ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠵᠡᠷᠭᠡ 5 ᠨᠠᠮ ᠤᠨ ᠡᠭᠦᠷ ᠬᠠᠮᠲᠤᠷᠠᠨ ᠰᠠᠶᠢᠨ ᠳᠤᠷ᠎ᠠ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/3/6
  ᠶᠡᠷᠦᠩᠬᠡᠶ ᠱᠦᠵᠢ ᠰᠢ ᠶᠢᠨ ᠫᠢᠩ ᠤᠨ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠠᠵᠢᠯ ᠤᠨ ᠪᠠᠶᠢᠷᠢ ᠳᠤ ᠪᠠᠶᠢᠭ᠎ᠠ ᠨᠠᠮ ᠤᠨ ᠭᠡᠰᠢᠭᠦᠨ ᠺᠠᠳ᠋ᠷᠴᠤᠳ ᠤᠨ ︽ᠬᠤᠤᠰ ᠨᠡᠷ᠎ᠡ ᠮᠡᠳᠡᠭᠦᠯᠬᠦ᠂ ᠬᠤᠤᠰ ᠦᠢᠯᠡᠴᠢᠯᠡᠬᠦ᠂ ᠬᠤᠤᠰ ᠮᠡᠳᠡᠭᠦᠯᠦᠯᠲᠡ︾ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ 3 ᠳ᠋ᠤᠭᠠᠷ ᠰᠠᠷ᠎ᠠ ᠶᠢᠨ 5᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠨᠠᠮ ᠤᠨ ᠡᠭᠦᠷ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠨᠠᠮ ᠤᠨ ᠡᠭᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ᠂ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠬᠡᠯᠲᠡᠰ ᠤᠨ ᠨᠠᠮ ᠤᠨ ᠡᠭᠦᠷ ᠲᠠᠢ ᠬᠠᠮᠲᠤᠷᠠᠨ ᠵᠥᠩ ᠱᠠᠨ ᠵᠠᠮ ᠤᠨ ᠨᠡᠶᠢᠭᠡᠮ ᠲᠣᠭᠤᠷᠢᠭ ᠤᠨ ᠤᠰᠤᠨ ᠠᠰᠢᠭᠯᠠᠯᠲᠠ ᠶᠢᠨ ᠲᠢᠩᠬᠢᠮ ᠤᠨ ᠬᠤᠶᠢᠲᠤ ᠬᠦᠷᠢᠶᠡᠯᠡᠩ ᠤᠨ ᠨᠠᠮ ᠣᠯᠠᠨ ᠲᠦᠮᠡᠨ ᠤ ᠠᠵᠢᠯᠯᠠᠭ᠎ᠠ ᠶᠢᠨ ᠲᠥᠪ ᠲᠤ ᠰᠠᠶᠢᠨ ᠳᠤᠷ᠎ᠠ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃
主题党日活动1.jpg
  ᠲᠣᠰ ᠤᠳᠠᠭᠠᠨ ᠤ ᠠᠵᠢᠯᠯᠠᠭ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠤᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ︽ᠲᠠᠪᠤ ᠶᠢ ᠣᠷᠣᠭᠤᠯᠬᠤ︾ ᠤᠬᠠᠭᠤᠯᠤᠨ ᠲᠠᠶᠢᠯᠪᠤᠷᠢᠯᠠᠬᠤ ᠪᠦᠯᠬᠦᠮ ᠠᠴᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠮᠴᠢᠯᠠᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠡᠯᠧᠺᠲᠷᠣᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠶᠢ ᠬᠥᠭᠵᠢᠭᠡᠬᠦ ᠵᠢᠴᠢ ᠲᠤᠬᠠᠶ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠰᠠᠭᠤᠭᠠᠯᠢ ᠠᠷᠠᠳ ᠢ ᠬᠠᠪᠰᠤᠷᠤᠨ ᠡᠮᠴᠢᠯᠡᠭᠡᠨ ᠤ ᠳᠠᠭᠠᠳᠬᠠᠯ ᠤᠨ ᠮᠡᠳᠡᠯᠭᠡ ᠶᠢ ᠣᠶᠢᠯᠠᠭᠠᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠪᠠ᠃
主题党日活动2.jpg
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠡᠮᠡᠭᠲᠡᠶ ᠶᠢᠨ ᠰᠠᠯᠠᠭ᠎ᠠ᠂ ᠬᠢᠲᠠᠳ ᠡᠮᠨᠡᠯᠭᠡ ᠶᠢᠨ ᠰᠠᠯᠠᠭ᠎ᠠ᠂ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ ᠵᠡᠷᠭᠡ ᠲᠠᠪᠤᠨ ᠰᠠᠯᠠᠭ᠎ᠠ ᠲᠠᠰᠤᠭ ᠤᠨ ᠡᠮᠴᠢ ᠲᠤᠬᠠᠶ ᠶᠢᠨ ᠲᠠᠯᠠᠪᠠᠶ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠥᠷᠨᠢᠭᠦᠯᠪᠡ᠃
主题党日活动3.jpg
  ᠤᠰᠤᠨ ᠠᠰᠢᠭᠯᠠᠯᠲᠠ ᠶᠢᠨ ᠲᠢᠩᠬᠢᠮ ᠤᠨ ᠡᠯ᠎ᠡ ᠬᠤᠯᠪᠣᠭᠳᠠᠯ ᠪᠦᠬᠦᠢ ᠨᠠᠮ ᠤᠨ ᠡᠭᠦᠷ ᠤᠨ ᠠᠵᠢᠯ ᠤᠨ ᠪᠠᠶᠢᠷᠢ ᠳᠤ ᠪᠠᠶᠢᠭ᠎ᠠ ᠨᠠᠮ ᠤᠨ ᠭᠡᠰᠢᠭᠦᠨ ᠺᠠᠳ᠋ᠷᠴᠤᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠤᠰᠤ ᠠᠷᠪᠢᠯᠠᠬᠤ᠂ ᠤᠰᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠭᠰᠡᠨ ᠪᠥᠭᠡᠳ ᠤᠰᠤ ᠠᠷᠪᠢᠯᠠᠬᠤ ᠤᠬᠠᠭᠤᠯᠭ᠎ᠠ ᠶᠢᠨ ᠵᠢᠷᠤᠭᠲᠤ ᠳᠡᠪᠲᠡᠷ ᠪᠠ ᠬᠤᠯᠪᠣᠭᠳᠠᠯ ᠪᠦᠬᠦᠢ ᠳᠤᠷᠠᠰᠬᠠᠯ ᠤᠨ ᠡᠳ᠋ ᠢ ᠲᠠᠷᠬᠠᠭᠠᠪᠠ᠃
主题党日活动4.jpg
  ᠲᠣᠰ ᠤᠳᠠᠭᠠᠨ ᠤ ᠠᠵᠢᠯᠯᠠᠭ᠎ᠠ ᠳᠤ᠂ ᠡᠯ᠎ᠡ ᠬᠤᠯᠪᠣᠭᠳᠠᠯ ᠪᠥᠬᠦᠶ ᠨᠠᠮ ᠤᠨ ᠡᠭᠦᠷ ᠨᠢ ᠨᠡᠶᠢᠲᠡ 30 ᠭᠠᠷᠤᠶ ᠠᠵᠢᠯ ᠳᠤ ᠪᠠᠶᠢᠭ᠎ᠠ ᠨᠠᠮ ᠤᠨ ᠭᠡᠰᠢᠭᠦᠨ ᠺᠠᠳ᠋ᠷ ᠣᠷᠣᠯᠴᠠᠭᠰᠠᠨ ᠪᠥᠭᠡᠳ ᠲᠢᠩᠬᠢᠮ ᠤᠨ ᠡᠪᠯᠡᠯ ᠤᠨ ᠬᠤᠷᠢᠶ᠎ᠠ ᠪᠣᠯᠤᠨ ᠲᠢᠩᠬᠢᠮ ᠤᠨ ᠪᠠᠶᠢᠭᠤᠯᠭ᠎ᠠ ᠶᠢᠨ ᠡᠮᠡᠭᠲᠡᠶᠢᠴᠦᠳ ᠤᠨ ᠵᠥᠪᠯᠡᠯ 30 ᠭᠠᠷᠤᠶ ᠵᠠᠯᠠᠭᠤ ᠺᠠᠳ᠋ᠷ ᠢ ᠵᠣᠬᠢᠶᠠᠨ ᠪᠠᠶᠢᠭᠤᠯᠵᠤ ᠰᠠᠶᠢᠨ ᠳᠤᠷ᠎ᠠ ᠶᠢᠨ ᠦᠢᠯᠡᠴᠢᠯᠡᠭᠡ ᠶᠢ ᠵᠡᠷᠭᠡᠪᠡᠷ ᠥᠷᠨᠢᠭᠦᠯᠪᠡ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号