ᠬᠠᠩᠰᠢ ᠶᠢᠨ ᠡᠳᠦᠷ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠤᠷᠳᠤᠴᠠ ᠶᠢ ᠲᠦᠷᠭᠡᠳᠬᠡᠬᠦ ᠶᠢ | ᠳᠠᠭᠠᠯᠳᠤᠨ᠂ ᠬᠠᠪᠤᠷ ᠤᠨ ᠤᠰᠤᠯᠠᠯᠲᠠ ᠨᠢ ᠪᠦᠬᠦ ᠤᠯᠤᠰ ᠲᠤ ᠶᠡᠭᠡ ᠬᠡᠪᠴᠢᠶ᠎ᠡ ᠪᠠᠷ ᠥᠷᠨᠢᠪᠡ᠃ ᠰᠤᠷᠪᠤᠯᠵᠢᠯᠠᠭᠴᠢ | 4 ᠤ ᠡᠳᠦᠷ ᠤᠰᠤᠨ ᠠᠰᠢᠭᠯᠠᠯᠲᠠ ᠶᠢᠨ ᠶᠠᠮᠤᠨ ᠠᠴᠠ ᠣᠶᠢᠯᠠᠭᠠᠭᠰᠠᠨᠢᠶ᠋ᠠᠷ᠂ ᠣᠳᠣᠬᠠᠨ ᠳᠤ ᠪᠦᠬᠦ ᠤᠯᠤᠰ ᠲᠤ | ᠨᠢᠭᠡᠨᠲᠡ 2033 ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠬᠠᠪᠤᠷ ᠤᠨ ᠤᠰᠤᠯᠠᠯᠲᠠ ᠶᠢᠨ | ᠠᠵᠢᠯ ᠢᠶᠠᠨ ᠡᠬᠢᠯᠡᠭᠦᠯᠵᠦ᠂ ᠤᠰᠤᠯᠠᠯᠲᠠ ᠶᠢᠨ ᠬᠡᠮᠵᠢᠶ᠎ᠡ ᠨᠢ 39 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ | ᠪᠠᠶᠢᠵᠤ᠂ ᠤᠰᠤᠯᠠᠯᠲᠠ ᠶᠢᠨ ᠲᠠᠯᠠᠪᠠᠢ ᠨᠢ 5040 ᠭᠠᠷᠤᠢ ᠲᠦᠮᠡᠨ ᠮᠦ ᠪᠠᠶᠢᠨ᠎ᠠ᠃ | ᠤᠰᠤᠨ ᠠᠰᠢᠭᠯᠠᠯᠲᠠ ᠶᠢᠨ ᠶᠠᠮᠤᠨ ᠤ ᠬᠥᠳᠡᠭᠡ ᠲᠣᠰᠬᠤᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ | ᠵᠤᠷᠭᠠᠨ ᠤ ᠤᠰᠤᠯᠠᠯᠲᠠ ᠶᠢᠨ ᠤᠰᠤ ᠠᠷᠪᠢᠯᠠᠬᠤ ᠭᠠᠵᠠᠷ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠵᠠᠩ | ᠰᠢᠶᠠᠩ ᠢᠯᠡᠷᠬᠡᠶᠢᠯᠡᠬᠦ ᠳᠡᠭᠡᠨ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠢᠨ ᠡᠷᠲᠡᠬᠡᠨ ᠠᠷᠭ᠎ᠠ | ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠤᠰᠤᠯᠠᠯᠲᠠ ᠶᠢᠨ ᠤᠰᠤ ᠬᠠᠩᠭᠠᠬᠤ ᠬᠡᠮᠵᠢᠶ᠎ᠡ ᠶᠢ | ᠠᠯᠢ ᠴᠢᠳᠠᠬᠤ ᠪᠠᠷ ᠨᠡᠮᠡᠭᠳᠡᠭᠦᠯᠵᠦ᠂ ᠣᠳᠣᠬᠠᠨ ᠳᠤ ᠪᠥᠬᠦ ᠤᠯᠤᠰ ᠤᠨ ᠲᠣᠮᠣ ᠳᠤᠮᠳᠠ ᠬᠡᠯᠪᠡᠷᠢ ᠶᠢᠨ | ᠤᠰᠤᠯᠠᠯᠲᠠ ᠶᠢᠨ ᠣᠷᠣᠨ ᠤ ᠤᠰᠤᠯᠠᠯᠲᠠ ᠶᠢᠨ ᠤᠰᠤ ᠬᠠᠩᠭᠠᠬᠤ ᠠᠬᠢᠴᠠ ᠤᠷᠤᠭᠰᠢᠲᠠᠶ ᠪᠠᠶᠢᠨ᠎ᠠ ᠭᠡᠵᠡᠶ᠃ | ᠬᠠᠪᠤᠷ ᠤᠨ ᠤᠰᠤᠯᠠᠯᠲᠠ ᠨᠢ ᠬᠠᠪᠤᠷ ᠤᠨ ᠲᠠᠷᠢᠶᠠᠯᠠᠭ᠎ᠠ ᠵᠢᠴᠢ ᠪᠤᠭᠤᠳᠠᠢ ᠵᠡᠷᠭᠡ ᠡᠪᠦᠯᠵᠢᠬᠦ ᠲᠠᠷᠢᠮᠠᠯ ᠢ | ᠪᠦᠬᠦᠨ ᠢ ᠤᠰᠤᠯᠠᠬᠤ ᠶᠢ ᠪᠠᠲᠤᠯᠠᠬᠤ ᠶᠢᠨ ᠲᠥᠯᠥᠭᠡ᠂ ᠪᠦᠬᠦ ᠵᠢᠯ ᠤᠨ ᠠᠮᠤ ᠪᠤᠳᠠᠭ᠎ᠠ ᠪᠣᠯᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢᠨ | ᠵᠠᠩᠭᠢᠯᠠᠭ᠎ᠠ ᠪᠣᠯᠤᠨ᠎ᠠ᠃ ᠡᠨᠠ ᠵᠢᠯ ᠠᠴᠠ ᠨᠠᠭᠠᠰᠢ᠂ ᠶᠦᠠᠨᠠᠨ᠂ ᠰᠧᠴᠤᠸᠠᠨ ᠵᠠᠷᠭᠡ ᠬᠡᠰᠡᠭ ᠭᠠᠵᠠᠷ ᠲᠤ | ᠣᠢᠷᠭᠦᠯᠵᠢᠯᠠᠨ ᠭᠠᠩ ᠤᠨ ᠪᠠᠶᠢᠲᠠᠯ ᠭᠠᠷᠣᠬᠰᠠᠨ ᠠᠴᠠ ᠪᠤᠯᠵᠤ᠂ ᠣᠰᠣᠠ ᠠᠰᠢᠬᠯᠠᠯᠲᠠ ᠶᠢᠨ ᠰᠠᠯᠠᠭ᠎ᠠ ᠮᠦᠴᠢᠷ ᠨᠢ | ᠶᠦᠠᠨᠠᠨ ᠰᠧᠴᠤᠸᠠᠨ ᠵᠠᠷᠭᠡ ᠭᠠᠵᠠᠷ ᠣᠷᠣᠠ ᠤ ᠭᠠᠩ ᠤᠨ ᠪᠠᠶᠢᠲᠠᠯ ᠢ ᠢᠲᠠᠪᠭᠢᠲᠠᠢ ᠪᠠᠷ ᠠᠷᠭᠠᠴᠠᠵᠤ᠂ ᠬᠤᠯᠪᠤᠬᠲᠠᠯ | ᠪᠦᠭᠦᠢ ᠰᠠᠯᠠᠭ᠎ᠠ ᠮᠦᠴᠢᠷ ᠲᠠᠢ ᠬᠠᠮᠵᠢᠯᠴᠠᠨ ᠣᠰᠣᠯᠠᠯᠲᠠ ᠶᠢᠨ ᠣᠷᠣᠠ ᠤ ᠣᠰᠤ ᠬᠡᠷᠡᠭᠯᠡᠬᠦ ᠬᠠᠩᠭᠠᠯᠭ᠎ᠠ | ᠬᠡᠷᠡᠭᠴᠡᠭᠡ ᠶᠢᠨ ᠪᠠᠶᠢᠲᠠᠯ ᠢ ᠵᠠᠲᠠᠯᠵᠤ ᠰᠣᠲᠣᠯᠵᠤ᠂ ᠬᠠᠮᠲᠣᠷᠠᠨ ᠳᠣᠭᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠶᠦᠨᠨᠠᠨ ᠰᠧᠴᠤᠸᠠᠨ ᠬᠤᠶᠠᠷ ᠮᠣᠵᠢ ᠶᠢᠨ ᠲᠣᠮᠣ ᠳᠤᠮᠳᠠ | ᠬᠡᠯᠪᠡᠷᠢ ᠶᠢᠨ ᠤᠰᠤᠯᠠᠯᠲᠠ ᠶᠢᠨ ᠣᠷᠣᠨ ᠤ ᠬᠠᠪᠤᠷ ᠤᠨ ᠤᠰᠤᠯᠠᠯᠲᠠ ᠶᠢᠨ ᠤᠰᠤ ᠬᠡᠷᠡᠭᠯᠡᠬᠦ ᠶᠡᠷᠦᠩᠬᠡᠢ ᠪᠠᠶᠢᠳᠠᠯ ᠨᠢ | ᠪᠠᠲᠤᠯᠠᠭ᠎ᠠ ᠲᠠᠢ ᠪᠠᠶᠢᠵᠤ᠂ ᠣᠳᠣᠬᠠᠨ ᠳᠤ ᠬᠤᠶᠠᠷ ᠮᠣᠵᠢ ᠶᠢᠨ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ | ᠣᠷᠣᠨ ᠤ ᠤᠰᠤᠨ ᠤ ᠬᠡᠮᠵᠢᠶ᠎ᠡ ᠨᠢ ᠪᠠᠷᠤᠭ 7.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ | ᠤᠰᠤᠯᠠᠯᠲᠠ ᠶᠢᠨ ᠲᠠᠯᠠᠪᠠᠢ ᠨᠢ 730 ᠭᠠᠷᠤᠢ ᠲᠦᠮᠡᠨ ᠮᠦ ᠪᠠᠶᠢᠨ᠎ᠠ᠃ | ︽ᠡᠨᠡ ᠵᠢᠯ ᠤᠨ ᠬᠠᠪᠤᠷ ᠤᠨ ᠤᠰᠤᠯᠠᠯᠲᠠ ᠶᠢ ᠪᠠᠲᠤᠯᠠᠬᠤ ᠨᠢᠭᠡᠨ ᠰᠢᠨ᠎ᠡ ᠠᠷᠭ᠎ᠠ ᠬᠡᠮᠵᠢᠶ᠎ᠡ ᠪᠣᠯ ᠤᠰᠤᠨ ᠤ | ᠨᠥᠬᠦᠴᠡᠯ ᠢ ᠦᠨᠳᠦᠰᠦᠯᠡᠨ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠤᠰᠤ ᠪᠠᠷ ᠳᠠᠷᠢᠬᠤ ᠳᠤ | ᠲᠣᠬᠢᠷᠠᠮᠵᠢᠲᠠᠶ ᠪᠠᠶᠢᠬᠤ ᠶᠢ ᠠᠬᠢᠭᠤᠯᠬᠤ ᠶᠠᠪᠤᠳᠠᠯ ᠪᠣᠯᠤᠨ᠎ᠠ᠃ ᠵᠠᠩ ᠰᠢᠶᠠᠩ ᠬᠡᠯᠡᠭᠰᠡᠨ ᠨᠢ᠂ ᠤᠰᠤᠨ | ᠠᠰᠢᠭᠯᠠᠯᠲᠠ ᠶᠢᠨ ᠶᠠᠮᠤᠨ ᠣᠷᠣᠨ ᠨᠤᠲᠤᠭ ᠢ ᠵᠢᠯᠣᠭᠤᠳᠤᠨ ᠬᠠᠪᠤᠷ ᠤᠨ ᠤᠰᠤᠯᠠᠯᠲᠠ ᠠᠴᠠ ᠡᠮᠦᠨ᠎ᠡ᠂ ᠤᠰᠤᠨ | ᠰᠤᠷᠪᠤᠯᠵᠢ ᠶᠢᠨ ᠨᠥᠬᠦᠴᠡᠯ ᠢ ᠦᠨᠳᠦᠰᠦᠯᠡᠨ᠂ ᠤᠰᠤᠯᠠᠯᠲᠠ ᠶᠢᠨ ᠣᠷᠣᠨ ᠤ ᠳᠣᠲᠣᠭᠠᠳᠤ ᠶᠢᠨ ᠲᠠᠷᠢᠮᠠᠯ ᠤᠨ | ᠪᠦᠲᠦᠴᠡ ᠶᠢ ᠬᠥᠳᠡᠯᠦᠩᠭᠦᠶ ᠪᠠᠷ ᠲᠣᠬᠢᠷᠠᠭᠤᠯᠵᠤ᠂ ᠥᠩᠭᠡᠷᠡᠭᠰᠡᠨ ᠤ ︽ᠴᠡᠴᠡᠭᠲᠦ ᠲᠠᠷᠢᠶ᠎ᠠ︾ ᠶᠢᠨ ᠲᠠᠷᠢᠮᠠᠯ ᠤᠨ | ᠠᠷᠭ᠎ᠠ ᠮᠠᠶ᠋ᠢᠭ ᠢ ᠬᠤᠪᠢᠷᠠᠭᠤᠯᠵᠤ᠂ ᠤᠰᠤᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ | ᠤᠯᠠᠭᠠᠨᠪᠤᠬ᠎ᠠ ᠶᠢᠨ ᠤᠰᠤᠯᠠᠯᠲᠠ ᠶᠢᠨ ᠣᠷᠣᠨ ᠳᠤ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠣᠯᠠᠨ | ᠲᠦᠮᠡᠨ ᠢ ᠵᠢᠯᠣᠭᠤᠳᠤᠨ ᠤᠰᠤᠯᠠᠯᠲᠠ ᠶᠢᠨ ᠣᠷᠣᠨ ᠤ ᠲᠠᠷᠢᠮᠠᠯ ᠤᠨ ᠲᠠᠯᠠᠪᠠᠶ᠂ ᠪᠦᠲᠦᠴᠡ ᠪᠠ ᠣᠷᠣᠨ ᠪᠦᠰᠡ ᠶᠢ | ᠰᠢᠯᠢᠳᠡᠭᠵᠢᠭᠦᠯᠵᠦ᠂ 60.42 ᠲᠦᠮᠡᠨ ᠮᠥ ᠪᠤᠭᠤᠳᠠᠶ᠂ 310 ᠲᠦᠮᠡᠨ ᠮᠥ ᠡᠷᠳᠡᠨᠢ ᠰᠢᠰᠢ ᠶᠢ ᠲᠥᠪᠯᠡᠷᠡᠭᠦᠯᠦᠨ | ᠳᠠᠷᠢᠬᠤ ᠶᠢ ᠠᠬᠢᠭᠤᠯᠵᠤ᠂ ᠤᠰᠤᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠦᠷ᠎ᠡ ᠠᠰᠢᠭ ᠢ ᠪᠠᠳᠠᠷᠠᠭᠤᠯᠪᠠ᠃ | ᠵᠠᠩ ᠰᠢᠶᠠᠩ ᠢᠯᠡᠷᠬᠡᠶᠢᠯᠡᠭᠰᠡᠨ ᠨᠢ᠂ ᠤᠳᠤᠬᠠᠨ ᠳᠤ ᠪᠦᠬᠦ ᠤᠯᠤᠰ ᠤᠨ ᠳᠤᠮᠤ ᠳᠤᠮᠳᠠ ᠬᠡᠯᠪᠡᠷᠢ ᠶᠢᠨ | ᠤᠰᠤᠯᠠᠯᠳᠠ ᠶᠢᠨ ᠤᠷᠤᠨ ᠤ ᠬᠠᠪᠤᠷ ᠤᠨ ᠤᠰᠤᠯᠠᠯᠳᠠ ᠶᠢᠨ ᠠᠵᠢᠯ ᠨᠢᠬᠡᠨᠳᠡ ᠪᠠᠷᠤᠭ ᠬᠤᠶᠠᠷ ᠬᠤᠪᠢ ᠳᠠᠭᠤᠰᠴᠠᠢ᠃ | ᠤᠰᠤᠨ ᠠᠰᠢᠭᠯᠠᠯᠲᠠ ᠶᠢᠨ ᠶᠠᠮᠤᠨ ᠦᠷᠭᠦᠯᠵᠢᠯᠡᠨ ᠬᠠᠪᠤᠷ ᠤᠨ ᠲᠠᠷᠢᠶᠠᠯᠠᠭ᠎ᠠ ᠶᠢᠨ ᠡᠯ᠎ᠡ ᠵᠠᠩᠭᠢᠯᠠᠭ᠎ᠠ ᠶᠢᠨ | ᠲᠣᠭᠤᠷᠢᠨ ᠳᠤ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠠ ᠪᠠᠨ ᠴᠢᠩᠭᠠᠳᠬᠠᠵᠤ᠂ ᠬᠠᠪᠤᠷ ᠤᠨ | ᠤᠰᠤᠯᠠᠯᠲᠠ ᠶᠢᠨ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ ᠪᠠᠲᠤᠯᠠᠨ᠎ᠠ᠃ | |