ᠡᠯ᠎ᠡ ᠬᠤᠯᠪᠣᠭᠳᠠᠯ ᠪᠦᠬᠦᠢ ᠨᠢᠭᠡᠴᠢ᠄ | ︽ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ | ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠬᠤ | ᠬᠠᠮᠢᠶᠠᠷᠤᠯᠲᠠ ᠶᠢᠨ ᠠᠷᠭ᠎ᠠ︾ ︵ᠤᠰᠤᠨ ᠤ ᠬᠢᠨᠠᠯᠲᠠ ᠬᠠᠮᠢᠶᠠᠷᠤᠯᠲᠠ ﹇2022﹈ 326 ᠳ᠋ᠤᠭᠠᠷ ᠲᠣᠭᠠᠲᠤ︶ | ᠵᠡᠷᠭᠡ ᠲᠣᠭᠲᠠᠭᠠᠯ ᠢ ᠦᠨᠳᠦᠰᠦᠯᠡᠨ᠂ ᠣᠲᠣ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ︵ | ᠪᠠᠷᠢᠯᠭ᠎ᠠ ᠪᠠᠷᠢᠬᠤ ᠶᠡᠷᠦᠩᠬᠡᠶ ᠳᠠᠭᠠᠭᠠᠴᠢᠯᠠᠯᠲᠠ ᠶᠢᠨ ᠬᠤᠶᠠᠳᠤᠭᠠᠷ ᠳᠡᠰ ︵ᠬᠤᠶᠠᠳᠤᠭᠠᠷ ᠳᠡᠰ ᠪᠠᠭᠲᠠᠨ᠎ᠠ︶ ᠠᠴᠠ | ᠳᠣᠷᠣᠭᠰᠢᠬᠢ ᠬᠢᠷᠢ ᠬᠡᠮ ᠪᠠ ᠲᠤᠰᠬᠠᠶ ᠠᠵᠢᠯ ᠤᠨ ᠳᠠᠭᠠᠭᠠᠴᠢᠯᠠᠯᠲᠠ ᠶᠢᠨ ᠬᠤᠶᠠᠳᠤᠭᠠᠷ ᠳᠡᠰ ︵ᠬᠤᠶᠠᠳᠤᠭᠠᠷ ᠳᠡᠰ | ᠪᠠᠭᠲᠠᠨ᠎ᠠ︶ ᠠᠴᠠ ᠳᠣᠷᠣᠭᠰᠢᠬᠢ ᠬᠢᠷᠢ ᠬᠡᠮ ᠲᠠᠢ ᠪᠠᠷᠢᠯᠭ᠎ᠠ ᠪᠠᠷᠢᠬᠤ ᠠᠵᠤ ᠠᠬᠤᠶᠢᠯᠠᠯ ᠢ ᠪᠠᠭᠲᠠᠭᠠᠨ᠎ᠠ᠂ ᠭᠤᠤᠯ | ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ᠂ ᠲᠤᠰᠬᠠᠶ ᠲᠤᠰᠢᠶᠠᠯᠲᠤ ᠠᠶᠤᠯᠭᠦᠶ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ︵ᠳᠣᠷᠣᠭᠰᠢ ᠠᠶᠤᠯᠭᠦᠶ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯᠲᠠᠨ ᠭᠡᠵᠦ ᠲᠣᠪᠴᠢᠯᠠᠨ᠎ᠠ︶ ᠠᠶᠤᠯᠭᠦᠶ ᠦᠢᠯᠡᠳᠪᠦᠷᠢᠯᠡᠯ ᠤᠨ ᠰᠢᠯᠭᠠᠯᠲᠠ ᠶᠢᠨ | ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠬᠡ᠂ ᠰᠢᠯᠭᠠᠯᠳᠠ ᠶᠢᠨ ᠪᠠᠶᠢᠭᠤᠯᠤᠮᠵᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠬᠢᠭᠡᠳ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ | ᠦᠢᠯᠡᠴᠢᠯᠡᠭᠡᠨ ᠤ ᠲᠥᠪ ︵ᠳᠣᠷᠣᠭᠰᠢ ᠰᠢᠯᠭᠠᠯᠲᠠ ᠶᠢᠨ ᠪᠠᠶᠢᠭᠤᠯᠤᠮᠵᠢ ᠭᠡᠵᠦ ᠲᠣᠪᠴᠢᠯᠠᠨ᠎ᠠ︶ ᠨᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ | ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠬᠤᠶᠠᠳᠤᠭᠠᠷ ᠳᠡᠰ ︵ᠪᠠᠭᠲᠠᠨ᠎ᠠ︶ ᠠᠴᠠ ᠳᠣᠷᠣᠭᠰᠢᠬᠢ ᠬᠢᠷᠢ ᠬᠡᠮ᠂ | ᠲᠤᠰᠬᠠᠶ ᠠᠵᠢᠯ ᠤᠨ ᠳᠠᠭᠠᠭᠠᠴᠢᠯᠠᠯᠲᠠ ᠶᠢᠨ ᠬᠤᠶᠠᠳᠤᠭᠠᠷ ᠳᠡᠰ ︵ᠪᠠᠭᠲᠠᠨ᠎ᠠ︶ ᠠᠴᠠ ᠳᠣᠷᠣᠭᠰᠢᠬᠢ ᠬᠢᠷᠢ ᠬᠡᠮ ᠲᠠᠢ | ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠰᠢᠯᠭᠠᠯᠲᠠ ᠶᠢᠨ ᠠᠵᠢᠯ ᠢ ᠡᠭᠦᠷᠭᠡᠯᠡᠨ᠎ᠡ᠃ | ᠬᠤᠶᠠᠷ᠂ ᠰᠢᠯᠭᠠᠯᠳᠠ ᠶᠢᠨ ᠠᠭᠤᠯᠭ᠎ᠠ | ︽ᠤᠰᠤᠨ ᠠᠰᠢᠭᠯᠠᠯᠲᠠ ᠤᠰᠤᠨ ᠴᠠᠬᠢᠯᠭᠠᠨ ᠤ ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ | ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠯᠲᠠ ᠶᠢᠨ | ᠬᠥᠲᠥᠯᠪᠦᠷᠢ︾ ︵ᠠᠯᠪᠠᠨ ᠬᠢᠨᠠᠨ ᠬᠠᠮᠢᠶᠠᠷᠤᠯᠲᠠ ᠵᠠᠬᠢᠳᠠᠯ ﹇2023 ﹈ 718 ᠳ᠋ᠤᠭᠠᠷ ᠲᠣᠭᠠᠲᠤ︶ ᠶᠢ | ᠦᠨᠳᠦᠰᠦᠯᠡᠨ ᠲᠣᠭᠲᠠᠭᠠᠵᠤ᠂ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ | ᠦᠢᠯᠡᠳᠪᠦᠷᠢᠯᠡᠯ ᠤᠨ ᠰᠢᠯᠭᠠᠯᠲᠠ ᠶᠢᠨ ᠠᠭᠤᠯᠭ᠎ᠠ ᠳᠤ ᠠᠶᠤᠯᠭᠦᠶ ᠦᠢᠯᠡᠳᠪᠦᠷᠢᠯᠡᠯ ᠤᠨ ᠮᠡᠳᠡᠯᠭᠡ ᠪᠠ | ᠬᠠᠮᠢᠶᠠᠷᠤᠯᠲᠠ ᠶᠢᠨ ᠴᠢᠳᠠᠪᠤᠷᠢ ᠬᠤᠶᠠᠷ ᠬᠡᠰᠡᠭ ᠢ ᠪᠠᠭᠲᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠳᠤ | ᠭᠤᠤᠯᠳᠠᠭᠤ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠣᠯᠤᠨ | ᠠᠶᠤᠯᠭᠦᠢ ᠦᠢᠯᠡᠳᠪᠦᠷᠢᠯᠡᠯ ᠤᠨ ᠮᠡᠷᠭᠡᠵᠢᠯ ᠪᠠᠭᠲᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠴᠢᠳᠠᠪᠤᠷᠢ ᠳᠤ ᠭᠤᠤᠯᠳᠠᠭᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠦᠨᠳᠦᠰᠦᠨ ᠮᠡᠳᠡᠯᠭᠡ ᠪᠣᠯᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠠᠭᠲᠠᠭᠠᠨ᠎ᠠ᠃ | ᠮᠡᠳᠡᠭᠦᠯᠦᠨ ᠰᠢᠯᠭᠠᠭᠤᠯᠬᠤ ᠲᠥᠷᠥᠯ ᠵᠦᠢᠯ ᠪᠣᠯ ᠤᠰᠤᠨ ᠠᠰᠢᠭᠯᠠᠯᠲᠠ ᠤᠰᠤᠨ ᠴᠠᠬᠢᠯᠭᠠᠨ ᠤ | ᠢᠨᠵᠧᠨᠧᠷᠢᠩ ᠤᠨ ᠪᠠᠷᠢᠯᠭ᠎ᠠ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ | ᠬᠠᠷᠢᠭᠤᠴᠠᠯᠭᠠᠲᠠᠨ ᠪᠣᠯᠤᠨ ᠲᠤᠰᠬᠠᠶ ᠲᠤᠰᠢᠶᠠᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ | ᠵᠡᠷᠭᠡ ᠭᠤᠷᠪᠠᠨ ᠲᠥᠷᠥᠯ ᠵᠦᠢᠯ ᠪᠣᠯᠤᠨ᠎ᠠ᠃ | ᠭᠤᠷᠪᠠ᠂ ᠰᠢᠯᠭᠠᠯᠲᠠ ᠶᠢᠨ ᠬᠡᠯᠪᠡᠷᠢ ᠵᠢᠴᠢ ᠰᠡᠳᠦᠪ ᠤᠨ ᠬᠡᠯᠪᠡᠷᠢ | ᠠᠶᠤᠯᠭᠦᠢ ᠦᠢᠯᠡᠳᠪᠦᠷᠢᠯᠡᠯ ᠤᠨ ᠰᠢᠯᠭᠠᠯᠲᠠ ᠳᠤ ᠰᠡᠳᠦᠪ ᠬᠠᠷᠢᠭᠤᠯᠬᠤ ᠬᠡᠯᠪᠡᠷᠢ ᠶᠢ ᠠᠪᠴᠤ᠂ | ᠰᠢᠯᠭᠠᠯᠲᠠ ᠶᠢᠨ ᠴᠠᠭ ᠨᠢ 150 ᠮᠢᠨᠦ᠋ᠲ᠂ ᠰᠢᠯᠭᠠᠯᠲᠠ ᠶᠢᠨ ᠪᠦᠷᠢᠨ ᠬᠤᠪᠢ ᠨᠢ 100 ᠬᠤᠪᠢ᠂ 60 | ᠬᠤᠪᠢ ᠶᠢᠨ ᠬᠢᠷᠢ ᠲᠡᠩᠴᠡᠭᠰᠡᠨ ᠬᠢᠷᠢ ᠪᠦᠲᠦᠮᠵᠢ ᠠᠴᠠ ᠪᠠᠭ᠎ᠠ ᠪᠠᠶᠢᠵᠤ ᠪᠣᠯᠬᠤ ᠦᠭᠡᠢ᠃ ᠰᠢᠯᠭᠠᠯᠲᠠ ᠶᠢᠨ | ᠬᠠᠭᠤᠳᠠᠰᠤ ᠶᠢᠨ ᠰᠡᠳᠦᠪ ᠲᠤ ᠭᠠᠭᠴᠠ ᠰᠣᠩᠭᠤᠬᠤ ᠰᠡᠳᠦᠪ ᠂ ᠣᠯᠠᠨ ᠰᠣᠩᠭᠤᠬᠤ ᠰᠡᠳᠦᠪ ᠪᠠ ᠮᠠᠭᠠᠳᠯᠠᠬᠤ | ᠰᠡᠳᠦᠪ ᠵᠡᠷᠭᠡ ᠪᠠᠭᠲᠠᠨ᠎ᠠ᠃ ᠡᠭᠦᠨ ᠳᠤ ᠳᠠᠩ ᠰᠤᠩᠭᠤᠬᠤ ᠰᠡᠳᠦᠪ 100 ᠪᠠᠶᠢᠵᠤ᠂ ᠰᠡᠳᠦᠪ ᠪᠦᠷᠢ 0.5 | ᠬᠤᠪᠢ᠂ ᠤᠯᠠᠨ ᠰᠤᠩᠭᠤᠬᠤ ᠰᠡᠳᠦᠪ 20 ᠪᠠᠶᠢᠵᠤ᠂ ᠰᠡᠳᠦᠪ ᠪᠦᠷᠢ 2 ᠬᠤᠪᠢ︔ ᠮᠠᠭᠠᠳᠯᠠᠬᠤ ᠰᠡᠳᠦᠪ 20 | ᠪᠠᠶᠢᠵᠤ᠂ ᠰᠡᠳᠦᠪ ᠪᠦᠷᠢ 0.5 ᠬᠤᠪᠢ᠃ | ᠳᠥᠷᠪᠡ᠂ ᠰᠢᠯᠭᠠᠯᠲᠠ ᠶᠢᠨ ᠨᠡᠷ᠎ᠡ ᠮᠡᠳᠡᠭᠦᠯᠬᠦ ᠶᠠᠪᠤᠳᠠᠯ | 2024 ᠣᠨ ᠳᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯᠲᠠᠨ ᠤ ᠰᠢᠯᠭᠠᠯᠲᠠ ᠶᠢᠨ | ᠲᠥᠯᠥᠪᠯᠡᠭᠡ ᠶᠢ 2 ᠤᠳᠠᠭ᠎ᠠ ᠵᠣᠬᠢᠶᠠᠨ ᠪᠠᠶᠢᠭᠤᠯᠵᠤ᠂ ᠰᠢᠯᠭᠠᠯᠲᠠ ᠶᠢᠨ ᠴᠠᠭ ᠨᠢ 6 ᠰᠠᠷ᠎ᠠ᠂ 12 ᠰᠠᠷ᠎ᠠ᠂ | ᠰᠢᠯᠭᠠᠯᠲᠠ ᠶᠢᠨ ᠠᠷᠭ᠎ᠠ ᠮᠠᠶ᠋ᠢᠭ ᠨᠢ ᠲᠤᠬᠠᠶ ᠶᠢᠨ ᠲᠠᠯᠠᠪᠤᠷ ᠲᠤ ᠮᠠᠰᠢᠨ ᠰᠢᠯᠭᠠᠬᠤ ᠪᠤᠶᠤ ᠰᠦᠯᠵᠢᠶᠡᠨ ᠳᠡᠭᠡᠷ᠎ᠡ | ᠰᠢᠯᠭᠠᠬᠤ ᠵᠡᠷᠭᠡ ᠠᠷᠭ᠎ᠠ ᠮᠠᠶ᠋ᠢᠭ ᠪᠣᠯᠤᠨ᠎ᠠ᠂ ᠪᠣᠳᠠᠲᠠᠶ ᠰᠢᠯᠭᠠᠯᠲᠠ ᠶᠢᠨ ᠴᠠᠭ᠂ ᠠᠷᠭ᠎ᠠ ᠮᠠᠶ᠋ᠢᠭ᠂ ᠭᠠᠵᠠᠷ ᠣᠷᠣᠨ ᠳᠤ | ᠠᠰ ᠲᠤᠨᠢ ᠮᠡᠳᠡᠭᠳᠡᠬᠦ ︵ᠰᠢᠯᠭᠠᠯᠲᠠ ᠶᠢᠨ 20 ᠠᠵᠢᠯᠯᠠᠬᠤ ᠡᠳᠦᠷ ᠲᠤ ᠮᠡᠳᠡᠭᠳᠡᠯ ᠨᠡᠶᠢᠲᠡᠯᠡᠨ᠎ᠡ︶ ᠪᠣᠯᠤᠨ᠎ᠠ᠃ | ᠲᠠᠪᠤ᠂ ᠬᠠᠷᠢᠯᠴᠠᠬᠤ ᠠᠷᠭ᠎ᠠ ᠮᠠᠶ᠋ᠢᠭ | ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠬᠢᠭᠡᠳ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠦᠢᠯᠡᠴᠢᠯᠡᠭᠡᠨ ᠤ ᠲᠥᠪ᠄ ᠯᠢ ᡁᠢ ᠸᠧᠨ ︵0471︶ 5259382 | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠯᠠᠭᠠᠨ ᠤ | ᠬᠠᠮᠢᠶᠠᠷᠤᠯᠲᠠ ᠶᠢᠨ ᠭᠠᠵᠠᠷ᠄ ᠴᠧᠩ ᠭᠤᠸᠠᠩ ᠶᠤᠸᠠᠨ ︵0471︶ 5259658 | |