ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ ︽ᠪᠣᠯᠪᠠᠰᠤᠨ ᠬᠦᠰᠡᠯ ᠢ ᠪᠢ ᠤᠷᠢᠳᠠᠪᠠᠷ ᠰᠤᠷᠤᠯᠴᠠᠵᠤ  ᠯᠸᠢ ᠹᠧᠩ ᠤᠨ ᠠᠷᠠᠳ ᠤᠨ ᠰᠡᠳᠬᠢᠯ ᠢ ᠳᠤᠯᠠᠭᠠᠴᠠᠭᠤᠯᠬᠤ ︾ ᠵᠠᠯᠠᠭᠤᠴᠤᠳ ᠤᠨ ᠰᠠᠶᠢᠨ ᠳᠤᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/3/5
  ᠶᠡᠷᠦᠩᠬᠡᠶ ᠱᠦᠵᠢ ᠰᠢ ᠶᠢᠨ ᠫᠢᠩ ᠤᠨ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 61 ᠳ᠋ᠤᠭᠡᠷ ︽ᠯᠸᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾ ᠪᠠ 25 ᠳ᠋ᠤᠭᠠᠷ ︽ᠳᠤᠮᠳᠠᠳᠤ ᠤᠯᠤᠰ ᠤᠨ ᠵᠠᠯᠠᠭᠤ ᠰᠠᠶᠢᠨ ᠲᠤᠷᠠᠴᠤᠳ ᠤᠨ ᠦᠢᠯᠡᠴᠢᠯᠡᠭᠡᠨ ᠤ ᠡᠳᠦᠷ︾ ᠬᠦᠷᠴᠦ ᠢᠷᠡᠬᠦ        ᠲᠠᠰᠢᠷᠠᠮ ᠳᠤ᠂ 3 ᠳ᠋ᠤᠭᠠᠷ ᠰᠠᠷ᠎ᠠ ᠶᠢᠨ 4᠎ ᠤ ᠡᠳᠦᠷ ᠠᠴᠠ 5᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ ᠤᠰᠤᠨ ᠠᠰᠢᠭᠯᠠᠯᠲᠠ ᠶᠢᠨ ᠰᠢᠰᠲ᠋ᠧᠮ ᠤᠨ ᠡᠪᠯᠡᠯ ᠤᠨ ᠭᠡᠰᠢᠭᠦᠨ ᠵᠠᠯᠠᠭᠤᠴᠤᠳ ᠢ ᠵᠣᠬᠢᠶᠠᠨ ᠪᠠᠶᠢᠭᠤᠯᠵᠤ ︽ᠪᠣᠯᠪᠠᠰᠤᠨ ᠬᠦᠰᠡᠯ ᠢ ᠪᠢ ᠤᠷᠢᠳᠠᠪᠠᠷ ᠰᠤᠷᠤᠯᠴᠠᠵᠤ  ᠯᠸᠢ ᠹᠧᠩ ᠤᠨ ᠰᠡᠳᠬᠢᠯ ᠢ ᠳᠤᠯᠠᠭᠠᠴᠠᠭᠤᠯᠬᠤ︾ ᠵᠠᠯᠠᠭᠤᠴᠤᠳ ᠤᠨ ᠰᠠᠶᠢᠨ ᠳᠤᠷ᠎ᠠ ᠶᠢᠨ ᠠᠵᠢᠯᠯᠠᠭ᠎ᠠ ᠶᠢ ᠥᠷᠨᠢᠭᠦᠯᠪᠡ᠃
“文明志愿我先行 学习雷锋暖民心”青年志愿活动1.png
  3 ᠳ᠋ᠤᠭᠠᠷ ᠰᠠᠷ᠎ᠠ ᠶᠢᠨ 4᠎ ᠤ ᠡᠳᠦᠷ ᠤᠨ ᠦᠳᠡ ᠶᠢᠨ ᠬᠤᠶᠢᠨ᠎ᠠ᠂ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ ᠰᠢᠰᠲ᠋ᠧᠮ ᠤᠨ ᠺᠠᠳ᠋ᠷ ᠠᠵᠢᠯᠲᠠᠨ ᠢ ᠵᠣᠬᠢᠶᠠᠨ ᠪᠠᠶᠢᠭᠤᠯᠵᠤ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠠᠵᠢᠯᠯᠠᠭ᠎ᠠ ᠥᠷᠨᠢᠭᠦᠯᠵᠦ᠂ ᠣᠯᠠᠨ ᠢᠶᠠᠷ ᠢᠶᠠᠨ ᠠᠭᠤᠷ ᠠᠮᠢᠰᠬᠤᠯ ᠬᠠᠬᠢᠷ ᠬᠦᠢᠲᠡᠨ ᠠᠴᠠ ᠠᠶᠤᠬᠤ ᠥᠬᠡᠶ ᠪᠠᠷ ᠰᠠᠨᠠᠭᠠᠴᠢᠯᠠᠭ᠎ᠠ ᠠᠴᠠ ᠪᠠᠨ ᠨᠡᠷ᠎ᠡ ᠮᠡᠳᠡᠭᠦᠯᠵᠦ ᠣᠷᠣᠯᠴᠠᠵᠤ᠂ ᠴᠢᠰᠤ ᠬᠠᠨᠳᠢᠪᠯᠠᠬᠤ ᠲᠡᠷᠭᠡ ᠵᠢᠴᠢ ᠳᠠᠩᠰᠠᠯᠠᠬᠤ ᠲᠠᠪᠴᠠᠩ ᠤᠨ ᠡᠮᠦᠨ᠎ᠡ ᠮᠥᠷ ᠲᠤ ᠣᠷᠳᠣ ᠠᠩᠭᠢ ᠭᠠᠷᠭᠠᠵᠤ᠂ ᠰᠠᠶᠢᠨ ᠳᠤᠷ᠎ᠠ ᠠᠴᠠ ᠪᠠᠨ ᠴᠢᠰᠤ ᠬᠠᠨᠳᠢᠪᠯᠠᠬᠤ ᠬᠠᠯᠠᠭᠤᠨ ᠥᠷᠨᠢᠯᠲᠡ ᠶᠢ ᠪᠣᠶ ᠪᠣᠯᠭᠠᠪᠠ᠃ ᠲᠤᠰ ᠤᠳᠠᠭ᠎ᠠ ᠶᠢᠨ ᠴᠢᠰᠤ ᠬᠠᠨᠳᠢᠪᠯᠠᠬᠤ ᠠᠵᠢᠯᠯᠠᠭ᠎ᠠ ᠳᠤ ᠣᠷᠣᠯᠴᠠᠭᠰᠠᠨ ᠡᠪ ᠬᠠᠮᠲᠤ ᠨᠠᠮ ᠤᠨ ᠭᠡᠰᠢᠭᠦᠨ ᠪᠠᠶᠢᠬᠤ ᠮᠥᠷᠲᠡᠭᠡᠨ ᠪᠠᠰᠠ ᠡᠪᠯᠡᠯ ᠤᠨ ᠭᠡᠰᠢᠭᠦᠨ ᠵᠠᠯᠠᠭᠤᠴᠤᠳ ᠪᠠᠶᠢᠨ᠎ᠠ︔ ᠵᠠᠯᠭᠠᠭ᠎ᠠ ᠪᠠᠷ ᠤᠯᠠᠨ ᠵᠢᠯ ᠴᠢᠰᠤ ᠬᠠᠨᠳᠢᠪᠯᠠᠭᠰᠠᠨ ︽ᠨᠡᠷ᠎ᠡ ᠲᠥᠷᠥ ᠲᠠᠢ ᠵᠢᠱᠢᠶᠡᠴᠢ︾ ᠪᠠᠶᠢᠬᠤ ᠮᠥᠷᠲᠡᠭᠡᠨ ᠪᠠᠰᠠ ᠠᠩᠬ᠎ᠠ ᠤᠳᠠᠭ᠎ᠠ ᠴᠢᠰᠤ ᠬᠠᠨᠳᠢᠪᠯᠠᠭᠰᠠᠨ ︽ᠰᠠᠶᠢᠨ ᠳᠤᠷ᠎ᠠ ᠶᠢᠨ ᠰᠢᠨ᠎ᠡ ᠴᠡᠷᠢᠭ︾ ᠪᠠᠶᠢᠨ᠎ᠠ ᠭᠡᠵᠦ ᠤᠯᠠᠨ ᠢᠶᠠᠷ ᠢᠶᠠᠨ ᠢᠯᠡᠳᠬᠡᠵᠡᠭᠡᠪᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 38 ᠬᠥᠮᠦᠨ ᠠᠮᠵᠢᠯᠲᠠᠲᠠᠶ ᠴᠢᠰᠤ ᠬᠠᠨᠳᠢᠪᠯᠠᠵᠤ᠂ ᠴᠢᠰᠤ ᠬᠠᠨᠳᠢᠪᠯᠠᠭᠰᠠᠨ ᠶᠡᠷᠦᠩᠬᠡᠶ ᠬᠡᠮᠵᠢᠶ᠎ᠡ 13300 ᠮᠢᠯᠢᠯᠢᠲᠷ ᠲᠤ        ᠬᠦᠷᠴᠡᠶ᠃
“文明志愿我先行 学习雷锋暖民心”青年志愿活动2.jpg
  3 ᠳ᠋ᠤᠭᠠᠷ ᠰᠠᠷ᠎ᠠ ᠶᠢᠨ 5᠎ ᠤ ᠡᠳᠦᠷ ᠤᠨ ᠦᠳᠡ ᠶᠢᠨ ᠡᠮᠦᠨ᠎ᠡ᠂ ᠤᠰᠤᠨ ᠠᠰᠢᠭᠯᠠᠯᠲᠠ ᠶᠢᠨ ᠲᠢᠩᠬᠢᠮ ᠤᠨ ᠡᠪᠯᠡᠯ ᠤᠨ ᠬᠤᠷᠢᠶ᠎ᠠ ︽ᠵᠢᠵᠢᠭ ᠤᠰᠤᠨ ᠳᠤᠰᠤᠯ︾᠎ ᠤᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ 50 ᠭᠠᠷᠤᠶ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠶᠢ ᠳᠠᠭᠠᠭᠤᠯᠤᠨ ᠤᠰᠤᠨ ᠠᠰᠢᠭᠯᠠᠯᠲᠠ ᠶᠢᠨ ᠲᠢᠩᠬᠢᠮ ᠤᠨ ᠬᠤᠶᠢᠲᠤ ᠬᠦᠷᠢᠶᠡᠯᠡᠩ ᠨᠡᠶᠢᠭᠡᠮ ᠲᠣᠭᠤᠷᠢᠭ ᠲᠤ ᠬᠦᠷᠴᠦ ᠠᠷᠢᠭᠤᠨ ᠴᠡᠪᠡᠷ ᠤᠨ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠠᠰᠠᠷ ᠪᠠᠶᠢᠰᠢᠩ᠂ ᠰᠠᠭᠤᠭᠠᠯᠢ ᠠᠷᠠᠳ ᠤᠨ ᠠᠰᠠᠷ ᠤᠨ ᠡᠮᠦᠨᠡᠬᠢ ᠵᠢᠵᠢᠭ ᠵᠠᠮ ᠵᠢᠴᠢ ᠨᠣᠭᠤᠭᠠᠷᠠᠭᠤᠯᠤᠯᠲᠠ ᠶᠢᠨ ᠪᠦᠰᠡ ᠶᠢᠨ ᠡᠷᠬᠢᠨ ᠲᠣᠭᠤᠷᠢᠨ ᠤ ᠬᠤᠷᠠᠭᠰᠠᠨ ᠴᠠᠰᠤ ᠪᠠ ᠠᠮᠢᠳᠤᠷᠠᠯ ᠤᠨ ᠬᠤᠭ ᠨᠣᠪᠰᠢ ᠵᠡᠷᠭᠡ ᠡᠯᠳᠡᠪ ᠪᠣᠳᠠᠰ ᠢ ᠴᠡᠪᠡᠷᠯᠡᠨ ᠠᠷᠢᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠶᠠᠪᠤᠵᠤ ᠰᠠᠭᠤᠬᠤ ᠳᠤ ᠲᠥᠬᠦᠮ ᠦᠵᠡᠭᠦᠯᠵᠦ᠂ ᠠᠮᠤᠷ ᠲᠦᠪᠰᠢᠨ ᠲᠠᠭᠠᠯᠠᠮᠵᠢᠲᠠᠶ ᠶᠠᠪᠤᠵᠤ ᠰᠠᠭᠤᠬᠤ ᠣᠷᠴᠢᠨ ᠲᠣᠭᠤᠷᠢᠨ ᠢ ᠪᠣᠶ ᠪᠣᠯᠭᠠᠪᠠ᠃ ᠡᠭᠦᠨ ᠤ ᠬᠠᠮᠲᠤ ᠤᠰᠤᠨ ᠠᠰᠢᠭᠯᠠᠯᠲᠠ ᠶᠢᠨ ᠰᠢᠰᠲ᠋ᠧᠮ ᠤᠨ ᠭᠤᠤᠯ ᠬᠠᠷᠢᠭᠤᠴᠠᠯᠭ᠎ᠠ ᠭᠤᠤᠯ ᠠᠵᠢᠯ ᠲᠠᠢ ᠤᠶᠠᠯᠳᠤᠭᠤᠯᠤᠨ᠂ ᠰᠠᠶᠢᠨ ᠳᠤᠷᠠᠴᠤᠳ ᠪᠠᠰᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ︽ᠤᠰᠤ ᠠᠷᠪᠢᠯᠠᠵᠤ ᠤᠰᠤ ᠶᠢ ᠬᠠᠮᠠᠭᠠᠯᠠᠬᠤ︾᠂ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾ ᠵᠡᠷᠭᠡ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠤᠰᠤ ᠠᠷᠪᠢᠯᠠᠬᠤ ᠪᠠ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠠᠮᠢᠶ᠎ᠠ ᠪᠥᠬᠦᠶ ᠮᠡᠳᠡᠯᠭᠡ ᠶᠢ ᠤᠬᠠᠭᠤᠯᠤᠨ ᠲᠠᠶᠢᠯᠪᠤᠷᠢᠯᠠᠪᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号