ᠬᠡᠯᠬᠢᠶᠡᠰᠦᠨ ᠨᠣᠮᠧᠷ᠄ 000014348/2024-02295 | ᠭᠤᠣᠯ ᠰᠡᠳᠦᠪ ᠤᠨ ᠠᠩᠭᠢᠯᠠᠯ᠄ ᠪᠤᠰᠤᠳ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 9 ᠳ᠋ᠦ᠋ᠭᠡᠷ | ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠠᠯᠠᠱᠠ ᠠᠶᠢᠮᠠᠭ ᠤᠨ ᠳ᠋ᠦᠩ ᠬᠠᠶ ᠰᠢᠨ᠎ᠡ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ᠄ | ︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ | ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠶ | ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ﹇2020﹈ | 280 ᠳ᠋ᠤᠭᠠᠷ ᠲᠣᠭᠠᠲᠤ︶᠂ ︽ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠲᠠᠲᠠᠵᠤ ᠬᠡᠷᠡᠭᠯᠡᠬᠦ ᠲᠥᠷᠥᠯ | ᠵᠦᠢᠯ ᠤᠨ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢ ᠰᠢᠯᠵᠢᠭᠦᠯᠦᠨ ᠲᠤᠰᠢᠶᠠᠬᠤ ᠲᠤᠬᠠᠶ ᠬᠠᠲᠤᠨ | ᠭᠤᠤᠯ ᠤᠨ ᠤᠰᠤᠨ ᠤ ᠡᠬᠢ ᠪᠠᠶᠠᠯᠢᠭ ᠤᠨ ᠲᠣᠪᠴᠢᠶ᠎ᠠ ᠶᠢᠨ ᠵᠠᠬᠢᠳᠠᠯ︾ ︵ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ﹇2023﹈ 33 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ | ᠮᠠᠨ ᠤ ᠲᠢᠩᠬᠢᠮ ᠲᠠᠨ ᠤ ᠺᠣᠮᠫᠠᠨᠢ ᠶᠢᠨ ᠠᠯᠠᠱᠠ ᠠᠶᠢᠮᠠᠭ ᠤᠨ ᠳ᠋ᠦᠩ ᠬᠠᠶ ᠰᠢᠨ᠎ᠡ ᠡᠨᠧᠷᠭᠢ ᠶᠢᠨ ᠠᠵᠤ ᠦᠢᠯᠡᠰ ᠤᠨ | ᠬᠢᠵᠠᠭᠠᠷᠲᠤ ᠺᠣᠮᠫᠠᠨᠢ ᠶᠢᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ ᠲᠥᠷᠥᠯ | ᠵᠦᠢᠯ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ | ᠭᠥᠯᠢᠶᠡᠨ ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠰᠠᠨ ᠢᠶᠠᠷ᠂ ᠲᠤᠰ ᠭᠤᠶᠤᠴᠢᠯᠠᠯ ᠨᠢ ᠬᠠᠤᠯᠢ ᠳᠤ | ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ | ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ | ᠬᠤᠶᠠᠳᠤᠭᠠᠷ ᠵᠦᠢᠯ ᠤᠨ ︵ᠨᠢᠭᠡ︶ ᠵᠤᠷᠪᠤᠰ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ | ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ | ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠰᠤ | ᠲᠠᠲᠠᠬᠤ ᠵᠥᠪᠰᠢᠶᠡᠷᠡᠯ ᠤᠨ ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ᠃ | ᠠᠯᠠᠱᠠ ᠠᠶᠢᠮᠠᠭ ᠤᠨ ᠳ᠋ᠦᠩ ᠬᠠᠶ ᠰᠢᠨ᠎ᠡ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ | ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠨᠢᠭᠡᠳᠦᠭᠡᠷ | ᠬᠤᠭᠤᠴᠠᠭᠠᠨ ᠤ ᠲᠥᠷᠥᠯ ᠵᠦᠢᠯ ᠨᠢ ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ | ᠪᠠᠶ᠋ᠬᠠᠤᠪᠤᠭ᠎ᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠰᠢᠨ᠎ᠡ ᠪᠠᠷ ᠪᠠᠶᠢᠭᠤᠯᠬᠤ | ᠲᠥᠷᠥᠯ ᠵᠦᠢᠯ ᠳᠤ ᠬᠠᠷᠢᠶᠠᠯᠠᠭᠳᠠᠨ᠎ᠠ᠃ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ ᠵᠢᠯ ᠳᠤ 40 ᠲᠦᠮᠡᠨ | ᠲᠣᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠳᠤ ᠮᠧᠲ᠋ᠢᠯ ᠠᠯᠺᠣᠤᠯ ᠦᠢᠯᠡᠳᠬᠦ ᠲᠥᠷᠥᠯ ᠵᠦᠢᠯ᠂ ᠵᠢᠯ ᠳᠤ 10 | ᠲᠦᠮᠡᠨ ᠲᠣᠨ ᠨᠡᠶᠢᠯᠡᠯᠭᠡ ᠰᠢᠪᠲᠦᠷ ᠦᠢᠯᠡᠳᠪᠦᠷᠢᠯᠡᠬᠦ ᠲᠥᠷᠥᠯ ᠵᠦᠢᠯ᠂ 2 ᠰᠠᠭᠤᠷᠢ 150t / h ᠡᠷᠭᠢᠯᠲᠡᠲᠦ | ᠤᠷᠤᠰᠤᠩᠭᠢ ᠬᠡᠪᠰᠢᠭᠦᠯᠬᠦ ᠵᠤᠤᠬ᠎ᠠ ᠶᠢᠨ ᠨᠡᠭᠦᠷᠡᠰᠦ ᠰᠢᠲᠠᠭᠠᠬᠤ ᠭᠦᠸᠧᠯᠦ ᠶᠢ ᠪᠦᠲᠦᠭᠡᠨ ᠪᠠᠶᠢᠭᠤᠯᠵᠤ᠂ ᠵᠢᠯ ᠳᠤ | 8000 ᠴᠠᠭ ᠠᠵᠢᠯᠯᠠᠭᠤᠯᠵᠤ᠂ ᠵᠢᠯ ᠳᠤ 240 ᠲᠦᠮᠡᠨ ᠲᠣᠨ ᠠᠭᠤᠷ ᠦᠢᠯᠡᠳᠪᠦᠷᠢᠯᠡᠨ᠂ ᠲᠥᠷᠥᠯ ᠵᠦᠢᠯ ᠤᠨ | ᠳᠠᠭᠠᠯᠳᠠ ᠦᠢᠯᠡᠳᠪᠦᠷᠢᠯᠡᠯ ᠤᠨ ᠠᠭᠤᠷ ᠢ ᠭᠠᠳᠠᠭᠰᠢ ᠬᠠᠩᠭᠠᠵᠤ ᠪᠣᠢ᠃ | ᠲᠥᠷᠥᠯ ᠵᠦᠢᠯ ᠳᠤ ᠬᠠᠲᠤᠨ ᠭᠤᠤᠯ ᠤᠨ ᠭᠤᠤᠯ ᠤᠷᠤᠰᠬᠠᠯ ᠤᠨ ᠭᠠᠵᠠᠷ ᠳᠡᠭᠡᠷᠡᠬᠢ ᠤᠰᠤ ︵ᠠᠶᠢᠮᠠᠭ | ᠬᠤᠲᠠ ᠠᠯᠤᠰᠯᠠᠭᠰᠠᠨ ᠨᠢᠭᠡᠳᠦᠭᠡᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠭᠡᠯ | ᠲᠤᠭ᠎ᠠ ᠶᠢ ᠵᠥᠪᠰᠢᠶᠡᠷᠡᠵᠦ᠂ ᠠᠯᠠᠱᠠ ᠠᠶᠢᠮᠠᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠲᠤᠨ | ᠭᠤᠤᠯ ᠤᠨ ᠤᠰᠤ ᠲᠠᠲᠠᠬᠤ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠤᠰᠤ ᠬᠠᠩᠭᠠᠬᠤ︶ ᠤᠰᠤ ᠲᠠᠲᠠᠬᠤ | ᠤᠰᠤᠨ ᠰᠤᠷᠪᠤᠯᠵᠢ ᠪᠣᠯᠭᠠᠵᠤ᠂ ᠤᠰᠤᠲᠠᠢ ᠪᠠᠯᠭᠠᠰᠤᠨ ᠤ ᠠᠮᠢ ᠠᠬᠤᠶ ᠶᠢᠨ ᠨᠣᠭᠤᠭᠠᠷᠠᠭᠤᠯᠤᠯᠲᠠ ᠤᠰᠤ ᠬᠠᠩᠭᠠᠬᠤ | ᠬᠢᠵᠠᠭᠠᠷᠲᠤ ᠺᠣᠮᠫᠠᠨᠢ ᠶᠢᠨ ᠪᠠᠶᠠᠨᠰᠢᠭᠤᠢ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠭᠠᠵᠠᠷ ᠳᠣᠤᠷᠠᠬᠢ ᠤᠰᠤ ︵ | ᠪᠠᠶᠠᠨᠬᠤᠲᠠ ᠵᠢᠴᠢ ᠵᠠᠮ ᠳᠠᠭᠠᠤ ᠶᠢᠨ ᠰᠤᠮᠤ ᠪᠠᠯᠭᠠᠰᠤ ︵ᠪᠠᠶ᠋ᠬᠠᠤᠪᠤᠭ᠎ᠠ︶ ᠶᠢᠨ ᠤᠰᠤ ᠤᠮᠳᠠ ᠶᠢᠨ | ᠢᠨᠵᠧᠨᠧᠷᠢᠩ ᠢᠶᠠᠷ ᠳᠠᠮᠵᠢᠭᠤᠯᠤᠨ ᠠᠮᠢᠳᠤᠷᠠᠯ ᠤᠨ ᠤᠰᠤ ᠲᠠᠲᠠᠬᠤ ᠤᠰᠤᠨ ᠰᠤᠷᠪᠤᠯᠵᠢ ᠪᠣᠯᠭᠠᠬᠤ ᠶᠢ | ᠵᠥᠪᠰᠢᠶᠡᠷᠡᠪᠡ᠃ ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ ᠢ ᠪᠣᠳᠣᠯᠬᠢᠯᠠᠭᠰᠠᠨ ᠤ ᠳᠠᠷᠠᠭ᠎ᠠ᠂ ᠲᠤᠰ | ᠲᠥᠷᠥᠯ ᠵᠦᠢᠯ ᠤᠨ ᠶᠡᠷᠦᠩᠬᠡᠢ ᠤᠰᠤ ᠠᠪᠤᠭᠰᠠᠨ ᠬᠡᠮᠵᠢᠶ᠎ᠡ ᠨᠢ 198.33 ᠲᠦᠮᠡᠨ m3/a ᠪᠠᠶᠢᠵᠤ᠂ ᠡᠭᠦᠨ ᠳᠤ | ᠦᠢᠯᠡᠳᠪᠦᠷᠢᠯᠡᠯ ᠤᠨ ᠤᠰᠤ ᠲᠠᠲᠠᠭᠰᠠᠨ ᠬᠡᠮᠵᠢᠶ᠎ᠡ ᠨᠢ 196.68 ᠲᠦᠮᠡᠨ m3/a ︵ᠡᠭᠦᠨ ᠳᠤ ᠠᠭᠤᠷ ᠤᠨ | ᠤᠰᠤ ᠲᠠᠲᠠᠭᠰᠠᠨ ᠬᠡᠮᠵᠢᠶ᠎ᠡ ᠨᠢ 89.30 ᠲᠦᠮᠡᠨ m3/a ᠪᠠᠶᠢᠵᠤ᠂ ᠥᠪᠡᠷ ᠢᠶᠠᠨ ᠬᠡᠷᠡᠭᠯᠡᠬᠦ ᠠᠭᠤᠷ ᠤᠨ | ᠤᠰᠤᠨ ᠤ ᠬᠡᠮᠵᠢᠶ᠎ᠡ ᠨᠢ 17.04 ᠲᠦᠮᠡᠨ m3/a ᠪᠠᠶᠢᠵᠤ᠂ ᠦᠯᠡᠳᠡᠭᠰᠡᠨ ᠢ ᠨᠢ ᠭᠠᠳᠠᠭᠰᠢ ᠬᠠᠩᠭᠠᠬᠤ | ᠠᠭᠤᠷ ᠤᠨ ᠤᠰᠤᠨ ᠤ ᠬᠡᠮᠵᠢᠶ᠎ᠡ ᠨᠢ 72.26 ᠲᠦᠮᠡᠨ m3/a︶᠂ ᠠᠮᠢᠳᠤᠷᠠᠯ ᠤᠨ ᠤᠰᠤ ᠬᠡᠷᠡᠭᠯᠡᠭᠰᠡᠨ | ᠬᠡᠮᠵᠢᠶ᠎ᠡ ᠨᠢ 1.65 ᠲᠦᠮᠡᠨ m3/a ᠪᠠᠶᠢᠨ᠎ᠠ᠃ ᠭᠤᠣᠯ ᠪᠣᠯᠬᠤ ᠦᠢᠯᠡᠳᠬᠦᠨ ᠤ ᠰᠢᠨ᠎ᠡ ᠤᠰᠤᠨ ᠤ ᠬᠡᠮᠵᠢᠶ᠎ᠡ ᠨᠢ | ᠲᠣᠰ ᠲᠣᠰ ᠮᠧᠲ᠋ᠢᠯ ᠠᠯᠺᠣᠣᠯ 2.52m3/t᠂ ᠨᠡᠶᠢᠯᠡᠯᠭᠡ ᠰᠢᠪᠲᠦᠷ 1.41m3/t ᠪᠠᠶᠢᠵᠤ᠂ ︽ᠥᠪᠦᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ︾ ︵ | DB15/T385—2020︶ ᠵᠢᠴᠢ ︽ᠬᠡᠰᠡᠭ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢ | ᠲᠣᠬᠢᠷᠠᠭᠤᠯᠬᠤ ᠲᠤᠬᠠᠶ ᠮᠡᠳᠡᠭᠳᠡᠯ︾ ︵ᠥᠪᠥᠷ ᠤᠰᠤᠨ ᠤ ᠡᠬᠢ ᠪᠠᠶᠠᠯᠢᠭ ﹇2022﹈ 342 ᠳ᠋ᠤᠭᠠᠷ ᠲᠣᠭᠠᠲᠤ︶ | ᠤᠨ ᠳᠤᠮᠳᠠ ᠮᠧᠲ᠋ᠢᠯ ᠠᠯᠺᠣᠤᠯ ᠤᠨ ᠲᠡᠷᠢᠭᠦᠨ ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ 5.5m3/t᠂ | ᠨᠡᠶᠢᠯᠡᠯᠭᠡ ᠰᠢᠪᠲᠦᠷ ᠤᠨ ᠲᠡᠷᠢᠭᠦᠨ ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ 7.0m3/t᠂ ᠠᠭᠤᠷ ᠢᠶᠠᠷ ᠤᠰᠤ | ᠬᠡᠷᠡᠭᠯᠡᠬᠦ ᠨᠣᠷᠮ᠎ᠠ 1.30m3/t ᠤᠨ ᠱᠠᠭᠠᠷᠳᠠᠯᠭ᠎ᠠ ᠶᠢ ᠬᠢᠨᠠᠨ ᠲᠣᠭᠲᠠᠭᠠᠵᠤ᠂ ᠦᠢᠯᠡᠳᠪᠦᠷᠢ ᠶᠢᠨ ᠲᠣᠭᠤᠷᠢᠭ ᠤᠨ | ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠠᠮᠢᠳᠤᠷᠠᠯ ᠳᠤ ᠬᠡᠷᠡᠭᠯᠡᠬᠦ ᠤᠰᠤᠨ ᠤ ᠭᠦᠢᠴᠡᠳᠬᠡᠯ ᠲᠤᠭ᠎ᠠ 107.4L/ | ᠬᠥᠮᠦᠨ·d ᠂ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ | ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ︾ ︵DB15/T385—2020︶ ᠤᠨ ᠤᠰᠤ ᠬᠡᠷᠡᠭᠯᠡᠬᠦ ᠲᠣᠭᠲᠠᠭᠰᠠᠨ | ᠨᠣᠷᠮ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃ ᠲᠥᠷᠥᠯ ᠵᠦᠢᠯ ᠨᠢ ᠤᠰᠤ ᠲᠠᠲᠠᠵᠤ ᠬᠡᠷᠡᠭᠯᠡᠬᠦ ᠣᠷᠣᠨ ᠪᠦᠰᠡ ᠶᠢᠨ | ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠵᠢᠴᠢ ︽ᠭᠤᠷᠪᠠᠨ ᠵᠤᠷᠪᠤᠰ ᠤᠯᠠᠭᠠᠨ ᠱᠤᠭᠤᠮ︾ ᠤᠨ | ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃ | ᠲᠥᠷᠥᠯ ᠵᠦᠢᠯ ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ | ᠦᠨᠳᠦᠰᠦᠨ ᠳᠡᠭᠡᠨ ᠵᠥᠪᠰᠢᠶᠡᠷᠡᠨ᠎ᠡ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠲᠥᠬᠦᠭᠡᠷᠦᠮᠵᠢ ᠶᠢ ᠭᠤᠣᠯ ᠴᠣᠭᠴᠠ ᠶᠢᠨ ᠢᠨᠵᠧᠨᠧᠷᠢᠩ ᠲᠠᠢ ᠵᠡᠷᠭᠡ ᠪᠠᠷ | ᠵᠢᠷᠤᠵᠤ ᠲᠥᠯᠥᠪᠯᠡᠨ᠂ ᠵᠡᠷᠭᠡ ᠪᠠᠷ ᠪᠠᠷᠢᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃ | ᠲᠥᠷᠥᠯ ᠵᠦᠢᠯ ᠤᠨ ᠦᠢᠯᠡᠳᠪᠦᠷᠢᠯᠡᠯ᠂ ᠠᠮᠢᠳᠤᠷᠠᠯ ᠤᠨ ᠪᠣᠬᠢᠷ ᠤᠰᠤ ᠬᠠᠶᠠᠭᠳᠠᠮᠠᠯ ᠤᠰᠤ ᠶᠢ | ᠰᠢᠢᠳᠪᠦᠷᠢᠯᠡᠬᠦ ᠨᠢ ᠠᠯᠠᠱᠠ ᠠᠶᠢᠮᠠᠭ ᠤᠨ ᠬᠤ᠋ ᠮᠧᠩ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ | 600 ᠲᠦᠮᠡᠨ t/a ᠦᠢᠯᠡᠳᠪᠦᠷᠢᠯᠡᠵᠦ ᠬᠡᠦᠷᠰᠢᠭᠦᠯᠬᠦ ᠲᠥᠷᠥᠯ ᠵᠦᠢᠯ ᠤᠨ ᠪᠣᠬᠢᠷ ᠤᠰᠤ ᠰᠢᠢᠳᠪᠦᠷᠢᠯᠡᠬᠦ | ᠥᠷᠲᠡᠭᠡ ᠳᠤ ᠲᠦᠰᠢᠭᠯᠡᠨ᠂ ᠬᠠᠶᠠᠭᠳᠠᠮᠠᠯ ᠤᠰᠤ ᠶᠢ ᠰᠢᠢᠳᠪᠦᠷᠢᠯᠡᠬᠦ ᠪᠠᠷ ᠳᠠᠮᠵᠢᠭᠤᠯᠤᠨ ᠪᠦᠬᠦᠨ ᠢ ᠲᠣᠰ ᠲᠥᠷᠥᠯ | ᠵᠦᠢᠯ ᠳᠤ ᠬᠡᠷᠡᠭᠯᠡᠨ᠎ᠡ᠃ | ᠲᠠᠨ ᠤ ᠺᠣᠮᠫᠠᠨᠢ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠪᠠ | ︽ᠤᠰᠤ ᠠᠪᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠳᠦᠷᠢᠮ︾ ︵GB/T28714 — 2023︶ | ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠤᠰᠤ ᠠᠪᠬᠤ ᠬᠡᠮᠵᠢᠯᠲᠡ ᠶᠢᠨ ᠪᠡᠯᠡᠳᠬᠡᠮᠵᠢ ᠪᠠ ᠰᠦᠯᠵᠢᠶᠡᠨ | ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠡᠭᠦᠨ ᠤ ᠬᠡᠪ ᠤᠨ | ᠠᠵᠢᠯᠯᠠᠭᠠᠨ ᠢ ᠪᠠᠲᠤᠯᠠᠵᠤ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ | ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ | ᠲᠣᠭᠲᠠᠭᠤᠨ ᠢᠶᠠᠷ ᠳᠠᠮᠵᠢᠭᠤᠯᠬᠤ ᠶᠢ ᠦᠨᠡᠨᠬᠦ ᠪᠠᠲᠤᠯᠠᠨ᠎ᠠ᠃ ᠤᠰᠤ ᠠᠪᠬᠤ ᠪᠠᠷᠢᠯᠭ᠎ᠠ ᠪᠤᠶᠤ ᠪᠡᠯᠡᠳᠬᠡᠮᠵᠢ ᠶᠢ | ᠪᠠᠶᠢᠭᠤᠯᠵᠤ ᠳᠠᠭᠤᠰᠬᠠᠬᠤ ᠶᠢᠨ ᠬᠠᠮᠲᠤ ᠲᠤᠷᠰᠢᠨ ᠠᠵᠢᠯᠯᠠᠭᠤᠯᠤᠭᠠᠳ 30 ᠡᠳᠦᠷ ᠤᠨ ᠳᠠᠷᠠᠭ᠎ᠠ᠂ ︽ᠤᠰᠤ ᠠᠪᠬᠤ | ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ | ︽ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠮᠠᠨ ᠤ ᠲᠢᠩᠬᠢᠮ ᠳᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ | ᠰᠢᠯᠭᠠᠭᠤᠯᠬᠤ ᠪᠠᠷ ᠭᠤᠶᠤᠴᠢᠯᠠᠬᠤ ᠬᠡᠷᠡᠭᠲᠡᠶ᠃ | ᠲᠤᠰ ᠲᠣᠭᠲᠠᠭᠠᠯ ᠤᠨ ᠬᠦᠴᠦᠨ ᠲᠠᠢ ᠬᠤᠭᠤᠴᠠᠭ᠎ᠠ ᠨᠢ 3 ᠵᠢᠯ ᠪᠣᠯᠣᠨ᠎ᠠ᠃ ᠬᠡᠷᠪᠡ ᠲᠤᠰ ᠲᠥᠷᠥᠯ | ᠵᠦᠢᠯ ᠤᠨ ᠰᠢᠨᠵᠢ ᠴᠢᠨᠠᠷ᠂ ᠬᠡᠪᠴᠢᠶ᠎ᠡ᠂ ᠤᠰᠤ ᠲᠠᠲᠠᠬᠤ ᠭᠠᠵᠠᠷ᠂ ᠤᠰᠤᠨ ᠤ ᠡᠬᠢ ᠰᠤᠷᠪᠤᠯᠵᠢ᠂ ᠤᠰᠤ ᠲᠠᠲᠠᠬᠤ | ᠬᠡᠮᠵᠢᠶ᠎ᠡ᠂ ᠤᠰᠤ ᠲᠠᠲᠠᠬᠤ ᠬᠡᠷᠡᠭᠴᠡᠭᠡ ᠵᠡᠷᠭᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠤᠰᠤ ᠲᠠᠲᠠᠬᠤ | ᠵᠥᠪᠰᠢᠶᠡᠷᠡᠯ ᠢ ᠳᠠᠬᠢᠵᠤ ᠭᠤᠶᠤᠴᠢᠯᠠᠬᠤ ᠬᠡᠷᠡᠭᠲᠡᠶ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠦᠢᠯᠡᠰ ᠤᠨ ᠬᠥᠭᠵᠢᠯᠲᠡ ᠶᠢᠨ ᠲᠥᠪ ᠤᠨ ︽ᠠᠯᠠᠱᠠ ᠠᠶᠢᠮᠠᠭ ᠤᠨ ᠳ᠋ᠦᠩ ᠬᠠᠢ ᠰᠢᠨ᠎ᠡ ᠡᠨᠧᠷᠭᠢ ᠶᠢᠨ ᠠᠵᠤ | ᠦᠢᠯᠡᠰ ᠤᠨ ᠬᠢᠵᠠᠭᠠᠷᠲᠤ ᠺᠣᠮᠫᠠᠨᠢ ᠶᠢᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ | ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ | ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ ᠢ ᠬᠢᠨᠠᠨ ᠪᠠᠶᠢᠴᠠᠭᠠᠬᠤ ᠰᠠᠨᠠᠯ︾ ᠤᠨ ᠲᠤᠬᠠᠶ ᠮᠡᠳᠡᠭᠦᠯᠦᠯᠲᠡ | | | 2024 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ | | | |