ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ 2024 ᠣᠨ ᠤ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/8
  3 ᠳ᠋ᠤᠭᠠᠷ ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ 2024 ᠣᠨ ᠤ ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠬᠤᠷᠠᠯ ᠳᠤ ᠣᠷᠣᠯᠴᠠᠨ ᠶᠠᠷᠢᠶ᠎ᠠ       ᠲᠠᠯᠪᠢᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠹᠠᠨ ᠵᠦᠩ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢᠶᠠᠨ ᠳᠤᠷᠠᠳᠴᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠫᠧᠩ ᠶᠠ ᠯᠢ ᠬᠤᠷᠠᠯ ᠢ ᠡᠷᠬᠢᠯᠡᠪᠡ᠃
党风廉政建设工作会议.png
  ᠬᠤᠷᠠᠯ ᠠᠴᠠ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ 2023 ᠣᠨ ᠤ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠡᠳᠡᠭᠳᠡᠵᠦ᠂ ᠴᠢᠬᠡᠴᠢ ᠵᠠᠰᠠᠭ ᠤᠨ ᠰᠡᠷᠡᠮᠵᠢ ᠶᠢᠨ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃  ᠬᠤᠷᠠᠯ ᠠᠴᠠ ᠵᠢᠭᠠᠵᠤ ᠭᠠᠷᠭᠠᠭᠰᠠᠨ ᠨᠢ᠂ 2023 ᠣᠨ ᠳᠤ ᠤᠰᠤᠨ ᠠᠰᠢᠭᠯᠠᠯᠲᠠ ᠶᠢᠨ ᠲᠢᠩᠬᠢᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠤᠯᠤᠰ ᠲᠦᠷᠦ ᠶᠢᠨ ᠪᠠᠶᠢᠭᠤᠯᠤᠯᠲᠠ ᠶᠢ ᠨᠡᠩ ᠪᠠᠲᠤ ᠴᠢᠩᠭ᠎ᠠ ᠪᠣᠯᠭᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠨᠡᠩ ᠴᠢᠩᠭ᠎ᠠ ᠪᠣᠳᠠᠲᠠᠢ ᠬᠦᠴᠦᠨ ᠲᠠᠢ ᠪᠣᠯᠭᠠᠵᠤ᠂ ᠤᠨᠤᠯ ᠢᠶᠠᠷ ᠵᠡᠪᠰᠡᠭᠯᠡᠬᠦ ᠶᠢ ᠨᠡᠩ ᠭᠦᠨᠵᠡᠭᠡᠢ ᠰᠢᠰᠲ᠋ᠧᠮ ᠲᠠᠢ ᠪᠣᠯᠭᠠᠵᠤ᠂ ᠲᠦᠷᠢᠮ ᠤᠨ ᠰᠢᠰᠲ᠋ᠧᠮ ᠢ ᠨᠡᠩ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠤᠨ ᠰᠤᠷᠲᠠᠯ ᠢ ᠨᠡᠩ ᠴᠢᠩᠭ᠎ᠠ ᠪᠥᠭᠡᠳ ᠥᠨᠳᠥᠷ ᠪᠦᠲᠦᠮᠵᠢᠲᠡᠢ ᠪᠣᠯᠭᠠᠵᠤ᠂ ᠬᠦᠳᠦᠯᠦᠨ ᠳᠠᠭᠠᠭᠤᠯᠬᠤ ᠦᠢᠯᠡᠳᠦᠯ ᠢ ᠨᠡᠩ ᠬᠦᠴᠦᠲᠡᠢ ᠪᠣᠯᠭᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠨᠡᠩ ᠪᠣᠳᠠᠲᠠᠢ ᠣᠨᠣᠴᠠᠲᠠᠢ ᠪᠣᠯᠭᠠᠵᠤ᠂ ᠠᠵᠢᠯ ᠤᠨ ᠭᠤᠣᠯ ᠱᠤᠭᠤᠮ ᠢ ᠨᠡᠩ ᠢᠯᠡ ᠲᠣᠳᠣ ᠪᠣᠯᠭᠠᠵᠤ᠂ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠰᠢᠨ᠎ᠡ ᠲᠠᠪᠰᠢᠯᠳᠠ ᠲᠠᠢ ᠪᠣᠯᠵᠠᠢ ᠭᠡᠵᠡᠢ᠃  ᠬᠤᠷᠠᠯ ᠠᠴᠠ ᠴᠢᠬᠤᠯᠠᠴᠢᠯᠠᠭᠰᠠᠨ ᠨᠢ᠂ 2024 ᠣᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠤᠰᠤᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠠᠷᠢᠶ᠎ᠠ ᠲᠠᠯᠪᠢᠭᠰᠠᠨ 10 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠴᠢᠷᠮᠠᠶᠢᠨ ᠠᠬᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠪᠠ ᠦᠢᠯᠡᠴᠢᠯᠡᠬᠦ ᠪᠠᠷ ᠪᠦᠬᠦ ᠣᠷᠣᠨ ᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠪᠠ ᠪᠠᠲᠤᠯᠠᠬᠤ ᠬᠡᠷᠡᠭᠲᠡᠢ ᠭᠡᠵᠡᠢ᠃  ᠬᠤᠷᠠᠯ ᠠᠴᠠ ᠴᠢᠬᠤᠯᠠᠴᠢᠯᠠᠭᠰᠠᠨ ᠨᠢ᠂ 2024 ᠣᠨ ᠤ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠴᠢᠩᠭ᠎ᠠ ᠪᠣᠳᠠᠲᠠᠢ ᠰᠠᠶᠢᠲᠤᠷ ᠬᠢᠬᠦ ᠬᠡᠷᠡᠭᠲᠡᠢ᠃ ᠨᠢᠭᠡ ᠳᠤ᠂ ᠤᠯᠤᠰ ᠲᠥᠷᠥ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠤᠯᠤᠰ ᠲᠥᠷᠥ ᠶᠢᠨ ᠪᠠᠶᠢᠭᠤᠯᠭ᠎ᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ ᠶᠢ ᠯᠠᠪᠳᠠᠭᠤᠨ ᠪᠠᠲᠤᠲᠠᠶ ᠡᠭᠦᠳᠦᠨ ᠪᠠᠶᠢᠭᠤᠯᠵᠤ᠂ ︽ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠣᠨ︾ ᠤ ᠱᠠᠭᠠᠷᠳᠠᠯᠭ᠎ᠠ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠵᠢᠴᠢ ᠤᠰᠤᠨ ᠠᠰᠢᠭᠯᠠᠯᠲᠠ ᠶᠢᠨ ᠶᠠᠮᠤᠨ ᠤ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠪᠠᠶᠢᠭᠰᠠᠨ ᠠᠴᠠ ︽ᠭᠠᠵᠠᠷ ᠳᠡᠭᠡᠷᠡᠬᠢ︾ ᠪᠣᠯᠭᠠᠪᠠ᠃ ᠬᠤᠶᠠᠷ ᠲᠤ᠂ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ ᠰᠡᠳᠬᠢᠴᠡ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠵᠤ᠂ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠥᠬᠡᠶ ᠪᠠᠷᠢᠮᠲᠠᠯᠠᠬᠤ ᠬᠡᠷᠡᠭᠲᠡᠶ᠃ ᠭᠤᠷᠪᠠ ᠳᠤ᠂ ᠠᠵᠢᠯ ᠤᠨ ᠭᠤᠤᠯ ᠱᠤᠭᠤᠮ ᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠲᠣᠣᠷ ᠢ ᠪᠠᠶᠢᠭᠤᠯᠬᠤ ᠶᠠᠪᠤᠴᠠ ᠳᠤ ︽ᠠᠮᠢ ᠨᠠᠰᠤ ᠶᠢ ᠳᠡᠭᠡᠳᠦᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠶᠢ ᠰᠠᠨᠠᠭᠠᠴᠢᠯᠠᠵᠤ᠂ ᠬᠦᠳᠡᠭᠡ ᠲᠤᠰᠬᠤᠨ ᠮᠠᠯᠵᠢᠬᠤ ᠣᠷᠣᠨ ᠤ ᠠᠮᠤᠷ ᠲᠦᠪᠰᠢᠨ ᠤᠰᠤ ᠤᠮᠳᠠ ᠶᠢ ᠪᠠᠲᠤᠯᠠᠬᠤ ᠳᠤᠮᠳᠠ ︽ᠠᠮᠢ ᠠᠬᠤᠶ ᠶᠢ ᠳᠡᠭᠡᠳᠦᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠶᠢ ᠰᠠᠨᠠᠭᠠᠴᠢᠯᠠᠵᠤ᠂  ᠬᠦᠳᠡᠭᠡ ᠲᠤᠰᠬᠤᠨ ᠮᠠᠯᠵᠢᠬᠤ ᠣᠷᠣᠨ ᠤ ᠠᠮᠤᠷ ᠲᠦᠪᠰᠢᠨ ᠤᠰᠤ ᠤᠮᠳᠠ ᠶᠢ ᠪᠠᠲᠤᠯᠠᠬᠤ ᠳᠤᠮᠳᠠ ︽ ᠤᠰᠤ ᠶᠢ ᠨᠢ ᠤᠤᠭᠤᠪᠠᠯ ᠡᠬᠢ ᠶᠢ ᠨᠢ ᠪᠤᠤ ᠮᠠᠷᠲᠠ᠂ ᠨᠠᠮ ᠳᠠᠭᠠᠨ ᠲᠠᠯᠠᠷᠬᠠᠬᠤ︾ ᠶᠢ ᠰᠠᠨᠠᠭᠠᠴᠢᠯᠠᠵᠤ᠂ ᠭᠤᠤᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠳᠤᠮᠳᠠ ︽ ᠬᠠᠮᠲᠤ ᠪᠠᠷ ᠵᠠᠰᠠᠵᠤ ᠬᠠᠮᠲᠤ ᠪᠠᠷ ᠬᠠᠮᠢᠶᠠᠷᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠵᠡᠷᠭᠡ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠢᠯᠡ ᠲᠣᠳᠣ ᠣᠶᠢᠯᠠᠭᠠᠭᠳᠠᠬᠤᠨ ᠢ ᠰᠠᠨᠠᠭᠠᠴᠢᠯᠠᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠣᠳᠣ ᠲᠦᠷᠦᠭᠳᠡᠯ ᠲᠠᠢ ᠪᠦᠲᠦᠮᠵᠢᠲᠡᠶ ᠪᠠᠲᠤ ᠪᠠᠬᠢ ᠪᠤᠢ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠲᠦᠷᠪᠡ ᠳᠤ᠂ ᠨᠠᠮ ᠤᠨ ᠡᠭᠦᠷ ᠤᠨ ᠰᠠᠭᠤᠷᠢ ᠶᠢ ᠪᠣᠳᠠᠲᠠᠢ ᠠᠳᠬᠤᠨ ᠬᠦᠴᠦᠷᠬᠡᠭᠵᠢᠭᠦᠯᠵᠦ᠂ ︽ᠤᠰᠤᠨ ᠠᠰᠢᠭᠯᠠᠯᠲᠠ ᠶᠢᠨ ᠲᠢᠩᠬᠢᠮ ᠤᠨ ᠢᠯᠡ ᠲᠣᠳᠣ ᠠᠳᠠᠯᠢᠳᠬᠠᠬᠤ ᠠᠵᠢᠯᠯᠠᠭ᠎ᠠ ᠶᠢᠨ ᠲᠠᠪᠴᠠᠩ︾ ᠢ ᠶᠡᠷᠦᠩᠬᠡᠶᠢᠯᠡᠨ ᠬᠡᠷᠡᠭᠯᠡᠵᠦ᠂ ︽ᠨᠢᠭᠡ ᠨᠢᠭᠡᠴᠢ ᠨᠢᠭᠡ ᠣᠨᠴᠠᠯᠢᠭ︾᠂ ︽ᠨᠢᠭᠡ ᠨᠠᠮ ᠤᠨ ᠡᠭᠦᠷ ᠨᠢᠭᠡ ᠲᠦᠷᠦᠯ ᠲᠡᠮᠲᠡᠭᠲᠦ︾ ᠶᠣᠰᠣᠭᠠᠷ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ︽ᠪᠠᠶᠢᠴᠠᠭᠠᠨ ᠰᠤᠳᠤᠯᠬᠤ︾ ᠠᠵᠢᠯ ᠢ ᠳᠡᠯᠭᠡᠷᠡᠭᠦᠯᠦᠨ ᠬᠡᠷᠡᠭᠯᠡᠵᠦ᠂ ᠠᠵᠢᠯ ᠳᠤ ᠪᠠᠶᠢᠭ᠎ᠠ ᠨᠠᠮ ᠤᠨ ᠭᠡᠰᠢᠭᠦᠨ ᠺᠠᠳ᠋ᠷᠴᠤᠳ ᠤᠨ ︽ᠬᠤᠣᠰ ᠨᠡᠷ᠎ᠡ ᠮᠡᠳᠡᠭᠦᠯᠬᠦ᠂ ᠬᠤᠣᠰ ᠦᠢᠯᠡᠴᠢᠯᠡᠬᠦ᠂ ᠬᠤᠣᠰ ᠮᠡᠳᠡᠭᠦᠯᠦᠯᠲᠡ︾ ᠠᠵᠢᠯ ᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠲᠠᠪᠤ ᠳᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ︽ᠵᠢᠭᠰᠠᠭᠠᠯ ᠤᠨ ᠭᠠᠵᠠᠷ ᠢ ᠪᠤᠯᠢᠶᠠᠯᠳᠤᠬᠤ᠂ ᠬᠥᠮᠦᠰ ᠤᠨ ᠰᠡᠳᠬᠢᠯ ᠢ ᠪᠤᠯᠢᠶᠠᠯᠳᠤᠬᠤ᠂ ᠤᠯᠠᠨ ᠲᠦᠮᠡᠨ ᠢ ᠪᠤᠯᠢᠶᠠᠯᠳᠤᠬᠤ︾ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠵᠢᠭᠰᠠᠭᠠᠯ ᠤᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠤᠰᠤᠨ ᠠᠰᠢᠭᠯᠠᠯᠲᠠ ᠶᠢᠨ ᠠᠵᠢᠯ ᠢ ᠬᠠᠯᠠᠮᠵᠢᠯᠠᠬᠤ ᠶᠢ ᠬᠦᠳᠦᠯᠦᠨ ᠵᠢᠯᠣᠭᠤᠳᠴᠤ᠂ ᠤᠰᠤᠨ ᠤ ᠡᠬᠢ ᠪᠠᠶᠠᠯᠢᠭ ᠢ ᠠᠷᠪᠢᠯᠠᠵᠤ ᠤᠰᠤᠨ ᠤ ᠠᠮᠢ ᠠᠬᠤᠢ ᠶᠢ ᠬᠠᠮᠠᠭᠠᠯᠠᠪᠠ᠃ ᠵᠢᠷᠭᠤᠭ᠎ᠠ ᠳᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠰᠢᠨᠲᠠᠷᠠᠰᠢ ᠦᠭᠡᠢ ᠪᠠᠷᠢᠮᠲᠠᠯᠠᠵᠤ᠂ ᠲᠤᠪᠤᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠲᠦᠷᠪᠡᠨ ᠰᠤᠷᠲᠠᠯ︾ ᠢ ᠡᠷᠡᠰ ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠣᠯᠭᠠᠨ᠎ᠠ᠃ ᠵᠠᠩᠭᠢᠯᠠᠭ᠎ᠠ ᠶᠢᠨ ᠠᠰᠠᠭᠤᠳᠠᠯ ᠢ ᠴᠢᠩᠭ᠎ᠠ ᠠᠩᠬᠠᠷᠴᠤ ᠰᠡᠷᠭᠡᠶᠢᠯᠡᠬᠦ ᠶᠢ ᠠᠳᠬᠤᠵᠤ᠂ ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠬᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠵᠦ᠂ ︽ᠦᠯᠦ ᠦᠢᠯᠡᠳᠬᠦᠢ᠂ ᠤᠳᠠᠭᠠᠨ ᠦᠢᠯᠡᠳᠬᠦᠢ᠂ ᠳᠤᠷ᠎ᠠ ᠪᠠᠷ ᠦᠢᠯᠡᠳᠬᠦ︾᠂ ︽ᠭᠤᠷᠪᠠᠨ ᠤᠯᠠᠨ᠂ ᠭᠤᠷᠪᠠᠨ ᠴᠦᠬᠡᠨ᠂ ᠭᠤᠷᠪᠠᠨ ᠤᠳᠠᠭᠠᠨ︾᠂ ︽ᠤᠳᠠᠭᠠᠨ ᠪᠦᠳᠦᠭᠦᠯᠢᠭ ᠬᠡᠶᠢᠰᠪᠦᠷᠢ︾᠂ ︽ᠰᠢᠨ᠎ᠡ ᠲᠦᠷᠢ ᠲᠥᠷᠬᠦ ᠶᠢᠨ         ᠢᠨᠵᠧᠨᠧᠷᠢᠩ︾ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠬᠡᠷᠡᠭᠲᠡᠢ᠃ ᠰᠤᠷᠲᠠᠯ ᠤᠨ ᠠᠰᠠᠭᠤᠳᠠᠯ ᠢ ᠴᠢᠩᠭ᠎ᠠ ᠠᠩᠬᠠᠷᠴᠤ ᠰᠠᠬᠢᠯᠭ᠎ᠠ ᠪᠠᠲᠤ ᠶᠢ ᠠᠳᠬᠤᠵᠤ᠂ ᠲᠥᠪᠯᠡᠷᠡᠩᠭᠦᠶ ᠴᠢᠨᠠᠷᠲᠠᠶ ᠰᠠᠬᠢᠯᠭ᠎ᠠ ᠪᠠᠲᠤ ᠶᠢᠨ ᠬᠥᠮᠦᠵᠢᠯ ᠢ ᠨᠠᠷᠢᠨ ᠬᠢᠨᠠᠮᠠᠭᠠᠶ ᠥᠷᠨᠢᠭᠦᠯᠵᠦ᠂ ︽ᠴᠢᠩᠭ᠎ᠠ ᠲᠠᠷᠨᠢ︾ ᠶᠢ ᠰᠠᠶᠢᠲᠤᠷ ᠤᠩᠰᠢᠵᠤ᠂ ︽ᠠᠮᠤᠷ ᠲᠦᠪᠰᠢᠨ ᠤ ᠨᠡᠭᠡᠯᠡᠬᠡᠶ︾ ᠶᠢ ᠰᠠᠶᠢᠲᠤᠷ ᠬᠢᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠲᠠᠯ᠎ᠠ ᠪᠠᠷ ᠰᠡᠳᠬᠢᠯ ᠲᠠᠯᠪᠢᠬᠤ ᠥᠬᠡᠶ᠂ ᠣᠶᠢᠯᠠᠭᠠᠬᠤ ᠥᠬᠡᠶ᠂ ᠡᠵᠡᠮᠰᠢᠬᠦ ᠥᠬᠡᠶ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠠᠰᠠᠭᠤᠳᠠᠯ ᠢ ᠴᠢᠩᠭ᠎ᠠ ᠠᠩᠬᠠᠷᠴᠤ ᠦᠢᠯᠡᠴᠢᠯᠡᠭᠡ ᠶᠢ ᠠᠳᠬᠤᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢᠶᠠᠷ ᠭᠠᠷᠳᠠᠴᠠ ᠪᠣᠯᠭᠠᠵᠤ᠂ ᠠᠮᠠᠯᠠᠯᠲᠠ ᠪᠠᠨ ᠦᠢᠯᠡᠳᠦᠯᠭᠡᠵᠢᠭᠦᠯᠦᠭᠰᠡᠨ ᠦᠨᠡᠨᠴᠢ ᠢᠲᠡᠭᠡᠮᠵᠢ ᠶᠢᠨ ᠰᠠᠭᠤᠷᠢ ᠶᠢ ᠪᠠᠬᠢᠵᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠦᠨᠡᠨᠴᠢ ᠢᠲᠡᠭᠡᠮᠵᠢ ᠪᠠᠷ ᠪᠡᠶ᠎ᠡ ᠪᠠᠨ ᠳᠠᠭᠠᠭᠠᠵᠤ᠂ ᠢᠲᠡᠭᠡᠯ ᠢᠶᠠᠷ ᠬᠦᠮᠦᠨ ᠳᠤ ᠦᠵᠡᠭᠦᠯᠬᠦ᠂ ᠤᠷᠢᠳᠴᠢᠯᠠᠨ ᠦᠢᠯᠡᠴᠢᠯᠡᠭᠦᠯᠦᠨ᠎ᠡ᠃ ᠲᠤᠯᠤᠭ᠎ᠠ ᠳᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠴᠢᠩᠭᠠᠳᠬᠠᠵᠤ᠂ ᠴᠢᠩᠭ᠎ᠠ ᠬᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ︽ᠳᠠᠯᠳᠠ ᠲᠦᠷᠢᠮ︾ ᠢ ᠡᠪᠳᠡᠵᠦ᠂ ︽ᠶᠣᠰᠣ ᠳᠦᠷᠢᠮ︾ ᠢ ᠲᠣᠭᠲᠠᠭᠠᠵᠤ᠂ ︽ᠵᠢᠵᠢᠭ ᠲᠣᠭᠤᠷᠢᠭ︾᠂ ︽ᠭᠠᠷᠠᠮ ᠳᠤ ᠣᠴᠢᠬᠤ︾᠂ ︽ᠠᠨᠲ᠋ᠢᠨ᠎ᠠ ᠶᠢᠨ ᠱᠤᠭᠤᠮ︾᠂ ︽ᠳᠣᠣᠷ᠎ᠠ ᠲᠡᠰ ᠤᠨ ᠤᠯᠠᠭᠠᠨ︾᠂ ︽ᠳᠡᠭᠡᠳᠦ ᠲᠡᠰ ᠤᠨ ᠬᠠᠷ᠎ᠠ︾ ᠪᠣᠯᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠠᠷᠢᠭᠤᠨ ᠴᠢᠬᠡᠴᠢ ᠰᠣᠶᠣᠯ ᠢ ᠪᠠᠳᠠᠷᠠᠭᠤᠯᠵᠤ᠂ ᠠᠷᠢᠭᠤᠨ ᠴᠢᠬᠡᠴᠢ ᠪᠠᠶᠢᠬᠤ ᠠᠰᠠᠭᠤᠳᠠᠯ ᠤᠨ ︽ᠤᠯᠤᠰ ᠲᠥᠷᠥ ᠶᠢᠨ ᠲᠠᠩᠰᠠ︾᠂ ︽ᠠᠵᠤ ᠠᠬᠤᠶ ᠶᠢᠨ ᠲᠠᠩᠰᠠ︾᠂ ︽ᠨᠡᠷ᠎ᠡ ᠠᠯᠳᠠᠷ ᠤᠨ ᠲᠠᠩᠰᠠ︾᠂ ︽ᠬᠡᠷ ᠪᠦᠯᠢ ᠶᠢᠨ ᠲᠠᠩᠰᠠ︾᠂ ︽ᠲᠥᠷᠥᠯ ᠰᠠᠳᠤᠨ ᠤ ᠲᠠᠩᠰᠠ︾᠂ ︽ ᠡᠷᠬᠡ ᠴᠢᠯᠦᠭᠡ ᠶᠢᠨ ᠲᠠᠩᠰᠠ︾᠂ ︽ᠡᠷᠡᠭᠦᠯ ᠮᠡᠨᠳᠦ ᠶᠢᠨ ᠲᠠᠩᠰᠠ︾ ᠵᠡᠷᠭᠡ ︽ᠲᠤᠯᠤᠭᠠᠨ ᠲᠠᠩᠰᠠ︾ ᠶᠢ ᠲᠣᠳᠣᠷᠬᠠᠶ ᠪᠣᠳᠣᠨ᠎ᠠ᠃ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠢ ᠰᠠᠶᠢᠲᠤᠷ ᠬᠡᠷᠡᠭᠯᠡᠵᠦ᠂ ᠤᠨᠢᠨ ᠳᠡᠭᠡᠷ᠎ᠡ ᠨᠢ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠶᠢ ᠭᠦᠨᠵᠡᠭᠡᠶᠢᠷᠡᠭᠦᠯᠵᠦ᠂ ︽ᠪᠢᠴᠢᠯ ᠢᠯᠵᠠᠷᠠᠯ︾ ᠢ ᠶᠡᠭᠡ ᠪᠠᠷ ᠵᠠᠯᠬᠠᠭᠠᠨ ᠰᠢᠢᠳᠬᠡᠵᠦ᠂ ᠤᠯᠤᠰ ᠲᠦᠷᠦ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠷ᠎ᠡ ᠪᠦᠲᠦᠮᠵᠢ ᠪᠠ ᠨᠡᠶᠢᠭᠡᠮ ᠤᠨ ᠦᠷ᠎ᠡ ᠪᠦᠲᠦᠮᠵᠢ ᠶᠢ ᠬᠠᠷᠢᠯᠴᠠᠨ ᠨᠢᠭᠡᠳᠬᠡᠬᠦ ᠶᠢ ᠪᠡᠶᠡᠯᠡᠭᠦᠯᠦᠨ᠎ᠡ᠃  ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠪᠣᠯᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠭᠡᠬᠦ ᠡᠨᠡ ᠬᠦ ᠵᠠᠩᠭᠢᠯᠠᠭ᠎ᠠ ᠶᠢ ᠠᠳᠬᠤᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠨᠠᠮ ᠪᠠᠶᠢᠭᠤᠯᠬᠤ ᠪᠠ ᠲᠦᠷᠢᠮ ᠢᠶᠠᠷ ᠨᠠᠮ ᠢ ᠬᠠᠮᠢᠶᠠᠷᠬᠤ ᠶᠢ ᠠᠳᠠᠯᠢ ᠴᠢᠭᠯᠡᠯ ᠢᠶᠠᠷ ᠬᠦᠴᠦᠯᠡᠵᠦ᠂ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠶᠠᠪᠤᠳᠠᠯ ᠤᠨ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠣᠨ ᠤ ᠡᠯ᠎ᠡ ᠲᠦᠷᠦᠯ ᠤᠨ ᠬᠢᠨᠠᠨ ᠰᠢᠯᠭᠠᠯᠲᠠ ᠶᠢᠨ ︽ᠳᠣᠬᠢᠭᠤᠷ︾ ᠢ ᠰᠠᠶᠢᠲᠤᠷ       ᠬᠡᠷᠡᠭᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠨᠢᠭᠡ ᠮᠥᠴᠡ ᠴᠦ ᠵᠣᠭᠰᠣᠯ ᠦᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃  ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠪᠥᠬᠦ ᠠᠵᠢᠯᠲᠠᠨ᠂ ᠶᠡᠷᠦᠩᠬᠡᠶ ᠢᠨᠵᠧᠨᠧᠷ᠂ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠲᠢᠩᠬᠢᠮ ᠤᠨ ᠪᠠᠶᠢᠭᠤᠯᠭ᠎ᠠ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ ᠪᠠ ᠨᠠᠮ ᠤᠨ ᠠᠵᠢᠯ ᠤᠨ ᠠᠵᠢᠯᠲᠠᠨ᠂ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠥᠷᠲᠡᠭᠡ ᠶᠢᠨ ᠨᠠᠮ ᠤᠨ ᠬᠤᠷᠢᠶᠠᠨ ᠤ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠲᠢᠩᠬᠢᠮ ᠤᠨ ᠬᠠᠷᠢᠶ᠎ᠠ ᠡᠯ᠎ᠡ ᠨᠢᠭᠡᠴᠢ ᠶᠢᠨ ᠤᠳᠤᠷᠢᠳᠬᠤ ᠪᠠᠭ ᠤᠨ ᠭᠡᠰᠢᠭᠦᠨ᠂ ᠨᠠᠮ ᠪᠠ ᠣᠯᠠᠨ ᠲᠦᠮᠡᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 
 
ᠢᠷᠡᠯᠲᠡ᠄ ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠣᠰᠣᠨ ᠠᠰᠢᠠᠠᠯᠠᠯᠳᠡ ᠶᠢᠨ ᠳᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号