ᠡᠯ᠎ᠡ ᠰᠢᠯᠭᠠᠭᠤᠯᠤᠭᠴᠢ᠄ | 2024 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠠᠯᠪᠠᠲᠠᠨ ᠢ ᠢᠯᠡ ᠪᠠᠷ ᠰᠢᠯᠢᠨ ᠰᠣᠩᠭᠤᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ | ᠡᠳᠦᠭᠡ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠠᠮᠢᠶ᠎ᠠ ᠪᠥᠬᠦᠶ ᠠᠵᠢᠯ ᠤᠨ | ᠪᠠᠶᠢᠷᠢ ᠶᠢᠨ ᠬᠢᠷᠢ ᠬᠡᠮ ᠢ ᠳᠠᠬᠢᠨ ᠬᠢᠨᠠᠬᠤ ᠵᠢᠴᠢ ᠨᠢᠭᠤᠷᠲᠠᠨ ᠰᠢᠯᠭᠠᠬᠤ ᠬᠤᠯᠪᠣᠭᠳᠠᠯ ᠪᠥᠬᠦᠶ ᠵᠦᠢᠯᠡᠰ ᠢ | ᠮᠡᠳᠡᠭᠦᠯᠦᠨ ᠰᠢᠯᠭᠠᠭᠤᠯᠬᠤ ᠪᠠᠷ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠬᠢᠷᠢ ᠬᠡᠮ ᠢ ᠳᠠᠬᠢᠨ ᠬᠢᠨᠠᠬᠤ | ︵ᠨᠢᠭᠡ︶ ᠬᠤᠭᠤᠴᠠᠭ᠎ᠠ | 2024 ᠣᠨ ᠤ 4 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ 9᠄ 00 —12᠄ 00 | ︵ᠬᠤᠶᠠᠷ︶ ᠭᠠᠵᠠᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ | ᠶᠡᠷᠦᠩᠬᠡᠶᠢᠯᠡᠭᠰᠡᠨ ᠠᠰᠠᠷ ︵ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠥᠯᠥᠨ ᠡᠮᠦᠨ᠎ᠡ ᠵᠠᠮ ᠤᠨ 119 ᠳ᠋ᠦ᠋ᠭᠡᠷ | ᠲᠣᠭᠠᠲᠤ︶ 2318 ᠬᠤᠷᠠᠯ ᠤᠨ ᠬᠡᠷ᠂ ᠬᠢᠷᠢ ᠬᠡᠮ ᠢ ᠳᠠᠬᠢᠨ ᠬᠢᠨᠠᠬᠤ ᠦᠶ᠎ᠡ ᠳᠤ᠂ ᠣᠬᠤᠷ ᠴᠢᠮᠡᠭᠡ ᠶᠢᠨ | ᠮᠡᠳᠡᠭᠳᠡᠯ ᠢᠶᠠᠷ ᠨᠢᠭᠡᠳᠦᠭᠡᠷ ᠳᠠᠪᠬᠤᠷᠭ᠎ᠠ ᠶᠢᠨ ᠶᠡᠭᠡ ᠲᠢᠩᠬᠢᠮ ᠳᠤ ᠱᠠᠭᠠᠷᠳᠠᠯᠭ᠎ᠠ ᠶᠣᠰᠣᠭᠠᠷ ᠳᠠᠩᠰᠠᠯᠠᠭᠤᠯᠤᠭᠠᠷᠠᠢ᠃ | ︵ᠭᠤᠷᠪᠠ︶ ᠬᠢᠨᠠᠨ ᠬᠠᠷᠭᠤᠭᠤᠯᠬᠤ ᠦᠶ᠎ᠡ ᠶᠢᠨ ᠬᠡᠷᠡᠭᠰᠡᠬᠦ ᠮᠠᠲ᠋ᠧᠷᠢᠶᠠᠯ | 1. ᠲᠤᠰ ᠬᠥᠮᠥᠨ ᠤ ᠪᠡᠶ᠎ᠡ ᠶᠢᠨ ᠦᠨᠡᠮᠯᠡᠯ᠂ ︽ᠰᠢᠯᠢᠨ ᠰᠣᠩᠭᠤᠵᠤ ᠨᠡᠷ᠎ᠡ ᠮᠡᠳᠡᠭᠦᠯᠬᠦ ᠬᠦᠰᠦᠨᠦᠭᠲᠦ︾ ᠶᠢᠨ | ᠤᠭ ᠮᠠᠲ᠋ᠧᠷᠢᠶᠠᠯ︔ | 2. ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠪᠠᠭᠤᠯᠭᠠᠪᠤᠷᠢ᠂ | ᠰᠤᠷᠭᠠᠨ ᠬᠥᠮᠥᠵᠢᠯ ᠤᠨ ᠶᠠᠮᠤᠨ ᠤ ᠡᠯᠧᠺᠲᠷᠣᠨ ᠰᠤᠷᠤᠯᠭ᠎ᠠ ᠶᠢᠨ ᠨᠠᠮᠲᠠᠷ ᠢ ᠳᠠᠩᠰᠠᠯᠠᠭᠤᠯᠬᠤ ᠬᠦᠰᠦᠨᠦᠭᠲᠦ ︵ | ᠡᠯᠧᠺᠲᠷᠣᠨ ᠰᠤᠷᠤᠯᠭ᠎ᠠ ᠶᠢᠨ ᠨᠠᠮᠲᠠᠷ ᠤᠨ ᠭᠡᠷᠡᠴᠢᠯᠡᠭᠡ ᠶᠢᠨ ᠮᠡᠳᠡᠭᠦᠯᠦᠯᠲᠡ︶︔ | 3. ︽ᠠᠯᠪᠠᠲᠠᠨ ᠤ ᠪᠦᠷᠢᠳᠬᠡᠯ ᠤᠨ ᠬᠦᠰᠦᠨᠦᠭᠲᠦ︾᠂ ︽ᠠᠯᠪᠠᠲᠠᠨ ᠤ ᠬᠠᠤᠯᠢ ᠶᠢᠨ ᠬᠠᠮᠢᠶᠠᠷᠤᠯᠲᠠ ᠶᠢᠨ | ᠪᠠᠶᠢᠭᠤᠯᠭ᠎ᠠ ︵ᠨᠢᠭᠡᠴᠢ︶ ᠶᠢᠨ ᠠᠵᠢᠯᠲᠠᠨ ᠤ ᠪᠦᠷᠢᠳᠬᠡᠯ ᠤᠨ ᠬᠦᠰᠦᠨᠦᠭᠲᠦ︾᠂ ᠲᠤᠰᠢᠶᠠᠯ ᠡᠭᠦᠷᠭᠡᠯᠡᠭᠰᠡᠨ ᠪᠢᠴᠢᠭ | ᠮᠠᠲ᠋ᠧᠷᠢᠶᠠᠯ ᠵᠢᠴᠢ ︽ᠠᠯᠪᠠᠲᠠᠨ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠬᠦᠰᠦᠨᠦᠭᠲᠦ︾ ︵ᠥᠪᠡᠷᠲᠡᠭᠡᠨ | ᠵᠠᠰᠠᠬᠤ ᠣᠷᠣᠨ ᠤ ᠳᠠᠷᠤᠮᠠᠯᠯᠠᠨ ᠲᠠᠷᠬᠠᠭᠠᠭᠰᠠᠨ ᠠᠯᠪᠠᠲᠠᠨ ᠡᠯᠰᠡᠬᠦ ᠪᠢᠴᠢᠭ ᠮᠠᠲ᠋ᠧᠷᠢᠶᠠᠯ︶ ᠵᠡᠷᠭᠡ ᠠᠯᠪᠠᠲᠠᠨ ᠤ | ᠡᠩᠨᠡᠭᠡᠨ ᠳᠤ ᠣᠷᠣᠬᠤ ᠬᠤᠯᠪᠣᠭᠳᠠᠯ ᠪᠥᠬᠦᠶ ᠮᠠᠲ᠋ᠧᠷᠢᠶᠠᠯ᠂ ᠪᠠᠶᠢᠭ᠎ᠠ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ | ᠲᠤᠭ᠎ᠠ ᠶᠢᠨ ᠬᠠᠮᠢᠶᠠᠷᠤᠯᠲᠠ ᠶᠢᠨ ᠦᠨᠡᠮᠯᠡᠯ ᠵᠡᠷᠭᠡ ᠶᠢᠨ ᠪᠠᠭᠤᠯᠭᠠᠪᠤᠷᠢ ︵ᠪᠠᠭᠤᠯᠭᠠᠪᠤᠷᠢ ᠨᠢ ᠵᠣᠬᠢᠶᠠᠨ | ᠪᠠᠶᠢᠭᠤᠯᠤᠯᠲᠠ ᠶᠢᠨ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠲᠠᠮᠠᠭ᠎ᠠ ᠳᠠᠷᠤᠬᠤ ᠭᠡᠷᠡᠴᠢ ᠲᠠᠢ ᠪᠠᠶᠢᠬᠤ | ᠬᠡᠷᠡᠭᠲᠡᠶ︶︔ | 4. ᠣᠶᠢᠷ᠎ᠠ ᠶᠢᠨ ᠬᠤᠭᠤᠴᠠᠭᠠᠨ ᠳᠤ ᠬᠥᠬᠡ ᠢᠷᠤᠭᠠᠷ ᠲᠠᠢ ᠮᠠᠯᠠᠭᠠᠢ ᠦᠭᠡᠢ 2 ᠢᠮᠠᠬᠤ ᠰᠡᠭᠦᠳᠡᠷ 3 ᠨᠢᠭᠤᠷ ︔ | | 5. ᠠᠶᠢᠮᠠᠭ ᠬᠤᠲᠠ ᠶᠢᠨ ᠨᠠᠮ ᠵᠠᠰᠠᠭ ᠣᠯᠠᠨ ᠲᠦᠮᠡᠨ ᠤ ᠪᠠᠶᠢᠭᠤᠯᠭ᠎ᠠ ᠶᠢᠨ ᠠᠯᠪᠠᠲᠠᠨ ︵ᠠᠵᠢᠯᠲᠠᠨ︶ | ᠬᠤᠶᠠᠷ ᠵᠢᠯ ᠠᠴᠠ ᠳᠡᠭᠡᠭᠰᠢ ᠦᠨᠳᠦᠰᠦᠨ ᠱᠠᠲᠤᠨ ᠳᠤ ᠠᠵᠢᠯᠯᠠᠭᠰᠠᠨ ᠥᠩᠭᠡᠷᠡᠯᠲᠡ ᠶᠢᠨ ᠭᠡᠷᠡᠴᠢ ᠮᠠᠲ᠋ᠧᠷᠢᠶᠠᠯ ᠢ | ᠬᠠᠩᠭᠠᠬᠤ ᠬᠡᠷᠡᠭᠲᠡᠶ᠃ ︵ᠦᠨᠳᠦᠰᠦᠨ ᠱᠠᠲᠤᠨ ᠤ ᠨᠢᠭᠡᠴᠢ ᠶᠢᠨ ᠲᠠᠮᠠᠭ᠎ᠠ ᠳᠠᠷᠤᠭᠰᠠᠨ ᠭᠡᠷ᠎ᠡ᠂ ᠡᠯᠰᠡᠨ ᠬᠡᠷᠡᠭᠯᠡᠭᠰᠡᠨ | ᠬᠦᠰᠦᠨᠦᠭᠲᠦ᠂ ᠺᠠᠳᠡᠷ ᠢ ᠲᠣᠮᠢᠯᠠᠬᠤ ᠪᠠ ᠪᠠᠭᠤᠯᠭᠠᠬᠤ ᠶᠢᠨ ᠬᠢᠨᠠᠨ ᠵᠥᠪᠰᠢᠶᠡᠷᠡᠬᠦ ᠬᠦᠰᠦᠨᠦᠭᠲᠦ᠂ ᠠᠵᠢᠯ ᠤᠨ ᠭᠡᠷᠡᠴᠢ | ᠵᠡᠷᠭᠡ ᠶᠢ ᠲᠣᠭᠲᠠᠭᠠᠬᠤ ᠳᠤ᠂ ᠳᠡᠭᠡᠷᠡᠬᠢ ᠮᠠᠲ᠋ᠧᠷᠢᠶᠠᠯ ᠢ ᠡᠷᠬᠡᠪᠰᠢ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ ᠤᠨ | ᠰᠠᠯᠠᠭ᠎ᠠ ᠮᠥᠴᠢᠷ ᠭᠠᠷ ᠤᠨ ᠦᠰᠦᠭ ᠵᠢᠷᠤᠭᠤᠯᠵᠤ᠂ ᠬᠠᠷᠢᠯᠴᠠᠬᠤ ᠤᠳᠠᠰᠦ ᠵᠢᠴᠢ ᠬᠠᠮᠢᠶ᠎ᠠ ᠪᠦᠬᠦᠢ ᠨᠢᠭᠡᠴᠢ ᠶᠢᠨ | ᠲᠠᠮᠠᠭ᠎ᠠ ᠳᠠᠷᠤᠭᠤᠯᠵᠤ ᠨᠤᠲᠠᠯᠠᠭᠤᠯᠤᠨ᠎ᠠ︶ | ※ ᠳᠡᠭᠡᠷᠡᠬᠢ ᠮᠠᠲ᠋ᠧᠷᠢᠶᠠᠯ ᠢ A᠂ B ᠬᠤᠶᠠᠷ ᠢᠵᠢ ᠮᠠᠲ᠋ᠧᠷᠢᠶᠠᠯ ᠤᠨ ᠠᠶᠢᠮᠠᠭ ᠢᠶᠠᠷ ᠠᠩᠭᠢᠯᠠᠪᠠᠯ᠄ A | ᠲᠥᠷᠥᠯ ᠨᠢ ᠤᠭ ᠪᠢᠴᠢᠭ ᠮᠠᠲ᠋ᠧᠷᠢᠶᠠᠯ᠂ B ᠲᠥᠷᠥᠯ ᠨᠢ ᠪᠠᠭᠤᠯᠭᠠᠪᠤᠷᠢ ᠪᠢᠴᠢᠭ ᠮᠠᠲ᠋ᠧᠷᠢᠶᠠᠯ ᠪᠠᠶᠢᠵᠤ᠂ ᠳᠡᠭᠡᠷ᠎ᠡ | ᠳᠤᠷᠠᠳᠤᠭᠰᠠᠨ ᠮᠠᠲ᠋ᠧᠷᠢᠶᠠᠯ ᠤᠨ ᠳ᠋ᠤᠭᠠᠷ ᠤᠨ ᠳᠠᠷᠠᠭᠠᠯᠠᠯ ᠢᠶᠠᠷ ᠰᠠᠶᠢᠲᠤᠷ ᠵᠢᠭᠰᠠᠭᠠᠨ᠎ᠠ᠃ | ︵ᠲᠦᠷᠪᠡ︶ ᠠᠰᠠᠭᠤᠨ ᠯᠠᠪᠯᠠᠬᠤ ᠤᠲᠠᠰᠤ | 0471—52594 39᠂ 0471– 5259607 | ᠬᠤᠶᠠᠷ᠂ ᠨᠢᠭᠤᠷᠳᠠᠨ ᠰᠢᠯᠭᠠᠯᠲᠠ | ᠨᠢᠭᠤᠷᠳᠠᠨ ᠰᠢᠯᠭᠠᠯᠲᠠ ᠨᠢ ᠪᠦᠲᠦᠴᠡ ᠶᠢᠨ ᠨᠢᠭᠤᠷᠳᠠᠨ ᠰᠢᠯᠭᠠᠬᠤ ᠬᠡᠯᠪᠡᠷᠢ ᠶᠢ ᠠᠪᠤᠨ᠎ᠠ᠃ | ︵ᠨᠢᠭᠡ︶ ᠨᠢᠭᠤᠷᠳᠠᠨ ᠰᠢᠯᠭᠠᠬᠤ ᠴᠠᠭ ᠵᠢᠴᠢ ᠭᠠᠵᠠᠷ | 2024 ᠣᠨ ᠤ 4 ᠳ᠋ᠦ᠋ᠭᠡᠷ ᠰᠠᠷ᠎ᠠ ᠶᠢᠨ 26 ᠤ ᠡᠳᠦᠷ᠂ ᠪᠣᠳᠠᠲᠠᠶ ᠴᠠᠭ ᠵᠢᠴᠢ ᠭᠠᠵᠠᠷ ᠣᠷᠣᠨ ᠤ ᠬᠢᠨ ︽ | ᠨᠢᠭᠤᠷᠲᠠᠨ ᠰᠢᠯᠭᠠᠬᠤ ᠶᠢᠨ ᠵᠥᠪᠰᠢᠶᠡᠷᠡᠯ ᠤᠨ ᠦᠨᠡᠮᠯᠡᠯ︾ ︵ᠬᠢᠷᠢ ᠬᠡᠮ ᠢ ᠳᠠᠬᠢᠨ ᠬᠢᠨᠠᠬᠤ ᠦᠶ᠎ᠡ ᠳᠤ ᠣᠯᠭᠤᠬᠤ︶ | ᠢᠶᠠᠷ ᠪᠠᠷᠢᠮᠵᠢᠶ᠎ᠠ ᠪᠣᠯᠭᠠᠨ᠎ᠠ᠃ | ︵ᠬᠤᠶᠠᠷ︶ ᠪᠤᠰᠤᠳ ᠵᠦᠢᠯ | 1. ᠨᠢᠭᠤᠷᠳᠠᠬᠤ ᠰᠢᠯᠭᠠᠯᠲᠠ ᠶᠢᠨ ᠪᠣᠳᠠᠲᠠᠶ ᠱᠠᠭᠠᠷᠳᠠᠯᠭ᠎ᠠ ︽ᠨᠢᠭᠤᠷᠳᠠᠬᠤ ᠰᠢᠯᠭᠠᠯᠲᠠ ᠶᠢᠨ | ᠵᠥᠪᠰᠢᠶᠡᠷᠡᠯ ᠤᠨ ᠦᠨᠡᠮᠯᠡᠯ︾ ᠣᠯᠪᠠ᠃ | 2. ᠨᠢᠭᠤᠷᠲᠠᠨ ᠰᠢᠯᠭᠠᠬᠤ ᠭᠤᠭᠴᠤᠭ᠎ᠠ ᠳᠤ᠂ ᠪᠣᠳᠠᠲᠠᠶ ᠲᠤᠬᠠᠶ ᠶᠢᠨ ᠲᠠᠯᠠᠪᠤᠷ ᠲᠤ ᠬᠦᠷᠴᠦ ᠰᠢᠯᠭᠠᠯᠲᠠ ᠳᠤ | ᠣᠷᠣᠯᠴᠠᠬᠤ ᠬᠥᠮᠦᠨ ᠤ ᠲᠤᠭ᠎ᠠ ᠨᠢ ᠲᠣᠰ ᠲᠤᠰᠢᠶᠠᠯ ᠤᠨ ᠪᠠᠶᠢᠷᠢ ᠶᠢᠨ ᠡᠯᠰᠡᠨ ᠬᠡᠷᠡᠭᠯᠡᠬᠦ ᠬᠥᠮᠦᠨ ᠤ ᠲᠤᠭ᠎ᠠ ᠲᠠᠢ | ᠲᠡᠩᠴᠡᠭᠦᠦ ᠪᠤᠶᠤ ᠴᠥᠭᠡᠨ ᠪᠠᠶᠢᠪᠠᠯ᠂ ᠲᠣᠰ ᠠᠵᠢᠯ ᠤᠨ ᠪᠠᠶᠢᠷᠢ ᠶᠢᠨ ᠰᠢᠯᠭᠠᠯᠲᠠ ᠳᠤ ᠣᠷᠣᠯᠴᠠᠬᠤ ᠬᠥᠮᠦᠰ ᠤᠨ | ᠬᠢᠷᠢ ᠪᠦᠲᠦᠮᠵᠢ ᠶᠢ ᠡᠷᠬᠡᠪᠰᠢ ᠲᠡᠭᠦᠨ ᠤ ᠪᠠᠶᠢᠭ᠎ᠠ ᠰᠢᠯᠭᠠᠯᠲᠠ ᠶᠢᠨ ᠲᠠᠯᠠᠪᠠᠶ ︵ᠠᠳᠠᠯᠢ ᠰᠢᠯᠭᠠᠭᠴᠢ ᠶᠢᠨ | ᠳᠤᠭᠤᠶᠢᠯᠠᠩ︶ ᠶᠢᠨ ᠪᠣᠳᠠᠲᠠᠶ ᠰᠢᠯᠭᠠᠯᠲᠠ ᠳᠤ ᠣᠷᠣᠯᠴᠠᠬᠤ ᠬᠥᠮᠦᠰ ᠤᠨ ᠳᠤᠮᠳᠠᠴᠢ ᠬᠢᠷᠢ ᠪᠦᠲᠦᠮᠵᠢ ᠶᠢ ᠰᠠᠶ᠋ᠢ | ᠰᠢᠯᠭᠠᠨ ᠪᠠᠶᠢᠴᠠᠭᠠᠬᠤ ᠭᠤᠭᠴᠤᠭ᠎ᠠ ᠳᠤ ᠣᠷᠣᠭᠤᠯᠵᠤ ᠪᠣᠯᠤᠨ᠎ᠠ᠃ | 3. ᠨᠢᠭᠤᠷᠳᠠᠨ ᠰᠢᠯᠭᠠᠬᠤ ᠦᠶ᠎ᠡ ᠳᠤ ᠠᠵᠢᠯ ᠲᠥᠷᠥᠯ ᠪᠤᠶᠤ ᠣᠨᠴᠠᠭᠠᠢ ᠠᠵᠢᠯ ᠮᠡᠷᠭᠡᠵᠢᠯ ᠤᠨ ᠳᠦᠷᠢᠮᠲᠦ | ᠬᠤᠪᠴᠠᠰᠤ ᠡᠮᠦᠰᠴᠦ ᠪᠣᠯᠬᠤ ᠦᠭᠡᠢ᠂ ᠢᠯᠡ ᠲᠣᠳᠣ ᠣᠨᠴᠠᠭᠠᠢ ᠲᠡᠮᠳᠡᠭ ᠵᠡᠭᠦᠵᠦ ᠪᠣᠯᠬᠤ ᠦᠭᠡᠢ᠃ | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ | 2024 ᠣᠨ ᠤ 4 ᠳ᠋ᠦ᠋ᠭᠡᠷ ᠰᠠᠷ᠎ᠠ ᠶᠢᠨ 17 ᠤ ᠡᠳᠦᠷ | |