ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡᠳᠦᠯ | ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ | ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ 2024 ᠣᠨ ᠤ 3 | ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠭᠤᠴᠢᠨ ᠳᠣᠯᠣᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠬᠤᠭᠤᠴᠠᠭᠠᠨ ᠳᠤ᠂ | ᠬᠠᠤᠯᠢ ᠴᠠᠭᠠᠵᠠ ᠶᠢ ᠲᠦᠭᠡᠮᠡᠯᠵᠢᠭᠦᠯᠬᠦ ᠶᠢ ᠦᠨᠳᠦᠰᠦᠨ ᠱᠠᠲᠤᠨ ᠳᠤ ᠣᠷᠣᠭᠤᠯᠬᠤ ᠲᠤᠰᠬᠠᠶ ᠰᠡᠳᠦᠪᠲᠦ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | | | | | | ᠠᠵᠢᠯᠯᠠᠭ᠎ᠠ ᠶᠢᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ | ᠬᠥᠭᠵᠢᠯᠲᠡ ᠶᠢᠨ ᠲᠥᠪ ᠨᠢ ᠬᠠᠮᠢᠶ᠎ᠠ ᠪᠥᠬᠦᠶ ᠤᠰᠤᠨ ᠠᠰᠢᠭᠯᠠᠯᠲᠠ ᠪᠠ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ | ᠲᠤᠰᠬᠠᠶ ᠮᠡᠷᠭᠡᠵᠢᠯᠲᠡᠨ ᠲᠠᠢ ᠬᠠᠮᠲᠤᠷᠠᠨ᠂ ᠤᠰᠤᠨ ᠤ ᠶᠠᠪᠤᠳᠠᠯ ᠤᠨ ᠬᠠᠤᠯᠢ ᠠᠴᠠ ᠵᠥᠷᠢᠴᠡᠭᠰᠡᠨ ᠬᠡᠷᠡᠭ ᠤᠨ | ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠯᠡᠭᠦᠯᠵᠦ᠂ ᠤᠰᠤᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ | ᠭᠤᠤᠯᠳᠠᠯᠭ᠎ᠠ ᠲᠠᠢ ᠵᠦᠢᠯ ᠵᠤᠷᠪᠤᠰ ᠵᠢᠴᠢ ᠵᠢᠷᠤᠮᠵᠢᠭᠰᠠᠨ ᠬᠠᠤᠯᠢ ᠬᠡᠷᠡᠭᠵᠢᠭᠦᠯᠬᠦ ᠴᠤᠪᠤᠷᠠᠯ ᠳᠤ ᠴᠢᠭᠯᠡᠭᠦᠯᠦᠨ ᠨᠠᠷᠢᠨ | ᠲᠠᠶᠢᠯᠤᠮᠵᠢ ᠬᠢᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ 2024 ᠣᠨ ᠳᠤ ᠨᠡᠶᠢᠲᠡᠯᠡᠨ | ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ | ᠰᠢᠢᠳᠭᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠬᠡᠷᠡᠭᠯᠡᠬᠦ ᠲᠦᠷᠢᠮ ᠵᠢᠴᠢ ᠲᠠᠰᠤᠯᠤᠯᠲᠠ ᠶᠢᠨ ᠡᠷᠬᠡ ᠶᠢᠨ | ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢᠨ ᠲᠣᠭᠤᠷᠢᠨ ᠳᠤ᠂ ᠲᠠᠰᠤᠯᠤᠯᠲᠠ ᠶᠢᠨ ᠪᠠᠷᠢᠮᠵᠢᠶ᠎ᠠ᠂ | ᠰᠢᠢᠳᠭᠡᠯ ᠠᠴᠠ ᠬᠡᠯᠲᠦᠷᠢᠭᠦᠯᠬᠦ ᠵᠦᠢᠯᠡᠰ ᠤᠨ ᠬᠡᠷᠡᠭᠯᠡᠬᠦ ᠪᠠᠶᠢᠳᠠᠯ ᠵᠡᠷᠭᠡ ᠭᠤᠤᠯᠳᠠᠯᠭ᠎ᠠ ᠲᠠᠢ ᠠᠭᠤᠯᠭ᠎ᠠ ᠶᠢᠨ | ᠲᠣᠭᠤᠷᠢᠨ ᠳᠤ ᠲᠠᠶᠢᠯᠤᠮᠵᠢ ᠬᠢᠨ᠎ᠠ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 50 ᠭᠠᠷᠤᠶ ᠬᠠᠤᠯᠢ ᠬᠡᠷᠡᠭᠵᠢᠭᠦᠯᠬᠦ ᠠᠵᠢᠯᠲᠠᠨ ᠣᠷᠣᠯᠴᠠᠭᠰᠠᠨ | ᠪᠥᠭᠡᠳ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠲᠠᠭᠯᠠᠵᠤ᠂ ᠬᠠᠨᠤᠮᠵᠢ ᠶᠢᠨ ᠬᠡᠮᠵᠢᠶ᠎ᠡ 100% ᠳᠤ | ᠬᠥᠷᠪᠡ᠃ ᠲᠣᠰ ᠤᠳᠠᠭᠠᠨ ᠤ ᠦᠨᠳᠦᠰᠦᠨ ᠱᠠᠲᠤᠨ ᠳᠤ ᠬᠠᠤᠯᠢ ᠴᠠᠭᠠᠵᠠ ᠶᠢᠨ ᠲᠠᠶᠢᠯᠤᠮᠵᠢ ᠪᠠᠷ ᠳᠡᠮᠵᠢᠨ᠂ ᠬᠠᠤᠯᠢ | ᠬᠡᠷᠡᠭᠵᠢᠭᠦᠯᠬᠦ ᠠᠵᠢᠯᠲᠠᠨ ᠤᠰᠤᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠲᠠᠨᠢᠯᠲᠠ ᠪᠠᠨ | ᠴᠢᠩᠭᠠᠳᠬᠠᠵᠤ᠂ ᠤᠰᠤᠨ ᠠᠰᠢᠭᠯᠠᠯᠲᠠ ᠶᠢᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠪᠠᠶᠠᠯᠢᠭᠵᠢᠭᠤᠯᠤᠭᠰᠠᠨ ᠨᠢ | ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠬᠤ ᠳᠤ ᠠᠰᠢᠭᠲᠠᠶ ᠶᠤᠮ᠃ | |