3 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠮᠦᠽᠧᠶ ᠶᠢᠨ | ᠠᠭᠤᠳᠠᠮ ᠲᠠᠯᠠᠪᠠᠶ ᠳᠤ᠂ ︽ᠤᠰᠤᠨ ᠤ ᠡᠬᠢ ᠪᠠᠶᠠᠯᠢᠭ ᠢ ᠨᠠᠨᠳᠢᠩᠨᠠᠨ ᠬᠠᠶᠢᠷᠠᠯᠠᠵᠤ᠂ ᠦᠵᠡᠰᠬᠦᠯᠡᠩᠲᠦ ᠰᠠᠶᠢᠬᠠᠨ | ᠤᠮᠠᠷᠠᠲᠤ ᠬᠢᠯᠢ ᠶᠢ ᠬᠠᠮᠲᠤ ᠪᠠᠷ ᠪᠥᠲᠥᠭᠡᠨ ᠪᠠᠶᠢᠭᠤᠯᠬᠤ︾ ᠤᠷᠢᠶᠠᠮᠠᠯ ᠲᠡᠩᠭᠡᠯᠢᠭ ᠢ ᠠᠯᠭᠤᠷᠬᠠᠨ ᠨᠡᠭᠡᠭᠡᠬᠦ ᠶᠢ | ᠳᠠᠭᠠᠯᠳᠤᠨ᠂ ᠥᠪᠥᠷ ᠮᠣᠩᠭᠤᠯ 2024 ᠣᠨ ᠤ ︽ᠳᠡᠯᠡᠬᠡᠶ ᠶᠢᠨ ᠤᠰᠤᠨ ᠤ ᠡᠳᠦᠷ︾᠂ ︽ᠳᠤᠮᠳᠠᠳᠤ | ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠬᠦ ᠶᠢᠨ ᠬᠠᠮᠲᠤ ︽ | ᠤᠰᠤ ᠠᠷᠪᠢᠯᠠᠬᠤ ᠳᠤᠮᠳᠠᠳᠤ ᠤᠯᠤᠰ ᠤᠨ ᠠᠶᠠᠯᠠᠯ︾ ᠵᠢᠴᠢ ᠲᠠᠪᠤᠳᠤᠭᠠᠷ ᠬᠤᠭᠤᠴᠠᠭᠠᠨ ᠤ ︽ᠤᠰᠤ ᠠᠷᠪᠢᠯᠠᠬᠤ | ᠥᠪᠥᠷ ᠮᠣᠩᠭᠤᠯ ᠪᠢᠳᠡᠨ ᠤ ᠠᠵᠢᠯᠯᠠᠭ᠎ᠠ︾ ᠭᠡᠬᠦ ᠭᠤᠤᠯ ᠰᠡᠳᠦᠪᠲᠦ ᠤᠬᠠᠭᠤᠯᠭ᠎ᠠ ᠶᠢᠨ ᠶᠣᠰᠣᠯᠠᠯ ᠢ ᠡᠬᠢᠯᠡᠭᠦᠯᠪᠡ᠃ | | | | | | 3 ᠳ᠋ᠤᠭᠠᠷ ᠰᠠᠷ᠎ᠠ ᠶᠢᠨ 22 ᠤᠨ ᠡᠳᠦᠷ ᠤᠨ ᠳᠡᠯᠡᠬᠡᠶ ᠶᠢᠨ ᠤᠰᠤᠨ ᠤ ᠡᠳᠦᠷ · ᠳᠤᠮᠳᠠᠳᠤ ᠤᠯᠤᠰ ᠤᠨ | ᠤᠰᠤᠨ ᠤ ᠭᠠᠷᠠᠭ ᠤᠨ ᠡᠬᠢᠯᠡᠯᠲᠡ ᠶᠢᠨ ᠶᠣᠰᠣᠯᠠᠯ ᠥᠪᠥᠷ ᠮᠣᠩᠭᠤᠯ ᠤᠨ ᠮᠦᠽᠧᠶ ᠶᠢᠨ ᠬᠦᠷᠢᠶᠡᠯᠡᠩ ᠳᠤ | ᠶᠠᠪᠤᠭᠳᠠᠪᠠ | ᠲᠤᠬᠠᠢ ᠶᠢᠨ ᠲᠠᠯᠠᠪᠠᠢ ᠳᠤ᠂ ᠬᠤᠶᠠᠷ ᠲᠠᠯ᠎ᠠ ᠪᠠᠷ ᠲᠡᠷᠢ ᠲᠡᠭᠰᠢ ᠲᠠᠯᠪᠢᠵᠤ ᠪᠠᠶᠢᠭ᠎ᠠ ᠤᠰᠤᠨ ᠤ ᠡᠬᠢ ᠪᠠᠶᠠᠯᠢᠭ᠂ | ᠤᠰᠤ ᠰᠢᠷᠣᠢ ᠶᠢ ᠬᠠᠮᠠᠭᠠᠯᠠᠬᠤ᠂ ᠤᠰᠤᠨ ᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠦᠵᠡᠰᠬᠦᠯᠡᠩᠲᠦ | ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠤᠨ ᠠᠭᠤᠯᠭ᠎ᠠ ᠶᠢᠨ ᠦᠵᠡᠭᠦᠯᠭᠡ ᠶᠢᠨ ᠰᠠᠮᠪᠠᠷ᠎ᠠ ᠶᠢ ᠬᠤᠳᠠ ᠶᠢᠨ | ᠠᠷᠠᠳ ᠲᠤ ᠠᠪᠴᠢᠷᠠᠪᠠ︔ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠰᠣᠨᠢᠨ | ᠮᠡᠳᠡᠭᠡᠨ ᠤ ᠤᠬᠠᠭᠤᠯᠬᠤ ᠬᠡᠯᠲᠡᠰ ᠤᠨ ᠯᠢ ᠵᠢᠶᠠᠨ ᠭᠦᠸᠧ ᠦᠭᠡ ᠵᠤᠬᠢᠶᠠᠵᠤ᠂ ᠤᠷᠭᠢᠯ ᠠᠶ᠎ᠠ ᠵᠤᠬᠢᠶᠠᠵᠤ᠂ | ᠲᠤᠰᠬᠠᠶᠢᠯᠠᠨ ᠤᠰᠤ ᠠᠷᠪᠢᠯᠠᠬᠤ ᠶᠢᠨ ᠲᠥᠯᠥᠭᠡ ᠤᠬᠠᠭᠤᠯᠵᠤ ᠵᠣᠬᠢᠶᠠᠨ ᠪᠦᠲᠦᠭᠡᠭᠰᠡᠨ ᠳᠠᠭᠤᠤ ᠨᠢ ︽ᠴᠢᠮ᠎ᠠ ᠠᠴᠠ | ᠰᠠᠯᠵᠤ ᠴᠢᠳᠠᠬᠤ ᠦᠭᠡᠢ︾ ᠭᠡᠬᠦ ᠳᠠᠭᠤᠤ ᠨᠢ ᠬᠥᠮᠦᠰ ᠤᠨ ᠠᠩᠬᠠᠷᠤᠯ ᠢ ᠲᠠᠲᠠᠪᠠ︔ ᠡᠭᠦᠨ ᠤ ᠬᠠᠮᠲᠤ ᠤᠰᠤᠨ ᠤ | ᠬᠠᠤᠯᠢ ᠴᠠᠭᠠᠵᠠ ᠬᠠᠤᠯᠢ ᠲᠣᠭᠲᠠᠭᠠᠯ ᠢ ᠬᠦᠯᠢᠴᠡᠩᠭᠦᠢ ᠪᠠᠷ ᠲᠠᠶᠢᠯᠪᠤᠷᠢᠯᠠᠵᠤ᠂ ᠬᠤᠳᠠ ᠶᠢᠨ ᠠᠷᠠᠳ ᠤᠯᠠᠨ ᠤ | ᠭᠤᠣᠯ ᠮᠥᠷᠡᠨ ᠨᠠᠭᠤᠷ ᠴᠥᠭᠦᠷᠥᠮ ᠤᠨ ᠬᠠᠮᠠᠭᠠᠯᠠᠯᠲᠠ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ᠂ | ᠤᠰᠤᠨ ᠤ ᠠᠮᠢ ᠠᠬᠤᠢ ᠶᠢᠨ ᠵᠠᠰᠠᠯᠲᠠ ᠶᠢᠨ ᠲᠠᠯ᠎ᠠ ᠶᠢᠨ ᠵᠥᠪᠯᠡᠯᠭᠡ ᠪᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ | ᠥᠭᠪᠡ᠃ | | | | | | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯᠲᠠᠳ ᠠᠵᠢᠯᠯᠠᠭ᠎ᠠ ᠳᠤ ᠣᠷᠣᠯᠴᠠᠭᠰᠠᠨ ᠡᠬᠡ ᠪᠣᠯᠤᠨ | ᠪᠢᠴᠢᠬᠠᠨ ᠨᠠᠶᠢᠵᠠ ᠨᠠᠷ ᠲᠤ ᠤᠰᠤ ᠠᠷᠪᠢᠯᠠᠬᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠪᠠ | ᠣᠶᠢᠯᠠᠭᠠᠭᠰᠠᠨ ᠢᠶᠠᠷ᠂ ᠭᠤᠤᠯ ᠬᠤᠷᠠᠯ ᠤᠨ ᠲᠠᠯᠠᠪᠠᠶ ᠶᠢᠨ ᠠᠵᠢᠯᠯᠠᠭ᠎ᠠ ᠠᠴᠠ ᠭᠠᠳᠠᠨ᠎ᠠ᠂ ᠥᠪᠥᠷ | ᠮᠣᠩᠭᠤᠯ ᠤᠨ ᠬᠥᠬᠡᠬᠤᠲᠠ᠂ ᠤᠯᠠᠭᠠᠨᠬᠠᠳᠠ ᠬᠤᠲᠠ ᠪᠣᠯᠤᠨ ᠲᠦᠩᠯᠢᠶᠣᠤ ᠬᠤᠲᠠ ᠭᠤᠷᠪᠠᠨ ᠭᠠᠵᠠᠷ ᠤᠨ ᠸᠠᠨ ᠳ᠋ᠠ | ᠠᠭᠤᠳᠠᠮ ᠲᠠᠯᠠᠪᠠᠶ ᠳᠤ 7 ᠡᠳᠦᠷ ᠤᠨ ᠬᠤᠭᠤᠴᠠᠭ᠎ᠠ ᠲᠠᠢ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠵᠡᠷᠭᠡᠪᠡᠷ | ᠥᠷᠨᠢᠭᠦᠯᠪᠡ᠃ ᠬᠤᠳᠠᠯᠳᠤᠭᠠᠨ ᠤ ᠲᠠᠯᠠᠪᠤᠷ ᠲᠤ᠂ ᠬᠦᠷ ᠬᠥᠭᠵᠢᠶᠡᠨ ᠲᠠᠢ ᠳᠠᠭᠤᠤ ᠪᠥᠵᠢᠭ ᠤᠨ ᠲᠣᠭᠯᠠᠯᠲᠠ | ᠪᠣᠯᠤᠨ ᠲᠤᠬᠠᠢ ᠶᠢᠨ ᠲᠠᠯᠠᠪᠠᠢ ᠶᠢᠨ ᠮᠡᠳᠡᠯᠭᠡ ᠶᠢᠨ ᠬᠠᠷᠢᠯᠴᠠᠭ᠎ᠠ ᠨᠢ ᠬᠡᠷᠡᠭᠯᠡᠭᠴᠢᠳ ᠤᠨ ᠠᠩᠬᠠᠷᠤᠯ ᠢ ᠲᠠᠲᠠᠵᠤ | ᠪᠠᠶᠢᠯ᠎ᠠ᠃ ᠬᠤᠳᠠᠯᠳᠤᠭᠠᠨ ᠤ ᠲᠠᠯᠠᠪᠤᠷ ᠲᠤ᠂ ᠬᠦᠷ ᠬᠥᠭᠵᠢᠶᠡᠨ ᠲᠠᠢ ᠳᠠᠭᠤᠤ ᠪᠥᠵᠢᠭ ᠤᠨ ᠲᠣᠭᠯᠠᠯᠲᠠ ᠪᠣᠯᠤᠨ | ᠲᠤᠬᠠᠢ ᠶᠢᠨ ᠲᠠᠯᠠᠪᠠᠢ ᠶᠢᠨ ᠮᠡᠳᠡᠯᠭᠡ ᠶᠢᠨ ᠬᠠᠷᠢᠯᠴᠠᠭ᠎ᠠ ᠨᠢ ᠬᠡᠷᠡᠭᠯᠡᠭᠴᠢᠳ ᠤᠨ ᠠᠩᠬᠠᠷᠤᠯ ᠢ ᠲᠠᠲᠠᠵᠤ ᠪᠠᠶᠢᠯ᠎ᠠ᠃ | 3 ᠳ᠋ᠤᠭᠠᠷ ᠰᠠᠷ᠎ᠠ ᠶᠢᠨ 22 ᠤᠨ ᠡᠳᠦᠷ ᠤᠨ ᠭᠤᠣᠯ ᠬᠤᠷᠠᠯ ᠤᠨ ᠲᠠᠯᠠᠪᠠᠢ ᠶᠢᠨ ᠡᠬᠢᠯᠡᠯᠲᠡ ᠶᠢᠨ | ᠶᠣᠰᠣᠯᠠᠯ ᠤᠨ ᠰᠢᠭᠤᠳ ᠨᠡᠪᠲᠡᠷᠡᠭᠦᠯᠭᠡ ᠨᠢ ᠡᠬᠡ ᠪᠢᠴᠢᠭ ᠲᠠᠷᠬᠠᠭᠠᠬᠤ ᠦᠶ᠎ᠡ ᠶᠢᠨ ᠪᠦᠷᠢᠳᠬᠡᠯ ᠢ ᠦᠨᠳᠦᠰᠦᠯᠡᠪᠡᠯ᠂ | ᠨᠢᠭᠡᠨᠲᠡ ᠰᠦᠯᠵᠢᠶᠡᠨ ᠳᠡᠭᠡᠷ᠎ᠡ 10 ᠲᠦᠮᠡᠨ + ᠬᠥᠮᠦᠨ ᠤᠳᠠᠭ᠎ᠠ ᠲᠣᠭᠤᠷᠢᠨ ᠦᠵᠡᠵᠦ ᠰᠣᠨᠢᠷᠬᠠᠪᠠ᠃ | | | | | | ᠰᠠᠶᠢᠨ ᠳᠤᠷ᠎ᠠ ᠶᠢᠨ ᠦᠢᠯᠡᠴᠢᠯᠡᠭᠴᠢᠳ ᠠᠵᠢᠯᠲᠠᠨ ᠤ ᠵᠢᠯᠣᠭᠤᠳᠣᠯᠭ᠎ᠠ ᠳᠣᠤᠷ᠎ᠠ ᠠᠵᠢᠯᠯᠠᠭ᠎ᠠ ᠶᠢᠨ | ᠠᠭᠤᠯᠭ᠎ᠠ ᠶᠢ ᠣᠶᠢᠯᠠᠭᠠᠵᠤ᠂ ᠤᠬᠠᠭᠤᠯᠭ᠎ᠠ ᠶᠢᠨ ᠪᠡᠯᠡᠭ ᠠᠪᠴᠤ ᠪᠠᠶᠢᠨ᠎ᠠ | ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ᠂ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠰᠠᠯᠠᠭ᠎ᠠ ᠮᠥᠴᠢᠷ ᠤᠨ ᠠᠵᠢᠯᠲᠠᠳ ᠲᠤᠬᠠᠢ ᠶᠢᠨ ᠲᠠᠯᠠᠪᠠᠢ ᠳᠤ 2000 ᠭᠠᠷᠤᠢ ᠪᠠᠭᠰᠢ | ᠰᠤᠷᠤᠭᠴᠢᠳ ᠲᠠᠢ ᠬᠠᠮᠲᠤ ᠤᠰᠤ ᠠᠷᠪᠢᠯᠠᠬᠤ ᠤᠬᠠᠭᠤᠯᠭ᠎ᠠ ᠶᠢᠨ ᠹᠢᠯᠢᠮ ᠢ ᠬᠠᠮᠲᠤᠪᠠᠷ ᠦᠵᠡᠵᠦ᠂ ᠤᠰᠤᠨ ᠤ ᠡᠬᠢ | ᠪᠠᠶᠠᠯᠢᠭ ᠤᠨ ᠬᠠᠮᠢᠶᠠᠷᠤᠯᠲᠠ ᠪᠣᠯᠤᠨ ᠬᠠᠮᠠᠭᠠᠯᠠᠯᠲᠠ ᠵᠡᠷᠭᠡ ᠠᠰᠠᠭᠤᠳᠠᠯ ᠢ ᠬᠠᠮᠲᠤᠪᠠᠷ ᠰᠤᠳᠤᠯᠤᠨ ᠶᠠᠷᠢᠯᠴᠠᠪᠠ᠃ | ᠲᠤᠬᠠᠢ ᠶᠢᠨ ᠲᠠᠯᠠᠪᠠᠢ ᠳᠤ᠂ ᠶᠡᠭᠡ ᠰᠤᠷᠭᠠᠭᠤᠯᠢ ᠶᠢᠨ ᠰᠤᠷᠤᠭᠴᠢᠳ ᠤᠰᠤᠨ ᠠᠰᠢᠭᠯᠠᠯᠲᠠ ᠶᠢᠨ ᠰᠠᠯᠠᠭ᠎ᠠ | ᠮᠥᠴᠢᠷ ᠤᠨ ᠠᠵᠢᠯᠲᠠᠳ ᠲᠠᠢ ᠢᠳᠡᠪᠬᠢᠲᠡᠢ ᠬᠥᠳᠡᠯᠦᠯᠴᠡᠵᠦ᠂ ᠤᠬᠠᠭᠤᠯᠭ᠎ᠠ ᠶᠢᠨ ᠲᠠᠪᠴᠠᠩ ᠤᠨ ᠡᠮᠦᠨ᠎ᠡ ᠴᠥᠮ | ᠨᠠᠷᠢᠨ ᠬᠢᠨᠠᠮᠠᠭᠠᠢ ᠰᠣᠨᠣᠰᠤᠭᠰᠠᠨ ᠪᠠ ᠢᠷᠡᠭᠰᠡᠨ ᠰᠤᠷᠤᠭᠴᠢᠳ ᠮᠠᠰᠢ ᠬᠦᠷ ᠬᠥᠭᠵᠢᠶᠡᠨ ᠲᠠᠢ ᠪᠠᠶᠢᠯ᠎ᠠ᠃ ᠡᠭᠦᠨ ᠤ | ᠬᠠᠮᠲᠤ᠂ ᠥᠪᠥᠷ ᠮᠣᠩᠭᠤᠯ ᠤᠨ ᠤᠶᠤᠲᠠᠳ ᠤᠨ ᠤᠰᠤ ᠠᠷᠪᠢᠯᠠᠬᠤ ᠤᠬᠠᠭᠤᠯᠭ᠎ᠠ ᠶᠢᠨ ᠰᠢᠨ᠎ᠡ ᠵᠠᠭᠤᠴᠢᠯᠠᠭᠤᠷ ᠤᠨ | ᠤᠷᠤᠯᠳᠤᠭᠠᠨ ᠢ ᠵᠡᠷᠭᠡᠪᠡᠷ ᠡᠬᠢᠯᠡᠭᠦᠯᠪᠡ᠃ | ᠥᠪᠥᠷ ᠮᠣᠩᠭᠤᠯ ᠣᠷᠣᠨ ᠤ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠪᠣᠯᠬᠤᠷ᠂ ᠪᠦᠬᠦ ᠣᠷᠣᠨ ᠤ | ᠰᠤᠩᠭᠠᠷᠢ ᠮᠦᠷᠡᠨ ᠤ ᠰᠠᠪᠠ ᠭᠠᠵᠠᠷ ᠤᠨ ᠬᠤᠶᠠᠷ ᠠᠶᠢᠮᠠᠭ ᠬᠤᠲᠠ ᠠᠴᠠ ᠭᠠᠳᠠᠨ᠎ᠠ᠂ ᠲᠦᠩᠯᠢᠶᠣᠣ ᠠᠴᠠ ᠪᠠᠷᠠᠭᠤᠨᠰᠢ | 10 ᠠᠶᠢᠮᠠᠭ ᠬᠤᠲᠠ ᠶᠢᠨ ᠬᠥᠮᠦᠨ ᠪᠦᠷᠢ ᠶᠢᠨ ᠳᠤᠮᠳᠠᠴᠢ ᠤᠰᠤᠨ ᠤ ᠡᠬᠢ ᠪᠠᠶᠠᠯᠢᠭ ᠤᠨ ᠬᠡᠮᠵᠢᠶ᠎ᠡ ᠨᠢ ᠵᠥᠪᠬᠡᠨ | 800 ᠪᠣᠰᠤᠭ᠎ᠠ ᠳᠥᠷᠪᠡᠯᠵᠢᠨ ᠮᠧᠲᠷ ᠣᠷᠴᠢᠮ ᠪᠠᠶᠢᠵᠤ᠂ ᠪᠠᠷᠤᠭ ᠪᠦᠬᠦ ᠤᠯᠤᠰ ᠤᠨ ᠳᠤᠮᠳᠠᠴᠢ ᠬᠢᠷᠢ | ᠬᠡᠮᠵᠢᠶ᠎ᠡ ᠶᠢᠨ 40% ᠪᠣᠯᠤᠨ᠎ᠠ᠂ ᠳᠡᠯᠡᠬᠡᠢ ᠨᠡᠶᠢᠲᠡ ᠳᠤ ᠮᠡᠳᠡᠷᠡᠭᠳᠡᠭᠰᠡᠨ 1000 ᠪᠣᠰᠤᠭ᠎ᠠ ᠳᠥᠷᠪᠡᠯᠵᠢᠨ | ᠮᠧᠲᠷ ᠤᠨ ᠤᠰᠤ ᠳᠤᠲᠠᠭᠳᠠᠵᠤ ᠪᠠᠶᠢᠭ᠎ᠠ ᠱᠤᠭᠤᠮ᠂ ᠢᠯᠠᠩᠭᠤᠶ᠎ᠠ ᠬᠠᠲᠤᠨ ᠭᠤᠣᠯ ᠤᠨ ᠰᠠᠪᠠ ᠭᠠᠵᠠᠷ ᠲᠤ ᠬᠥᠮᠦᠨ | ᠠᠮᠠ ᠲᠥᠪᠯᠡᠷᠡᠵᠦ᠂ ᠠᠭᠤᠷᠬᠠᠢ ᠶᠢᠨ ᠡᠬᠢ ᠪᠠᠶᠠᠯᠢᠭ ᠡᠯᠪᠡᠭ ᠳᠡᠯᠪᠡᠭ᠂ ᠠᠵᠤ ᠠᠬᠤᠢ ᠨᠢ ᠨᠡᠯᠢᠶᠡᠳ ᠲᠦᠷᠭᠡᠨ | ᠬᠥᠭᠵᠢᠭᠰᠡᠨ ᠪᠣᠯᠬᠤᠷ᠂ ᠤᠰᠤ ᠳᠤᠲᠠᠭᠳᠠᠵᠤ ᠪᠠᠢᠭ᠎ᠠ ᠠᠰᠠᠭᠤᠳᠠᠯ ᠨᠢ ᠨᠡᠩ ᠬᠦᠨᠳᠦ ᠨᠣᠴᠢᠲᠠᠢ ᠪᠣᠯᠪᠠ᠃ | ︽ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠰᠤᠨ ᠤ ᠡᠬᠢ ᠪᠠᠶᠠᠯᠢᠭ ᠢ ᠠᠷᠪᠢᠯᠠᠬᠤ ᠪᠠ | ᠡᠷᠴᠢᠮᠵᠢᠭᠦᠯᠦᠨ ᠠᠰᠢᠭᠯᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠰᠤ ᠪᠠᠷ ᠬᠤᠲᠠ ᠶᠢ ᠲᠣᠭᠲᠠᠭᠠᠬᠤ᠂ | ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ | ᠲᠣᠭᠲᠠᠭᠠᠬᠤ ᠶᠢ ᠪᠠᠷᠢᠮᠲᠠᠯᠠᠨ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠵᠠᠳᠠᠯᠬᠤ ᠰᠡᠳᠬᠢᠬᠦᠶ ᠶᠢ ᠪᠠᠷᠢᠮᠲᠠᠯᠠᠨ᠂ ᠤᠰᠤᠨ ᠤ ᠭᠠᠮᠰᠢᠭ᠂ | ᠤᠰᠤᠨ ᠤ ᠡᠬᠢ ᠪᠠᠶᠠᠯᠢᠭ᠂ ᠤᠰᠤᠨ ᠤ ᠠᠮᠢ ᠠᠬᠤᠶ᠂ ᠤᠰᠤᠨ ᠤ ᠣᠷᠴᠢᠨ ᠲᠣᠭᠤᠷᠢᠨ ᠢ ᠰᠢᠰᠲ᠋ᠧᠮ ᠲᠠᠢ | ᠵᠠᠰᠠᠬᠤ ᠶᠢ ᠨᠢᠭᠡᠳᠦᠯᠲᠡᠶ ᠲᠥᠯᠥᠪᠯᠡᠵᠦ᠂ ᠪᠥᠬᠦ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠬᠠᠮᠠᠭᠠᠯᠠᠬᠤ ᠪᠠ | ᠡᠷᠴᠢᠮᠵᠢᠭᠦᠯᠦᠨ ᠠᠰᠢᠭᠯᠠᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ︾᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠯᠢ ᠪᠢᠨ ᠲᠤᠬᠠᠢ ᠶᠢᠨ | ᠲᠠᠯᠠᠪᠠᠢ ᠳᠤ ᠦᠭᠡ ᠶᠠᠷᠢᠪᠠ᠃ | ᠡᠨᠡ ᠵᠢᠯ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠲᠣᠭᠲᠠᠭᠠᠭᠰᠠᠨ ︽ᠳᠡᠯᠡᠬᠡᠢ ᠶᠢᠨ | ᠤᠰᠤᠨ ᠤ ᠡᠳᠦᠷ︾ ᠤᠨ ᠭᠤᠣᠯ ᠰᠡᠳᠦᠪ ᠨᠢ ︽Water for Peace ︾ ︵ᠤᠰᠤ ᠪᠠᠷ ᠡᠩᠬᠡ ᠲᠠᠢᠪᠤᠩ ᠢ | ᠠᠬᠢᠭᠤᠯᠬᠤ︶ ᠪᠣᠯᠤᠨ᠎ᠠ᠂ ᠮᠠᠨ ᠤ ᠤᠯᠤᠰ ︽ᠳᠡᠯᠡᠬᠡᠢ ᠶᠢᠨ ᠤᠰᠤᠨ ᠤ ᠡᠳᠦᠷ︾᠂ ︽ᠳᠤᠮᠳᠠᠳᠤ ᠤᠯᠤᠰ ᠤᠨ | ᠤᠰᠤᠨ ᠭᠠᠷᠠᠭ︾ ᠢ ᠳᠤᠷᠠᠰᠬᠠᠬᠤ ᠠᠵᠢᠯᠯᠠᠭ᠎ᠠ ᠶᠢᠨ ᠭᠤᠣᠯ ᠰᠡᠳᠦᠪ ᠨᠢ ︽ᠤᠰᠤᠨ ᠤ ᠡᠬᠢ ᠪᠠᠶᠠᠯᠢᠭ ᠢ ᠨᠠᠷᠢᠨ | ᠨᠢᠭᠲᠠ ᠪᠣᠳᠣᠵᠤ ᠰᠠᠶᠢᠳᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠰᠠᠶᠢᠳᠤᠷ ᠬᠠᠮᠢᠶᠠᠷᠬᠤ︾ | ᠪᠣᠯᠤᠨ᠎ᠠ᠃ ᠥᠪᠥᠷ ᠮᠣᠩᠭᠤᠯ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠬᠠᠭᠤᠯᠭ᠎ᠠ ᠶᠢᠨ ᠭᠤᠣᠯ | ᠰᠡᠳᠦᠪ ᠢᠶᠠᠨ ︽ᠤᠰᠤᠨ ᠤ ᠡᠬᠢ ᠪᠠᠶᠠᠯᠢᠭ ᠢ ᠨᠠᠨᠳᠢᠩᠨᠠᠨ ᠬᠠᠶᠢᠷᠠᠯᠠᠵᠤ᠂ ᠦᠵᠡᠰᠬᠦᠯᠡᠩᠲᠦ ᠰᠠᠶᠢᠬᠠᠨ ᠤᠮᠠᠷᠠᠲᠤ | ᠬᠢᠯᠢ ᠶᠢ ᠬᠠᠮᠲᠤ ᠪᠠᠷ ᠪᠦᠲᠦᠭᠡᠨ ᠪᠠᠶᠢᠭᠤᠯᠬᠤ︾ ᠪᠠᠷ ᠲᠣᠭᠲᠠᠭᠠᠪᠠ᠃ | ᠥᠪᠥᠷ ᠮᠣᠩᠭᠤᠯ ᠤᠨ ᠡᠯ᠎ᠡ ᠭᠠᠵᠠᠷ ᠤᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠭᠤᠣᠯ | ᠰᠡᠳᠦᠪ ᠤᠨ ᠲᠣᠭᠤᠷᠢᠨ ᠳᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠨᠴᠠᠯᠢᠭ ᠢᠶᠠᠨ ᠳᠣᠪᠤᠶᠢᠯᠭᠠᠵᠤ᠂ | ᠨᠠᠷᠢᠨ ᠨᠢᠮᠪᠠᠶ ᠤᠬᠠᠭᠠᠯᠠᠨ ᠰᠡᠳᠦᠵᠠᠢ᠃ ᠪᠤᠭᠤᠲᠤ ᠬᠤᠲᠠ 3 ᠳ᠋ᠤᠭᠠᠷ ᠰᠠᠷ᠎ᠠ ᠶᠢᠨ 22 ᠤᠨ ᠡᠳᠦᠷ ᠤᠨ | ᠡᠬᠢᠯᠡᠯᠲᠡ ᠶᠢᠨ ᠶᠣᠰᠣᠯᠠᠯ ᠳᠡᠭᠡᠷ᠎ᠡ᠂ ᠲᠤᠬᠠᠢ ᠶᠢᠨ ᠲᠠᠯᠠᠪᠠᠢ ᠳᠤ ᠪᠤᠭᠤᠲᠤ ᠶᠢᠨ ᠪᠤᠯᠤᠳ ᠲᠡᠮᠤᠷ ᠤᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠤᠰᠤ ᠠᠷᠪᠢᠯᠠᠬᠤ ᠳᠡᠭᠡᠳᠦ ᠰᠤᠷᠭᠠᠭᠤᠯᠢ ᠶᠢᠨ ᠢᠷᠠᠭᠤ ᠠᠯᠳᠠᠷ ᠤᠨ ᠴᠣᠯᠠ ᠣᠯᠭᠤᠭᠰᠠᠨ ᠪᠥᠭᠡᠳ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠰᠤ ᠠᠷᠪᠢᠯᠠᠬᠤ ᠡᠯᠴᠢᠨ ᠰᠠᠶᠢᠳ ᠤᠨ ᠲᠥᠯᠥᠭᠡᠯᠡᠭᠴᠢ ᠳᠤ | ᠢᠷᠠᠭᠤ ᠠᠯᠳᠠᠷ ᠤᠨ ᠦᠨᠡᠮᠯᠡᠯ ᠣᠯᠭᠤᠵᠠᠢ᠃ ᠠᠯᠠᠱᠠ ᠠᠶᠢᠮᠠᠭ ᠬᠠᠷᠢᠨ ᠪᠢᠴᠢᠬᠠᠨ ᠨᠠᠶᠢᠵᠠ ᠨᠠᠷ ᠠᠴᠠ ᠡᠬᠢᠯᠡᠨ᠂ | ᠵᠠᠯᠠᠭᠤᠴᠤᠳ ᠪᠠᠭᠠᠴᠤᠳ ᠪᠣᠯᠤᠨ ᠬᠡᠦᠬᠡᠳ ᠤᠨ ᠤᠰᠤ ᠠᠷᠪᠢᠯᠠᠬᠤ ᠤᠬᠠᠮᠰᠠᠷ ᠢ ᠬᠥᠮᠦᠵᠢᠭᠦᠯᠵᠦ᠂ ᠪᠦᠬᠦ | ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠳᠤ ᠬᠠᠨᠳᠤᠭᠤᠯᠤᠨ ︽ᠤᠰᠤᠨ ᠤ ᠡᠬᠢ ᠪᠠᠶᠠᠯᠢᠭ ᠢ ᠠᠷᠪᠢᠯᠠᠵᠤ | ᠠᠯᠠᠱᠠ ᠶᠢ ᠬᠠᠮᠠᠭᠠᠯᠠᠶ᠎ᠠ︾ ᠭᠡᠬᠦ ᠤᠬᠠᠭᠤᠯᠭ᠎ᠠ ᠶᠢᠨ ᠸᠢᠳᠢᠣ᠋ ᠶᠢ ᠨᠡᠪᠲᠡᠷᠡᠭᠦᠯᠬᠦ ᠶᠢᠨ ᠬᠠᠮᠲᠤ ᠬᠡᠦᠬᠡᠳ ᠤᠨ | ᠴᠡᠴᠡᠷᠯᠢᠭ ᠲᠤ ᠣᠷᠣᠵᠤ ︽ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠪᠢᠳᠡ ᠡᠬᠢᠯᠡᠨ ᠬᠢᠪᠡ︾ ᠭᠡᠬᠦ ᠤᠬᠠᠭᠤᠯᠤᠨ | ᠲᠠᠶᠢᠯᠪᠤᠷᠢᠯᠠᠯᠲᠠ ᠥᠷᠨᠢᠭᠦᠯᠪᠡ᠃ ᠦᠬᠠᠶ ᠬᠤᠲᠠ ᠰᠦᠯᠵᠢᠶᠡᠨ ᠳᠡᠭᠡᠷᠡᠬᠢ ︽ᠳᠡᠯᠡᠬᠡᠶ ᠶᠢᠨ ᠤᠰᠤᠨ ᠤ ᠡᠳᠦᠷ︾᠂ | ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ | ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠡᠶᠢᠲᠡ 1 ᠭᠠᠷᠠᠭ ᠣᠷᠴᠢᠮ | ᠦᠷᠭᠦᠯᠵᠢᠯᠡᠨ᠎ᠡ᠃ ᠡᠨᠡ ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ | ᠠᠰᠢᠭᠯᠠᠯᠲᠠ ᠶᠢᠨ ᠲᠢᠩᠬᠢᠮ ᠰᠤᠷᠭᠠᠭᠤᠯᠢ᠂ ᠬᠤᠳᠠᠯᠳᠤᠭᠠᠨ ᠤ ᠲᠣᠭᠤᠷᠢᠭ᠂ ᠨᠡᠶᠢᠭᠡᠮ ᠲᠣᠭᠤᠷᠢᠭ᠂ ᠴᠡᠴᠡᠷᠯᠢᠭ᠂ | ᠬᠤᠰᠢᠭᠤ ᠰᠢᠶᠠᠨ ᠢᠶᠠᠷ ᠬᠦᠷᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠂ ᠣᠬᠤᠷ ᠴᠢᠮᠡᠭᠡ | ᠲᠠᠷᠬᠠᠭᠠᠬᠤ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠡᠪᠲᠡᠷᠡᠭᠦᠯᠬᠦ᠂ ᠤᠰᠤ ᠠᠷᠪᠢᠯᠠᠬᠤ ᠤᠬᠠᠭᠤᠯᠭ᠎ᠠ ᠶᠢᠨ | ᠹᠢᠯᠢᠮ ᠨᠡᠪᠲᠡᠷᠡᠭᠦᠯᠬᠦ᠂ ᠣᠬᠤᠷ ᠸᠢᠳᠢᠣ᠋᠂ ᠣᠷᠳᠣ ᠵᠢᠷᠤᠭ ᠵᠡᠷᠭᠡ ᠣᠯᠠᠨ ᠵᠦᠢᠯ ᠤᠨ ᠤᠬᠠᠭᠤᠯᠭ᠎ᠠ ᠶᠢᠨ ᠠᠷᠭ᠎ᠠ | ᠮᠠᠶ᠋ᠢᠭ ᠢ ᠠᠪᠴᠤ᠂ ᠣᠷᠣᠨ ᠤ ᠳᠣᠲᠣᠨ᠎ᠠ ᠭᠠᠳᠠᠨᠠᠬᠢ ᠭᠤᠤᠯ ᠪᠣᠯᠬᠤ ᠵᠠᠭᠤᠴᠢᠯᠠᠭᠤᠷ ᠵᠢᠴᠢ ᠬᠠᠮ | ᠵᠠᠭᠤᠴᠢᠯᠠᠭᠤᠷ ᠤᠨ ᠰᠢᠭᠤᠳ ᠨᠡᠪᠲᠡᠷᠡᠭᠦᠯᠬᠦ ᠵᠡᠷᠭᠡ ᠠᠷᠭ᠎ᠠ ᠪᠠᠷᠢᠯ ᠢ ᠠᠪᠴᠤ᠂ ᠳᠡᠭᠡᠳᠦ ᠰᠤᠷᠭᠠᠭᠤᠯᠢ ᠶᠢᠨ | ᠰᠤᠷᠤᠭᠴᠢ᠂ ᠥᠷᠭᠡᠨ ᠣᠯᠠᠨ ᠬᠤᠲᠠ ᠶᠢᠨ ᠠᠷᠠᠳ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠤᠨ | ᠬᠥᠳᠡᠭᠡ ᠲᠣᠰᠬᠤᠨ ᠤ ᠰᠠᠭᠤᠭᠠᠯᠢ ᠠᠷᠠᠳ ᠵᠡᠷᠭᠡ ᠡᠯ᠎ᠡ ᠲᠥᠷᠥᠯ ᠤᠨ ᠬᠠᠮᠲᠦ ᠨᠡᠶᠢᠲᠡ ᠳᠤ ᠬᠠᠨᠳᠤᠭᠤᠯᠤᠨ᠂ | ᠨᠡᠶᠢᠳᠡᠮ ᠬᠠᠮᠤᠷᠬᠤ ᠮᠠᠶ᠋ᠢᠭ ᠤᠨ ᠤᠬᠠᠭᠤᠯᠭ᠎ᠠ ᠶᠢ ᠥᠷᠨᠢᠭᠦᠯᠦᠨ᠎ᠡ᠃ | | | | | | 3 ᠳ᠋ᠤᠭᠠᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠬᠦᠷᠢᠶᠡᠨ ᠳᠤ ᠪᠠᠭᠰᠢ ᠰᠤᠷᠤᠭᠴᠢᠳ ᠤᠰᠤᠨ ᠤ ᠭᠠᠷᠠᠭ ᠤᠨ ᠤᠬᠠᠭᠤᠯᠭ᠎ᠠ ᠶᠢᠨ ᠠᠵᠢᠯᠯᠠᠭ᠎ᠠ ᠳᠤ ᠬᠠᠯᠠᠭᠤᠮᠰᠤᠭ ᠢᠶᠠᠷ | ᠣᠷᠣᠯᠴᠠᠪᠠ | ᠥᠩᠭᠡᠷᠡᠭᠰᠡᠨ ᠵᠢᠯ ᠤᠳ ᠲᠠᠢ ᠠᠳᠠᠯᠢ ᠦᠭᠡᠢ ᠨᠢ ᠭᠡᠪᠡᠯ᠂ ︽ᠳᠡᠯᠡᠬᠡᠢ ᠶᠢᠨ ᠤᠰᠤᠨ ᠤ ᠡᠳᠦᠷ︾ | ᠲᠤᠬᠠᠢ ᠶᠢᠨ ᠡᠳᠦᠷ ᠲᠤ᠂ ︽ᠬᠠᠲᠤᠨ ᠭᠤᠣᠯ ᠤᠨ ᠰᠣᠶᠣᠯ ᠢ ᠤᠯᠠᠮᠵᠢᠯᠠᠨ ᠪᠠᠳᠠᠷᠠᠭᠤᠯᠵᠤ ᠤᠮᠠᠷᠠᠲᠤ ᠬᠢᠯᠢ ᠶᠢᠨ | ᠰᠣᠶᠣᠯ ᠤᠨ ᠲᠦᠷᠦᠯ ᠲᠡᠮᠳᠡᠭ ᠢ ᠡᠭᠦᠳᠬᠦ︾ ᠭᠤᠣᠯ ᠰᠡᠳᠦᠪᠲᠦ ᠶᠠᠷᠢᠯᠴᠠᠬᠤ ᠬᠤᠷᠠᠯ ᠬᠢᠭᠡᠳ ︽ᠤᠰᠤ ᠠᠷᠪᠢᠯᠠᠬᠤ | ᠳᠤᠮᠳᠠᠳᠤ ᠤᠯᠤᠰ ᠤᠨ ᠠᠶᠠᠯᠠᠯ︾ ᠵᠢᠴᠢ ᠲᠠᠪᠤᠳᠤᠭᠠᠷ ᠬᠤᠭᠤᠴᠠᠭᠠᠨ ᠤ ︽ᠤᠰᠤ ᠠᠷᠪᠢᠯᠠᠬᠤ ᠥᠪᠥᠷ ᠮᠣᠩᠭᠤᠯ | ᠪᠢᠳᠡᠨ ᠤ ᠠᠵᠢᠯᠯᠠᠭ᠎ᠠ︾ ᠭᠤᠣᠯ ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠵᠡᠷᠭᠡᠪᠡᠷ ᠥᠷᠨᠢᠭᠦᠯᠪᠡ︔ | ᠬᠥᠬᠡᠬᠤᠲᠠ᠂ ᠪᠤᠭᠤᠲᠤ ᠬᠤᠲᠠ ᠵᠡᠷᠭᠡ ᠭᠠᠵᠠᠷ ︽ᠮᠢᠩᠭᠠᠨ ᠬᠤᠳᠠ ᠶᠢᠨ ᠪᠡᠯᠭᠡ ᠲᠡᠮᠳᠡᠭ ᠤᠨ ᠤᠰᠤ ᠠᠷᠪᠢᠯᠠᠬᠤ ︾ | ᠠᠵᠢᠯᠯᠠᠭ᠎ᠠ ᠳᠤ ᠢᠳᠡᠪᠬᠢᠲᠡᠢ ᠣᠷᠣᠯᠴᠠᠪᠠ᠃ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ | ᠬᠤᠭᠤᠴᠠᠭᠠᠨ ᠳᠤ᠂ ᠥᠪᠥᠷ ᠮᠣᠩᠭᠤᠯ ᠪᠠᠰᠠ ︽ᠤᠰᠤ ᠶᠢ ᠠᠷᠪᠢᠯᠠᠵᠤ ᠤᠰᠤ ᠶᠢ ᠬᠠᠶᠢᠷᠠᠯᠠᠬᠤ᠂ ᠬᠠᠤᠯᠢ ᠪᠠᠷ | ᠤᠰᠤ ᠶᠢ ᠵᠠᠰᠠᠬᠤ︾ ᠭᠤᠤᠯ ᠰᠡᠳᠦᠪᠲᠦ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ | ᠰᠦᠯᠵᠢᠶᠡᠨ ᠳᠡᠭᠡᠷᠡᠬᠢ ︽ᠤᠰᠤᠨ ᠤ ᠭᠠᠷᠠᠭ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠰᠡᠳᠦᠪ ᠬᠠᠷᠢᠭᠤᠯᠬᠤ︾ ᠠᠵᠢᠯᠯᠠᠭ᠎ᠠ ᠪᠠ ᠰᠤᠷᠭᠠᠭᠤᠯᠢ ᠶᠢᠨ ᠬᠦᠷᠢᠶ᠎ᠡ᠂ ᠦᠨᠳᠦᠰᠦᠨ ᠱᠠᠲᠤᠨ ᠤ ᠨᠢᠭᠡᠴᠢ ᠵᠡᠷᠭᠡ | ᠬᠡᠯᠪᠡᠷᠢ ᠪᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠢᠭᠰᠡᠨ ᠪᠥᠭᠡᠳ | ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠬᠠᠤᠯᠢ ᠪᠠᠷ ᠵᠠᠰᠠᠬᠤ ᠰᠣᠶᠣᠯ ᠰᠤᠷᠭᠠᠨ ᠬᠥᠮᠦᠵᠢᠯ ᠤᠨ ᠰᠠᠭᠤᠷᠢᠨ | ᠭᠠᠵᠠᠷ ᠤᠨ ᠫᠠᠶᠢᠰᠠ ᠰᠡᠬᠦᠬᠦ ᠶᠣᠰᠣᠯᠠᠯ ᠢ ᠡᠷᠭᠢᠯᠡᠪᠡ᠃ | ᠡᠯᠪᠡᠭ ᠪᠠᠶᠠᠯᠢᠭ ᠠᠵᠢᠯᠯᠠᠭ᠎ᠠ ᠶᠢᠨ ᠠᠭᠤᠯᠭ᠎ᠠ ᠨᠢ ᠣᠯᠠᠨ ᠨᠡᠶᠢᠲᠡ ᠳᠤ ᠤᠰᠤᠨ ᠤ ᠡᠬᠢ ᠪᠠᠶᠠᠯᠢᠭ ᠢ | ᠬᠠᠮᠠᠭᠠᠯᠠᠬᠤ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠭᠰᠡᠨ ᠢᠶᠠᠷ ᠪᠠᠷᠠᠬᠤ ᠥᠬᠡᠶ | ᠪᠠᠰᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠳᠤ ᠣᠷᠣᠯᠴᠠᠬᠤ | ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ | ᠲᠤᠰ ᠤᠳᠠᠭᠠᠨ ᠤ ᠡᠬᠢᠯᠡᠯᠲᠡ ᠶᠢᠨ ᠶᠣᠰᠣᠯᠠᠯ ᠨᠢ 2024 ᠣᠨ ᠤ ︽ᠳᠤᠮᠳᠠᠳᠤ ᠤᠯᠤᠰ ᠤᠨ ᠤᠰᠤᠨ ᠤ | ᠭᠠᠷᠠᠭ︾ ᠤᠨ ᠠᠵᠢᠯᠯᠠᠭ᠎ᠠ ᠶᠢ ᠵᠢᠩᠬᠢᠨᠢ ᠪᠠᠷ ᠡᠬᠢᠯᠡᠭᠦᠯᠪᠡ᠃ | ︵ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠰᠣᠨᠢᠨ ᠮᠡᠳᠡᠭᠡᠨ ᠤ ᠤᠬᠠᠭᠤᠯᠬᠤ | ᠬᠡᠯᠲᠡᠰ ᠾᠧᠦ ᠶᠠᠨ ᠵᠢᠶᠤᠤ᠂ ᠯᠢ ᠴᠧᠨ ᠢᠤᠢ︶ | |