠤ᠂ ᠵᠢᠯ ᠤᠨ ᠤᠰᠤ ᠠᠷᠪᠢᠯᠠᠬᠤ ᠬᠡᠮᠵᠢᠶ᠎ᠡ ᠶᠢ 692 ᠲᠦᠮᠡᠨ ᠪᠣᠰᠤᠭ᠎ᠠ | ᠳᠥᠷᠪᠡᠯᠵᠢᠨ ᠮᠧᠲᠷ ᠪᠡᠶᠡᠯᠡᠭᠦᠯᠦᠨ᠎ᠡ᠃ ᠳᠤᠮᠳᠠᠳᠤ ᠤᠯᠤᠰ ᠤᠨ ᠠᠷᠠᠳ ᠤᠨ ᠪᠠᠩᠬᠢ ᠲᠠᠢ ᠬᠠᠮᠲᠤᠷᠠᠨ ︽ᠤᠰᠤ | ᠠᠷᠪᠢᠯᠠᠬᠤ ᠵᠢᠭᠡᠯᠡᠯᠭᠡ︾ ᠶᠢᠨ ᠪᠡᠯᠡ ᠲᠣᠬᠢᠷᠠᠭᠤᠯᠬᠤ ᠦᠢᠯᠡᠴᠢᠯᠡᠭᠡ ᠶᠢ ᠡᠬᠢᠯᠡᠭᠦᠯᠵᠦ ᠠᠵᠤ ᠠᠬᠤᠶᠢᠯᠠᠯ ᠳᠤ 6.01 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠪᠣᠯᠤᠨ | ᠡᠵᠡᠩᠨᠡᠯᠲᠡ ᠳᠤ ᠨᠡᠶᠢᠭᠡᠮ ᠤᠨ ᠬᠥᠷᠥᠩᠭᠡ ᠶᠢᠨ ᠣᠷᠣᠯᠴᠠᠬᠤ ᠶᠢ ᠢᠳᠡᠪᠬᠢᠲᠡᠶ ᠪᠠᠷ ᠵᠣᠷᠢᠭᠵᠢᠭᠤᠯᠤᠨ ᠵᠢᠯᠣᠭᠤᠳᠴᠤ᠂ | ︽ᠵᠠᠰᠠᠭ ᠪᠠᠩᠬᠢ ᠠᠵᠤ ᠠᠬᠤᠶᠢᠯᠠᠯ︾ ᠤᠨ ᠬᠤᠷᠰᠢᠯᠴᠠᠬᠤ ᠡᠷᠴᠢᠮ ᠢ ᠲᠠᠰᠤᠷᠠᠯᠲᠠ ᠤᠢᠭᠡᠢ ᠨᠡᠮᠡᠭᠳᠡᠭᠦᠯᠵᠦ᠂ | ᠮᠥᠩᠭᠦᠨ ᠭᠦᠢᠯᠭᠡᠭᠡᠨ ᠢᠶᠠᠷ ᠤᠰᠤᠨ ᠠᠰᠢᠭᠯᠠᠯᠲᠠ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ | ᠬᠡᠪᠴᠢᠶ᠎ᠡ ᠶᠢ ᠥᠷᠭᠡᠳᠬᠡᠨ᠎ᠡ᠃ ᠣᠶᠢᠷ᠎ᠠ ᠶᠢᠨ 10 ᠵᠢᠯ ᠳᠤ᠂ ᠨᠡᠶᠢᠭᠡᠮ ᠤᠨ ᠪᠡᠯᠡ ᠮᠥᠩᠭᠦ ᠶᠢ ᠨᠡᠶᠢᠲᠡ 262.36 | ᠳ᠋ᠦᠩᠰᠢᠭᠤᠷ ᠲᠥᠭᠦᠷᠢᠭ ᠲᠠᠲᠠᠵᠤ᠂ ᠭᠤᠤᠯᠳᠠᠭᠤ ᠣᠷᠣᠨ ᠪᠦᠰᠡ ᠠᠯᠤᠰᠯᠠᠭᠰᠠᠨ ᠤᠰᠤᠨ ᠤ ᠡᠬᠢ ᠪᠠᠶᠠᠯᠢᠭ ᠢ | ᠲᠣᠬᠢᠷᠠᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠪᠡ᠃ | 10 ᠵᠢᠯ ᠤᠨ ᠲᠤᠷᠰᠢ᠂ ᠶᠡᠷᠦᠩᠬᠡᠶ ᠱᠦᠵᠢ ᠰᠢ ᠶᠢᠨ ᠫᠢᠩ ᠤᠨ ᠵᠠᠯᠠᠭᠤᠷ ᠢ ᠠᠳᠬᠤᠨ ᠤᠰᠤ ᠶᠢ ᠵᠠᠰᠠᠬᠤ | ᠰᠡᠳᠬᠢᠮᠵᠢ ᠶᠢᠨ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠳᠣᠤᠷ᠎ᠠ᠂ ᠪᠥᠬᠦ ᠣᠷᠣᠨ ᠤ ᠡᠯ᠎ᠡ ᠱᠠᠲᠤᠨ ᠤ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠤᠮᠤᠭ ᠵᠤᠷᠢᠭ ᠲᠡᠭᠦᠯᠳᠡᠷ ᠢᠶᠠᠷ ᠡᠷᠡᠯᠬᠡᠭᠯᠡᠨ ᠤᠷᠤᠭᠰᠢᠯᠠᠵᠤ᠂ ᠤᠰᠤᠨ ᠤ ᠡᠬᠢ | ᠪᠠᠶᠠᠯᠢᠭ ᠢ ᠠᠷᠪᠢᠯᠠᠨ ᠡᠷᠴᠢᠮᠵᠢᠭᠦᠯᠬᠦ ᠠᠵᠢᠯ ᠳᠤ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠭᠡᠪᠡᠴᠦ | ᠣᠳᠣᠬᠠᠨ ᠳᠤ ᠵᠠᠷᠢᠮ ᠭᠤᠤᠯᠳᠠᠯᠭ᠎ᠠ ᠲᠠᠢ ᠣᠷᠣᠨ ᠪᠦᠰᠡ ᠢᠯᠠᠩᠭᠤᠶ᠎ᠠ ᠬᠠᠲᠤᠨ ᠭᠤᠤᠯ ᠤᠨ ᠰᠠᠪᠠ ᠭᠠᠵᠠᠷ ᠨᠢ | ᠤᠰᠤᠨ ᠤ ᠪᠠᠶᠢᠳᠠᠯ ᠳᠤ ᠤᠯᠠᠮ ᠢᠯᠡᠷᠬᠡᠶ ᠪᠣᠯᠵᠣ᠂ ᠢᠷᠡᠭᠡᠳᠦᠶ ᠳᠤ ᠠᠵᠤ ᠠᠬᠤᠶ ᠨᠡᠶᠢᠭᠡᠮ ᠤᠨ ᠬᠥᠭᠵᠢᠯᠲᠡ ᠪᠠ | ᠠᠭᠤᠷ ᠠᠮᠢᠰᠬᠤᠯ ᠤᠨ ᠬᠤᠪᠢᠷᠠᠯᠲᠠ ᠶᠢᠨ ᠪᠥᠬᠦ ᠣᠷᠣᠨ ᠤ ᠤᠰᠤ ᠬᠡᠷᠡᠭᠯᠡᠬᠦ ᠬᠡᠷᠡᠭᠴᠡᠭᠡ ᠮᠥᠨ ᠬᠦ ᠬᠠᠲᠠᠭᠤ | ᠨᠡᠮᠡᠭᠳᠡᠯ ᠲᠠᠢ ᠪᠠᠶᠢᠬᠤ ᠶᠢ ᠳᠠᠭᠠᠯᠳᠤᠨ᠂ ᠤᠰᠤᠨ ᠤ ᠠᠮᠤᠷ ᠲᠦᠪᠰᠢᠨ ᠤ ᠪᠠᠶᠢᠳᠠᠯ ᠮᠥᠨ ᠬᠦ ᠬᠦᠨᠳᠦ ᠨᠣᠴᠢᠲᠠᠶ | ᠪᠠᠶᠢᠨ᠎ᠠ᠃ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ ᠶᠢᠨ ᠲᠣᠭᠤᠷᠢᠨ ᠳᠤ᠂ ︽ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠤᠷᠤᠬᠤ︾ ᠬᠠᠷᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠤᠰᠤ ᠶᠢ ᠠᠷᠪᠢᠯᠠᠵᠤ | ᠬᠡᠷᠡᠭᠯᠡᠬᠦ ᠲᠦᠷᠢᠮ︾ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠰᠤ ᠶᠢ ᠠᠷᠪᠢᠯᠠᠵᠤ ᠬᠡᠷᠡᠭᠯᠡᠬᠦ ᠲᠡᠶᠢᠰᠢ ᠤᠯᠠᠮ | ᠴᠢᠨᠠᠭᠰᠢᠳᠠ ᠬᠥᠭᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ | ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠤᠰᠤᠨ ᠤ ᠡᠬᠢ ᠪᠠᠶᠠᠯᠢᠭ ᠤᠨ ᠠᠮᠤᠷ ᠲᠦᠪᠰᠢᠨ ᠤ ᠪᠠᠲᠤᠯᠠᠭ᠎ᠠ | ᠬᠠᠩᠭᠠᠬᠤ ᠬᠡᠷᠡᠭᠲᠡᠢ᠃ | ︽ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ | ᠣᠷᠣᠨ ᠤ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ᠂ ᠣᠷᠣᠨ ᠪᠦᠰᠡ ᠶᠢᠨ | ᠲᠥᠯᠥᠪᠵᠢᠭᠦᠯᠭᠡ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠵᠡᠷᠭᠡ ᠴᠢᠬᠤᠯᠠ ᠲᠥᠯᠥᠪᠵᠢᠭᠦᠯᠭᠡ | ᠲᠣᠭᠲᠠᠭᠠᠬᠤ ᠳᠠᠭᠠᠨ᠂ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ | ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ | ᠬᠢᠵᠠᠭᠠᠷᠯᠠᠯ ᠪᠣᠯᠭᠠᠵᠤ᠂ ᠬᠤᠲᠠ ᠬᠥᠳᠡᠭᠡ ᠶᠢᠨ ᠪᠠᠶᠢᠷᠢᠰᠢᠭᠤᠯᠤᠯ᠂ ᠭᠠᠵᠠᠷ ᠰᠢᠷᠣᠶ ᠶᠢᠨ ᠨᠡᠭᠡᠭᠡᠯᠲᠡ᠂ ᠬᠥᠮᠦᠨ | ᠠᠮᠠ ᠶᠢᠨ ᠬᠡᠪᠴᠢᠶ᠎ᠡ᠂ ᠠᠵᠤ ᠦᠢᠯᠡᠰ ᠤᠨ ᠪᠦᠲᠦᠴᠡ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠶᠢ ᠤᠰᠤᠨ ᠤ | ᠡᠬᠢ ᠪᠠᠶᠠᠯᠢᠭ ᠤᠨ ᠲᠥᠷᠥᠯᠬᠢ ᠨᠥᠬᠦᠴᠡᠯ ᠵᠢᠴᠢ ᠤᠰᠤᠨ ᠤ ᠣᠷᠴᠢᠨ ᠲᠣᠭᠤᠷᠢᠨ ᠤ ᠳᠠᠭᠠᠭᠠᠴᠠ ᠶᠢᠨ | ᠴᠢᠳᠠᠪᠤᠷᠢ ᠲᠠᠢ ᠵᠣᠬᠢᠴᠠᠭᠤᠯᠬᠤ ᠶᠢ ᠠᠬᠢᠭᠤᠯᠤᠨ᠎ᠠ᠃ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠪᠠ ᠠᠮᠢ | ᠠᠬᠤᠶ ᠶᠢᠨ ᠪᠦᠲᠦᠭᠡᠨ ᠪᠠᠶᠢᠭᠤᠯᠤᠯᠲᠠ ᠳᠤ ︽ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ︾ ᠶᠢ | ᠪᠠᠷᠢᠮᠲᠠᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠰᠤ ᠠᠷᠪᠢᠯᠠᠵᠤ ᠭᠠᠩ ᠲᠠᠢ | ᠲᠡᠮᠡᠴᠡᠬᠦ ᠮᠣᠳᠣᠨ ᠤ ᠲᠥᠷᠥᠯ ᠢ ᠰᠣᠩᠭᠤᠨ ᠠᠪᠴᠤ᠂ ᠣᠶᠢᠵᠢᠭᠤᠯᠬᠤ ᠳᠤ ᠲᠤᠬᠢᠷᠡᠪᠠᠯ ᠮᠣᠳᠣ ᠲᠠᠷᠢᠵᠤ᠂ ᠡᠪᠡᠰᠦ | ᠲᠠᠷᠢᠬᠤ ᠳᠤ ᠲᠤᠬᠢᠷᠡᠪᠠᠯ ᠡᠪᠡᠰᠦ ᠮᠣᠳᠣ ᠲᠠᠷᠢᠵᠤ ᠪᠣᠯᠤᠨ᠎ᠠ᠃ | ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠋᠎ᠠ ᠬᠢᠵᠠᠭᠠᠷᠯᠠᠨ᠎ᠠ᠃ ᠤᠰᠤᠨ ᠤ ᠡᠬᠢ ᠪᠠᠶᠠᠯᠢᠭ ᠤᠨ | ᠠᠰᠢᠭᠯᠠᠵᠤ ᠪᠣᠯᠬᠤ ᠬᠡᠮᠵᠢᠶ᠎ᠡ ᠶᠢ ᠦᠨᠳᠦᠰᠦᠯᠡᠨ᠂ ᠡᠯ᠎ᠡ ᠠᠵᠢᠯ ᠲᠥᠷᠥᠯ ᠤᠨ ᠤᠰᠤᠨ ᠤ ᠡᠬᠢ ᠪᠠᠶᠠᠯᠢᠭ ᠢ | ᠠᠰᠢᠭᠯᠠᠬᠤ ᠳᠡᠭᠡᠳᠦ ᠬᠢᠵᠠᠭᠠᠷ ᠢ ᠵᠦᠢ ᠵᠣᠬᠢᠰᠲᠠᠶ ᠲᠣᠭᠲᠠᠭᠠᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ | ᠭᠠᠵᠠᠷ ᠣᠷᠣᠨ ᠤ ᠰᠢᠨ᠎ᠡ ᠪᠠᠷ ᠤᠰᠤ ᠠᠪᠬᠤ ᠭᠤᠶᠤᠴᠢᠯᠠᠯ ᠳᠤ ᠬᠢᠨᠠᠨ ᠵᠥᠪᠰᠢᠶᠡᠷᠡᠬᠦ ᠶᠢ ᠬᠢᠵᠠᠭᠠᠷᠯᠠᠨ | ᠵᠥᠪᠰᠢᠶᠡᠷᠡᠬᠦ ᠶᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠲᠠᠯᠠᠪᠠᠶ ᠶᠢ ᠳᠤᠷ᠎ᠠ ᠪᠠᠷ ᠢᠶᠠᠨ | ᠥᠷᠭᠡᠳᠬᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠪᠠᠷᠠᠭᠤᠨ ᠯᠢᠶᠤᠤᠾᠧ ᠭᠤᠤᠯ ᠤᠨ ᠰᠠᠪᠠ ᠭᠠᠵᠠᠷ᠂ | ᠣᠷᠳᠣᠰ ᠤᠨ ᠳᠡᠨᠵᠢ ᠭᠠᠵᠠᠷ ᠤᠨ ᠣᠷᠣᠨ ᠪᠦᠰᠡ ᠨᠢ 2025 ᠣᠨ ᠤ ᠰᠡᠭᠦᠯᠴᠢ ᠠᠴᠠ ᠡᠮᠦᠨ᠎ᠡ 3.3 | ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠪᠠᠭᠠᠰᠬᠠᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠪᠠᠷᠠᠭᠤᠨ ᠯᠢᠶᠤᠤᠾᠧ ᠭᠤᠤᠯ ᠤᠨ ᠰᠠᠪᠠ ᠭᠠᠵᠠᠷ 2030 ᠣᠨ ᠳᠤ ᠳᠠᠭᠠᠭᠠᠴᠠ ᠠᠴᠠ ᠬᠡᠲᠦᠷᠡᠲᠡᠯ᠎ᠡ | ᠠᠴᠢᠶᠠᠯᠠᠬᠤ ᠶᠢ ᠵᠠᠰᠠᠬᠤ ᠬᠠᠷᠠᠯᠲᠠ ᠳᠤ ᠬᠦᠷᠪᠡ᠃ ᠬᠥᠬᠡᠬᠤᠲᠠ᠂ ᠬᠤᠷᠴᠢᠨ ᠲᠣᠭᠤᠷᠢᠭ᠂ ᠤᠷᠠᠳ ᠤᠨ ᠡᠮᠦᠨᠡᠲᠦ | ᠬᠤᠰᠢᠭᠤ ᠵᠡᠷᠭᠡ 3 ᠲᠣᠮᠣ ᠬᠡᠯᠪᠡᠷᠢ ᠶᠢᠨ ᠬᠡᠲᠦ ᠮᠠᠯᠲᠠᠭᠰᠠᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠨᠢ 2025 | ᠣᠨ ᠳᠤ ᠮᠠᠯᠲᠠᠬᠤ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠣᠯᠭᠠᠨ᠎ᠠ᠃ | ᠤᠰᠤ ᠶᠢ ᠰᠠᠶᠢᠲᠤᠷ ᠠᠷᠪᠢᠯᠠᠨ ᠭᠠᠮᠨᠠᠵᠤ ᠡᠵᠡᠮᠳᠡᠨ᠎ᠡ᠃ ᠤᠰᠤ ᠠᠷᠪᠢᠯᠠᠬᠤ ᠶᠢ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠦᠬᠦ ᠶᠠᠪᠤᠴᠠ ᠪᠣᠯᠤᠨ ᠡᠯ᠎ᠡ ᠬᠦᠷᠢᠶᠡᠨ ᠳᠤ ᠲᠤᠭᠤᠰᠢᠯᠠᠭᠤᠯᠤᠨ᠂ ᠡᠯ᠎ᠡ ᠠᠵᠢᠯ ᠲᠥᠷᠥᠯ ᠤᠨ | ᠤᠰᠤ ᠬᠡᠷᠡᠭᠯᠡᠬᠦ ᠬᠢᠷᠢ ᠬᠡᠮᠵᠢᠶ᠎ᠡ᠂ ᠤᠰᠤ ᠬᠡᠷᠡᠭᠯᠡᠬᠦ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠶ᠃ ᠲᠠᠷᠢᠶᠠᠯᠠᠩ ᠤᠨ ᠤᠰᠤ ᠠᠷᠪᠢᠯᠠᠬᠤ ᠶᠢ ᠭᠤᠤᠯᠳᠠᠯᠭ᠎ᠠ ᠲᠠᠢ ᠲᠦᠯᠬᠢᠨ ᠠᠬᠢᠭᠤᠯᠵᠤ᠂ ᠪᠣᠷᠣᠲᠣᠬᠤᠶ ᠶᠢᠨ | ᠤᠰᠤᠯᠠᠯᠲᠠ ᠶᠢᠨ ᠣᠷᠣᠨ ᠢᠶᠠᠷ ᠭᠤᠤᠯᠳᠠᠯᠭ᠎ᠠ ᠪᠣᠯᠭᠠᠭᠰᠠᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ | ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ᠂ ︽ᠤᠰᠤ ᠪᠠᠷ | ᠨᠡᠯᠦ᠋ᠢᠲᠡᠯ᠎ᠡ ᠤᠰᠤᠯᠠᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠶ᠃ ᠠᠵᠤ ᠦᠢᠯᠡᠳᠪᠦᠷᠢ ᠶᠢᠨ | ᠤᠰᠤ ᠠᠷᠪᠢᠯᠠᠬᠤ ᠶᠢ ᠶᠡᠬᠡᠪᠡᠷ ᠬᠡᠷᠡᠭᠵᠢᠭᠦᠯᠵᠦ᠂ ᠬᠠᠭᠤᠴᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠤᠰᠤ | ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠲᠥᠷᠥᠯ ᠵᠦᠢᠯ ᠢ ᠴᠢᠩᠭ᠎ᠠ | ᠬᠢᠵᠠᠭᠠᠷᠯᠠᠵᠤ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠲᠥᠷᠥᠯ | ᠵᠦᠢᠯ ᠢ ᠡᠷᠬᠡᠪᠰᠢ ᠲᠡᠷᠢᠭᠦᠨ ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠢᠷᠢ ᠲᠦᠪᠰᠢᠨ ᠳᠤ ᠬᠦᠷᠦᠭᠦᠯᠵᠦ᠂ | ᠤᠰᠤᠨ ᠤ ᠬᠤᠷᠣᠭᠳᠠᠯ ᠢ ᠵᠥᠪᠰᠢᠶᠡᠷᠡᠬᠦ ᠱᠠᠭᠠᠷᠳᠠᠯᠭ᠎ᠠ ᠳᠤ ᠨᠡᠶᠢᠴᠡᠬᠦ ᠦᠭᠡᠶ ᠲᠥᠷᠥᠯ ᠵᠦᠢᠯ ᠳᠤ ᠴᠥᠮ ᠤᠰᠤ | ᠠᠪᠴᠤ ᠵᠥᠪᠰᠢᠶᠡᠷᠡᠬᠦ ᠵᠥᠪᠰᠢᠶᠡᠷᠡᠯ ᠢ ᠬᠢᠨᠠᠨ ᠵᠥᠪᠰᠢᠶᠡᠷᠡᠵᠦ ᠪᠣᠯᠬᠤ ᠦᠭᠡᠶ᠃ | ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠲᠤᠷ ᠬᠠᠮᠢᠶᠠᠷᠤᠨ᠎ᠠ᠃ ᠤᠰᠤᠨ ᠤ ᠡᠬᠢ ᠪᠠᠶᠠᠯᠢᠭ ᠢ | ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠶᠢ ᠤᠰᠤ ᠬᠡᠷᠡᠭᠯᠡᠬᠦ ᠦᠨᠳᠦᠰᠦᠨ ᠨᠢᠭᠡᠴᠢ ᠳᠤ ᠬᠦᠷᠲᠡᠯ᠎ᠡ | ᠨᠠᠷᠢᠯᠢᠭᠵᠢᠭᠤᠯᠤᠨ ᠵᠠᠳᠠᠯᠬᠤ ᠶᠢ ᠰᠠᠶᠢᠲᠤᠷ ᠠᠳᠬᠤᠵᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠬᠤ | ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ ᠲᠠᠷᠢᠶᠠᠯᠠᠩ ᠤᠨ ᠤᠰᠤᠨ ᠤ ᠦᠨ᠎ᠡ | ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠣᠭᠲᠠᠭᠰᠠᠨ ᠨᠣᠷᠮ᠎ᠠ ︵ᠲᠥᠯᠥᠪᠯᠡᠭᠡ︶ | ᠶᠢᠨ ᠬᠠᠮᠢᠶᠠᠷᠤᠯᠲᠠ᠂ ᠱᠠᠲᠤᠯᠢᠭ ︵ᠠᠬᠢᠭᠤᠯᠤᠨ ᠣᠷᠣᠭᠤᠯᠬᠤ︶ ᠤᠰᠤᠨ ᠤ ᠦᠨ᠎ᠡ ᠬᠠᠩᠰᠢ ᠶᠢ ᠬᠡᠷᠡᠭᠵᠢᠭᠦᠯᠵᠦ᠂ | ︽ᠠᠷᠪᠢᠯᠠᠪᠠᠯ ᠱᠠᠩᠨᠠᠵᠤ ᠬᠡᠲᠦᠷᠡᠪᠡᠯ ᠲᠣᠷᠭᠠᠬᠤ︾ ᠲᠣᠭᠲᠠᠴᠠ ᠶᠢ ᠪᠠᠶᠢᠭᠤᠯᠤᠨ᠎ᠠ᠃ ᠬᠢᠨᠠᠨ ᠬᠡᠮᠵᠢᠬᠦ ᠰᠠᠭᠤᠷᠢ | ᠴᠢᠨᠠᠷᠲᠠᠶ᠂ ᠲᠤᠯᠭᠠᠭᠤᠷᠢᠯᠠᠬᠤ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠳᠪᠦᠷᠢ᠂ | ᠠᠮᠢᠳᠤᠷᠠᠯ ᠤᠨ ᠬᠡᠷᠡᠭᠯᠡᠬᠦ ᠤᠰᠤᠨ ᠤ ᠬᠡᠮᠵᠢᠶ᠎ᠡ ᠶᠢ ᠪᠦᠬᠦᠨ ᠢ ᠬᠠᠮᠤᠷᠤᠭᠤᠯᠵᠤ᠂ ᠭᠤᠣᠯᠳᠠᠯᠭ᠎ᠠ ᠲᠠᠢ ᠤᠰᠤ ᠬᠡᠷᠡᠭᠯᠡᠬᠦ | ᠡᠷᠦᠬᠡ ᠶᠢ ᠰᠦᠯᠵᠢᠶᠡᠨ ᠳᠡᠭᠡᠷ᠎ᠡ ᠬᠡᠮᠵᠢᠵᠦ ᠬᠢᠨᠠᠨ ᠡᠵᠡᠮᠳᠡᠬᠦ ᠶᠢ ᠪᠡᠶᠡᠯᠡᠭᠦᠯᠵᠦ᠂ ᠲᠠᠷᠢᠶᠠᠯᠠᠩ ᠤᠨ ᠤᠰᠤᠯᠠᠯᠲᠠ ᠶᠢᠨ | ᠬᠤᠳᠳᠤᠭ ᠲᠤ ︽ᠴᠠᠬᠢᠯᠭᠠᠨ ᠢᠶᠠᠷ ᠤᠰᠤ ᠶᠢ ᠨᠤᠭᠤᠯᠬᠤ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠲᠣᠭᠠᠴᠢᠯᠠᠭᠰᠠᠨ ᠮᠡᠳᠡᠭᠡ ᠵᠠᠩᠭᠢᠵᠢᠯᠲᠠ ᠶᠢᠨ ᠤᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢᠶᠠᠷ ᠡᠨᠧᠷᠭᠢ ᠣᠯᠭᠤᠬᠤ ᠤᠰᠤᠨ ᠤ ᠡᠬᠢ ᠪᠠᠶᠠᠯᠢᠭ ᠢ | ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠨ᠎ᠠ᠃ | ᠤᠰᠤ ᠨᠡᠮᠡᠭᠳᠡᠭᠦᠯᠬᠦ ᠠᠵᠢᠯ ᠢ ᠰᠠᠶᠢᠲᠤᠷ ᠬᠢᠨ᠎ᠡ᠃ ᠤᠯᠤᠰ ᠤᠨ ᠤᠰᠤᠨ ᠠᠰᠢᠭᠯᠠᠯᠲᠠ ᠶᠢᠨ ᠲᠣᠤᠷ ᠲᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠥᠬᠦ ᠣᠷᠣᠨ ᠤ ᠡᠯ᠎ᠡ ᠱᠠᠲᠤᠨ ᠤ ᠤᠰᠤᠨ ᠠᠰᠢᠭᠯᠠᠯᠲᠠ ᠶᠢᠨ | ᠲᠣᠤᠷ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ | ᠬᠠᠲᠤᠨ ᠭᠤᠤᠯ᠂ ᠯᠢᠶᠤᠤᠾᠧ ᠭᠤᠤᠯ᠂ ᠨᠤᠨ ᠮᠥᠷᠡᠨ ᠵᠡᠷᠭᠡ ᠴᠢᠬᠤᠯᠠ ᠰᠠᠪᠠ ᠭᠠᠵᠠᠷ ᠤᠨ ᠤᠰᠤᠨ | ᠠᠰᠢᠭᠯᠠᠯᠲᠠ ᠶᠢᠨ ᠲᠣᠤᠷ ᠤᠨ ᠪᠠᠶᠢᠷᠢᠰᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ | ᠵᠡᠭᠦᠨᠰᠢ ᠪᠠᠷᠠᠭᠤᠨᠰᠢ ᠬᠠᠷᠢᠯᠴᠠᠨ ᠲᠤᠰᠠᠯᠠᠵᠤ᠂ ᠡᠮᠦᠨ᠎ᠡ ᠤᠮᠠᠷ᠎ᠠ ᠬᠠᠷᠢᠯᠴᠠᠨ ᠨᠡᠪᠲᠡᠷᠡᠯᠴᠡᠬᠦ︾ ᠤᠰᠤᠨ | ᠠᠰᠢᠭᠯᠠᠯᠲᠠ ᠶᠢᠨ ᠲᠣᠤᠷ ᠤᠨ ᠲᠣᠬᠢᠷᠠᠭᠤᠯᠤᠯᠲᠠ ᠶᠢᠨ ᠪᠠᠶᠢᠷᠢᠰᠢᠯ ᠢ ᠪᠣᠶ ᠪᠣᠯᠭᠠᠨ᠎ᠠ᠃ ᠳᠠᠬᠢᠯᠲᠠ ᠤᠰᠤ᠂ | ᠨᠡᠭᠦᠷᠡᠰᠦᠨ ᠳᠠᠪᠬᠤᠷᠭ᠎ᠠ ᠶᠢᠨ ᠤᠰᠤ ᠵᠡᠷᠭᠡ ᠬᠡᠪ ᠤᠨ ᠪᠤᠰᠤ ᠤᠰᠤᠨ ᠰᠤᠷᠪᠤᠯᠵᠢ ᠶᠢᠨ ᠲᠣᠬᠢᠷᠠᠭᠤᠯᠤᠯᠲᠠ ᠶᠢ | ᠠᠰᠢᠭᠯᠠᠬᠤ ᠪᠠᠨ ᠨᠡᠮᠡᠭᠳᠡᠭᠦᠯᠬᠦ ᠬᠡᠷᠡᠭᠲᠡᠶ᠃ ᠴᠤᠤᠯ ᠭᠤᠣᠯ ᠤᠨ ᠤᠰᠤ ᠶᠢ ᠲᠠᠲᠠᠵᠤ ᠯᠢᠶᠤᠤᠾᠧ ᠭᠤᠣᠯ ᠳᠤ | ᠨᠡᠮᠡᠷᠢᠯᠡᠬᠦ᠂ ᠥᠪᠥᠷ ᠮᠣᠩᠭᠤᠯ ᠤᠨ ᠰᠠᠯᠪᠤᠷᠢ ᠱᠤᠭᠤᠮ ᠵᠡᠷᠭᠡ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠠᠷᠠᠭᠤᠨ | ᠱᠤᠭᠤᠮ ᠤᠨ ᠢᠨᠵᠧᠨᠧᠷᠢᠩ ᠢ ᠡᠬᠢᠯᠡᠭᠦᠯᠬᠦ ᠶᠢ ᠢᠳᠡᠪᠬᠢᠲᠡᠢ ᠤᠷᠢᠶᠠᠯᠠᠵᠤ᠂ ᠬᠠᠳᠤᠨ ᠭᠤᠣᠯ ᠤᠨ ᠰᠠᠪᠠ ᠭᠠᠵᠠᠷ᠂ | ᠪᠠᠷᠠᠭᠤᠨ ᠯᠢᠶᠤᠤᠾᠧ ᠭᠤᠣᠯ ᠤᠨ ᠰᠠᠪᠠ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠤᠰᠤᠨ ᠤ ᠡᠬᠢ | ᠪᠠᠶᠠᠯᠢᠭ ᠤᠨ ᠳᠠᠭᠠᠭᠠᠴᠠ ᠶᠢ ᠬᠦᠴᠦᠯᠡᠨ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ᠣᠷᠣᠨ ᠵᠠᠢ ᠶᠢ | ᠲᠣᠬᠢᠷᠠᠭᠤᠯᠬᠤ ᠴᠢᠳᠠᠪᠤᠷᠢ ᠶᠢ ᠴᠢᠩᠭᠠᠳᠬᠠᠨ᠎ᠠ᠃ | ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠶᠡᠬᠡᠪᠡᠷ ᠦᠷᠨᠢᠭᠦᠯᠦᠨ᠎ᠡ᠃ ︽ᠳᠡᠯᠡᠭᠡᠢ ᠶᠢᠨ ᠣᠰᠣᠨ ᠤ | ᠡᠳᠣᠷ︾᠂ ︽ᠲᠣᠮᠳᠠᠳᠣ ᠣᠯᠥᠰ ᠤᠨ ᠣᠰᠣᠨ ᠭᠠᠷᠠᠭ︾᠂ ︽ᠪᠦᠬᠦ ᠣᠯᠥᠰ ᠤᠨ ᠬᠤᠳᠡ ᠶᠢᠨ ᠣᠰᠦ ᠠᠷᠪᠢᠯᠠᠨ | ᠭᠡᠷᠡᠭᠯᠡᠬᠦ ᠣᠬᠠᠭᠤᠯᠭ᠎ᠠ ᠶᠢᠨ ᠭᠠᠷᠠᠭ︾ ᠵᠡᠷᠭᠡ ᠲᠠᠢ ᠣᠶᠠᠯᠳᠣᠭᠤᠯᠥᠨ᠂ ︽ᠣᠰᠦ ᠠᠷᠪᠢᠯᠠᠬᠤ ᠦᠪᠤᠷ ᠮᠣᠩᠭᠤᠯ | ᠪᠢᠳᠡ ᠬᠦᠳᠡᠯᠦᠯᠴᠡᠵᠤ ᠪᠤᠢ︾ ᠰᠢᠷᠢᠰ ᠣᠬᠠᠭᠤᠯᠭ᠎ᠠ ᠶᠢᠨ ᠠᠵᠢᠯᠯᠠᠭ᠎ᠠ ᠪᠠᠷ ᠳᠥᠰᠢᠭ ᠪᠤᠯᠭᠠᠵᠦ᠂ ᠣᠯᠡᠨ | ᠨᠡᠶᠢᠲᠡ ᠳᠤ ᠣᠰᠦ ᠠᠷᠪᠢᠯᠠᠬᠤ ᠮᠡᠳᠡᠯᠭᠡ ᠶᠢ ᠳᠥᠭᠡᠮᠡᠯᠵᠢᠬᠦᠯᠵᠦ᠂ ᠣᠰᠦ ᠠᠷᠪᠢᠯᠠᠬᠤ ᠶᠢ ᠰᠠᠨᠠᠭᠠᠴᠢᠯᠠᠨ᠎ᠠ᠃ ︽ | ᠠᠷᠠᠳ ᠢᠷᠭᠡᠳ ᠤᠨ ᠤᠰᠤ ᠶᠢ ᠠᠷᠪᠢᠯᠠᠵᠤ ᠬᠡᠷᠡᠭᠯᠡᠬᠦ ᠦᠢᠯᠡ ᠠᠵᠢᠯᠯᠠᠭ᠎ᠠ ᠶᠢᠨ ᠵᠢᠷᠤᠮᠵᠢᠯ︾ ᠢ ᠦᠷᠭᠦᠯᠵᠢᠯᠡᠨ | ᠤᠬᠠᠭᠤᠯᠤᠨ ᠲᠦᠭᠡᠮᠡᠯᠵᠢᠭᠦᠯᠵᠦ᠂ ᠤᠰᠤ ᠠᠷᠪᠢᠯᠠᠬᠤ ᠰᠤᠷᠭᠠᠨ ᠬᠥᠮᠦᠵᠢᠯ ᠢ ᠰᠤᠷᠭᠠᠭᠤᠯᠢ ᠶᠢᠨ ᠬᠦᠷᠢᠶ᠎ᠡ᠂ ᠨᠡᠶᠢᠭᠡᠮ | ᠲᠣᠭᠤᠷᠢᠭ᠂ ᠠᠵᠤ ᠠᠬᠤᠶᠢᠯᠠᠯ᠂ ᠪᠠᠶᠢᠭᠤᠯᠭ᠎ᠠ ᠳᠤ ᠣᠷᠣᠭᠤᠯᠬᠤ ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠣᠯᠠᠨ ᠨᠡᠶᠢᠲᠡ ᠶᠢᠨ ᠤᠰᠤ ᠠᠷᠪᠢᠯᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠪᠥᠬᠦ | ᠨᠡᠶᠢᠭᠡᠮ ᠢᠶᠠᠷ ᠢᠶᠠᠨ ᠤᠰᠤ ᠶᠢ ᠠᠷᠪᠢᠯᠠᠵᠤ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | | ︵︽ᠥᠪᠥᠷ ᠮᠣᠩᠭᠤᠯ ᠤᠨ ᠡᠳᠦᠷ ᠤᠨ ᠰᠣᠨᠢᠨ︾ ᠠᠴᠠ ᠰᠢᠯᠵᠢᠭᠦᠯᠪᠡ︶ | |