ᠰᠢᠨᠬᠤᠸᠠ ᠰᠦᠯᠵᠢᠶ᠎ᠡ᠄ ᠤᠰᠤᠨ ᠠᠰᠢᠭᠯᠠᠯᠲᠠ ᠶᠢᠨ ᠶᠠᠮᠤᠨ ᠠᠴᠠ 2024 ᠣᠨ ᠤ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/18
  ᠣᠶᠢᠷ᠎ᠠ ᠳᠤ᠂ ᠤᠰᠤᠨ ᠠᠰᠢᠭᠯᠠᠯᠲᠠ ᠶᠢᠨ ᠶᠠᠮᠤᠨ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠸᠢᠳᠢᠤ᠋ ᠬᠤᠷᠠᠯ ᠬᠤᠷᠠᠯᠳᠤᠭᠤᠯᠵᠤ᠂ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠷᠦᠩᠬᠡᠢ ᠵᠢᠯᠤᠭᠤᠳᠤᠬᠴᠢ᠂ ᠤᠰᠤᠨ ᠠᠰᠢᠬᠯᠠᠯᠲᠠ ᠶᠢᠨ ᠶᠠᠮᠤᠨ ᠤ ᠰᠠᠶᠢᠳ ᠯᠢ ᠭᠦᠸᠧ ᠶᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠳᠡᠳ᠋ ᠰᠠᠶᠢᠳ᠂ ᠤᠰᠤᠨ ᠠᠰᠢᠬᠯᠠᠯᠲᠠ ᠶᠢᠨ ᠶᠠᠮᠤᠨ ᠤ ᠳᠡᠳ᠋ ᠰᠠᠶᠢᠳ ᠸᠠᠩ ᠳ᠋ᠤᠤ ᠰᠢ ᠬᠤᠷᠠᠯ ᠳᠤ ᠣᠷᠣᠯᠴᠠᠵᠤ᠂ ᠤᠰᠤᠨ ᠠᠰᠢᠬᠯᠠᠯᠲᠠ ᠶᠢᠨ ᠶᠠᠮᠤᠨ ᠤ ᠳᠡᠳ᠋ ᠰᠠᠶᠢᠳ ᠯᠢᠦ ᠸᠧᠢ ᠫᠢᠩ ᠬᠤᠷᠠᠯ ᠢ ᠡᠷᠬᠢᠯᠡᠪᠡ᠃  ᠬᠤᠷᠠᠯ ᠠᠴᠠ ᠴᠢᠬᠤᠯᠠᠴᠢᠯᠠᠭᠰᠠᠨ ᠨᠢ᠂ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠨᠢ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠂ ᠬᠠᠷᠢᠭᠤᠴᠠᠯᠭ᠎ᠠ ᠲᠦᠢᠯ ᠤᠨ ᠬᠦᠨᠳᠦ ᠶᠡᠭᠡ ᠪᠣᠯᠬᠤᠷ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠣᠮᠬᠠᠨ ᠵᠠᠭᠤᠷ᠎ᠠ ᠴᠤ ᠰᠤᠯᠠᠷᠠᠭᠤᠯᠵᠤ ᠪᠣᠯᠬᠤ ᠦᠭᠡᠢ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠤᠰᠤᠨ ᠴᠥᠭᠦᠷᠥᠮ ᠤᠨ ᠠᠮᠤᠷ ᠲᠦᠪᠰᠢᠨ ᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ᠂ ᠲᠦᠢᠯᠰᠢᠷᠠᠯ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ        ᠲᠥᠯᠥᠪᠵᠢᠭᠦᠯᠵᠦ᠂ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠶᠢ ︽ᠶᠠᠪᠤᠳᠠᠯ ᠪᠦᠬᠦᠨ ᠳᠤ ᠳᠤᠳᠤᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠰᠤᠨ ᠴᠥᠭᠦᠷᠥᠮ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃  ᠬᠤᠷᠠᠯ ᠠᠴᠠ ᠱᠠᠭᠠᠷᠳᠠᠭᠰᠠᠨ ᠨᠢ᠂ ᠤᠰᠤᠨ ᠴᠥᠭᠦᠷᠥᠮ ᠳᠤ ᠪᠦᠬᠦᠨ ᠢ ᠬᠠᠮᠤᠷᠤᠭᠰᠠᠨ᠂ ᠪᠦᠬᠦ ᠡᠯᠧᠮᠧᠨ᠋ᠲ᠂ ᠪᠦᠬᠦᠯᠢ ᠡᠳᠦᠷ ᠤᠨ᠂ ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠪᠠᠶᠢᠭᠤᠯᠤᠯ᠂ ᠲᠣᠭᠲᠠᠴᠠ᠂ ᠬᠠᠥᠯᠢ ᠪᠠᠷ ᠵᠠᠰᠠᠬᠤ᠂ ᠬᠠᠷᠢᠭᠤᠴᠠᠯᠭ᠎ᠠ ᠶᠢᠨ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ᠪᠡᠯᠡᠳᠬᠡᠯ ᠲᠥᠰᠦᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠶᠤᠯ ᠢ ᠠᠷᠢᠯᠭᠠᠬᠤ᠂ ᠪᠡᠶ᠎ᠡ ᠶᠢᠨ ᠪᠠᠶᠢᠴᠠᠭᠠᠯᠲᠠ᠂ ᠬᠠᠮᠠᠭᠠᠯᠠᠯᠲᠠ᠂ ᠠᠮᠤᠷ ᠲᠦᠪᠰᠢᠨ ᠤ ᠠᠵᠢᠯ ᠢ ᠴᠢᠩᠭᠠᠳᠬᠠᠵᠤ᠂ ᠣᠳᠣᠬᠢᠴᠢᠯᠠᠭᠰᠠᠨ ᠤᠰᠤᠨ ᠴᠥᠭᠦᠷᠥᠮ ᠤᠨ ᠠᠵᠢᠯᠯᠠᠭᠠᠨ ᠤ ᠬᠠᠮᠢᠶᠠᠷᠤᠯᠲᠠ ᠶᠢᠨ ᠡᠩᠨᠡᠭᠡ ᠶᠢ ᠲᠦᠷᠭᠡᠨ ᠪᠠᠶᠢᠭᠤᠯᠵᠤ᠂ ᠤᠰᠤᠨ ᠴᠥᠭᠦᠷᠥᠮ ᠤᠨ ᠠᠵᠢᠯᠯᠠᠭᠠᠨ ᠤ ᠬᠠᠮᠢᠶᠠᠷᠤᠯᠲᠠ ᠶᠢ ᠨᠠᠷᠢᠯᠢᠭᠵᠢᠭᠤᠯᠬᠤ᠂ ᠮᠡᠳᠡᠭᠡ ᠵᠠᠩᠭᠢᠴᠢᠯᠠᠯᠲᠠ᠂ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠬᠠᠷᠢᠭᠤᠴᠠᠯᠭ᠎ᠠ ᠶᠢ ᠴᠢᠩᠭ᠎ᠠ         ᠨᠠᠶᠢᠳᠠᠪᠤᠷᠢᠵᠢᠭᠤᠯᠵᠤ᠂ ᠦᠶᠡᠷ ᠤᠨ ᠡᠮᠦᠨᠡᠬᠢ᠂ ᠦᠶᠡᠷ ᠤᠨ ᠳᠤᠮᠳᠠ᠂ ᠦᠶᠡᠷ ᠤᠨ ᠳᠠᠷᠠᠭᠠᠬᠢ ᠪᠠᠶᠢᠴᠠᠭᠠᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠤᠰᠤᠨ ᠴᠥᠭᠦᠷᠥᠮ ᠤᠨ ᠶᠡᠭᠡ ᠬᠠᠰᠢᠯᠭ᠎ᠠ᠂ ᠦᠶᠡᠷ ᠵᠠᠯᠠᠬᠤ ᠵᠠᠮ᠂ ᠬᠡᠢ ᠲᠠᠯᠪᠢᠬᠤ ᠪᠡᠯᠡᠳᠬᠡᠮᠵᠢ ᠵᠢᠴᠢ ᠨᠦᠯᠦᠮᠡᠯ ᠭᠠᠵᠠᠷ ᠤᠨ ᠬᠠᠰᠢᠯᠭ᠎ᠠ ᠵᠡᠷᠭᠡ ᠵᠠᠩᠭᠢᠯᠠᠭ᠎ᠠ ᠶᠢᠨ ᠬᠡᠰᠡᠭ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠨ ᠴᠢᠩᠭᠠᠳᠬᠠᠬᠤ ᠬᠡᠷᠡᠭᠲᠡᠶ᠃ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠶᠢ ᠲᠦᠷᠭᠡᠳᠬᠡᠨ ᠠᠬᠢᠭᠤᠯᠵᠤ᠂ ᠤᠰᠤᠨ ᠴᠥᠭᠦᠷᠥᠮ ᠤᠨ ᠳᠠᠯᠳᠠ ᠭᠡᠮ ᠢ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠶᠤᠯ ᠭᠡᠮ ᠲᠠᠢ ᠤᠰᠤᠨ ᠴᠥᠭᠦᠷᠥᠮ ᠢ ᠬᠢᠵᠠᠭᠠᠷᠯᠠᠨ ᠬᠡᠷᠡᠭᠯᠡᠬᠦ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠠᠷᠭ᠎ᠠ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠤᠰᠤᠨ ᠴᠥᠭᠦᠷᠥᠮ ᠤᠨ ᠪᠠᠭᠲᠠᠭᠠᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ︾ ᠶᠢ ᠪᠠᠶᠢᠩᠭᠤᠵᠢᠭᠤᠯᠤᠨ ᠵᠢᠷᠤᠮᠵᠢᠭᠤᠯᠬᠤ ᠶᠢ ᠭᠦᠨᠵᠡᠭᠡᠶ ᠠᠬᠢᠭᠤᠯᠵᠤ᠂ ᠴᠥᠭᠦᠷᠥᠮ ᠤᠨ ᠣᠷᠣᠨ ᠤ ᠪᠥᠲᠥᠭᠡᠨ ᠪᠠᠶᠢᠭᠤᠯᠤᠯᠲᠠ ᠬᠠᠮᠢᠶᠠᠷᠤᠯᠲᠠ ᠶᠢᠨ ᠠᠵᠢᠯᠯᠠᠭ᠎ᠠ ᠶᠢ ᠲᠣᠭᠲᠠᠭᠠᠯ ᠠᠴᠠ ᠵᠥᠷᠢᠴᠡᠨ ᠦᠶᠡᠷ ᠢ ᠰᠡᠷᠭᠡᠶᠢᠯᠡᠬᠦ ᠴᠥᠭᠦᠷᠥᠮ ᠤᠨ ᠪᠠᠭᠲᠠᠭᠠᠮᠵᠢ ᠶᠢ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠤᠰᠤᠨ ᠴᠥᠭᠦᠷᠥᠮ ᠤᠨ ᠪᠠᠭᠲᠠᠭᠠᠮᠵᠢ ᠶᠢᠨ ᠮᠤᠷᠤᠢ ᠱᠤᠭᠤᠮ ᠢ ᠳᠠᠬᠢᠨ ᠬᠢᠨᠠᠬᠤ ᠶᠢ ᠲᠦᠷᠭᠡᠳᠬᠡᠨ᠂ ᠤᠰᠤᠨ ᠴᠥᠭᠦᠷᠥᠮ ᠤᠨ ᠪᠠᠭᠲᠠᠭᠠᠮᠵᠢ ᠶᠢᠨ ᠠᠮᠤᠷ ᠲᠦᠪᠰᠢᠨ᠂ ᠶᠡᠭᠡ ᠬᠠᠰᠢᠯᠭ᠎ᠠ ᠶᠢᠨ ᠠᠮᠤᠷ ᠲᠦᠪᠰᠢᠨ᠂ ᠭᠤᠤᠯ ᠤᠨ ᠵᠠᠮ ᠤᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠶ᠃ ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ︽ᠳᠥᠷᠪᠡᠨ ᠤᠷᠢᠳᠴᠢᠯᠠᠭᠰᠠᠨ︾ ᠠᠷᠭ᠎ᠠ ᠬᠡᠮᠵᠢᠶ᠎ᠡ ᠶᠢ ᠬᠦᠴᠦᠯᠡᠨ ᠴᠢᠩᠭᠠᠳᠬᠠᠵᠤ᠂ ᠪᠣᠷᠣᠭᠠᠨ ᠤ ᠤᠰᠤᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠲᠦᠷᠭᠡᠳᠬᠡᠨ ᠪᠠᠶᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠲᠣᠭᠠᠴᠢᠯᠠᠭᠰᠠᠨ ᠢᠬᠡᠷ᠎ᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠵᠢᠯᠣᠭᠤᠳᠬᠤ ᠳᠤ ᠳᠡᠮᠵᠢᠯᠭᠡ ᠬᠠᠩᠭᠠᠬᠤ ᠬᠡᠷᠡᠭᠲᠡᠶ᠃ ᠤᠰᠤᠨ ᠴᠥᠭᠦᠷᠥᠮ ᠤᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠰᠠᠪᠠ ᠭᠠᠵᠠᠷ ᠤᠨ ᠤᠰᠤᠨ ᠴᠥᠭᠦᠷᠥᠮ ᠤᠨ ᠤᠯᠠᠨ ᠲᠦᠮᠡᠨ ᠢ ᠨᠢᠭᠡᠳᠦᠯᠲᠡᠢ ᠲᠤᠬᠢᠷᠠᠭᠤᠯᠬᠤ᠂ ᠬᠤᠯᠪᠣᠭᠠᠯᠠᠨ ᠲᠤᠬᠢᠷᠠᠭᠤᠯᠬᠤ᠂ ᠤᠨᠢᠨ ᠳᠡᠭᠡᠷ᠎ᠡ ᠨᠢ ᠲᠤᠬᠢᠷᠠᠭᠤᠯᠬᠤ ᠶᠢ ᠴᠢᠩᠭᠠᠳᠬᠠᠵᠤ᠂ ᠦᠶᠡᠷ ᠤᠨ ᠤᠰᠤᠨ ᠲᠦᠪᠰᠢᠨ ᠢ ᠬᠢᠵᠠᠭᠠᠷᠯᠠᠬᠤ ᠰᠦᠯᠵᠢᠶᠡᠨ ᠳᠡᠭᠡᠷᠡᠬᠢ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠥᠷᠨᠢᠭᠦᠯᠵᠦ᠂ ᠭᠤᠣᠯ ᠦᠶᠡᠷ ᠤᠨ ᠬᠤᠭᠤᠴᠠᠭᠠᠨ ᠤ ᠡᠮᠵᠡᠭ ᠠᠶᠤᠯ ᠲᠠᠢ ᠤᠰᠤᠨ ᠴᠥᠭᠦᠷᠥᠮ ᠢ ᠵᠠᠷᠴᠢᠮ ᠳᠡᠭᠡᠷ᠎ᠡ ᠪᠠᠨ ᠴᠥᠮ ᠬᠤᠭᠤᠰᠤᠨ ᠪᠣᠯᠭᠠᠬᠤ ᠬᠡᠷᠡᠭᠲᠡᠢ᠃ ᠪᠠᠷᠢᠮᠵᠢᠶ᠎ᠠ ᠠᠴᠠ ᠬᠡᠲᠦᠷᠡᠭᠦᠯᠦᠨ ᠦᠶᠡᠷ ᠢ ᠰᠡᠷᠭᠡᠶᠢᠯᠡᠬᠦ ᠪᠡᠯᠡᠳᠬᠡᠯ ᠢ ᠪᠦᠲᠦᠮᠵᠢᠲᠡᠶ ᠰᠠᠶᠢᠲᠤᠷ ᠬᠢᠵᠦ᠂ ᠤᠰᠤᠨ ᠴᠥᠭᠦᠷᠥᠮ ᠤᠨ ᠪᠠᠷᠢᠮᠵᠢᠶ᠎ᠠ ᠠᠴᠠ ᠬᠡᠲᠦᠷᠡᠭᠦᠯᠦᠨ ᠦᠶᠡᠷ ᠢ ᠰᠡᠷᠭᠡᠶᠢᠯᠡᠬᠦ ᠪᠡᠯᠡᠳᠬᠡᠯ ᠲᠥᠰᠦᠯ ᠢ ᠨᠢᠭᠡᠳ ᠨᠢᠭᠡ ᠪᠠᠷ ᠲᠡᠭᠦᠯᠳᠡᠷᠵᠢᠭᠦᠯᠵᠦ᠂ ᠤᠰᠤᠨ ᠴᠥᠭᠦᠷᠥᠮ ᠢ ᠲᠣᠭᠤᠷᠢᠨ ᠪᠠᠶᠢᠴᠠᠭᠠᠵᠤ ᠠᠶᠤᠯ ᠠᠴᠠ ᠠᠪᠤᠷᠠᠬᠤ ᠶᠢ ᠴᠢᠩᠭᠠᠳᠬᠠᠵᠤ᠂ ᠠᠶᠤᠯ ᠠᠴᠠ ᠠᠪᠤᠷᠠᠬᠤ ᠠᠵᠢᠯᠲᠠᠨ᠂ ᠮᠠᠲ᠋ᠧᠷᠢᠶᠠᠯ᠂ ᠲᠥᠬᠦᠭᠡᠷᠦᠮᠵᠢ ᠶᠢ ᠤᠷᠢᠳᠴᠢᠯᠠᠨ ᠲᠣᠬᠢᠷᠠᠭᠤᠯᠵᠤ᠂ ᠤᠰᠤᠨ ᠴᠥᠭᠦᠷᠥᠮ ᠤᠨ ᠬᠠᠰᠢᠯᠭ᠎ᠠ ᠨᠤᠷᠠᠬᠤ ᠶᠢ ᠡᠷᠡᠰ ᠰᠡᠷᠭᠡᠶᠢᠯᠡᠬᠦ ᠬᠡᠷᠡᠭᠲᠡᠶ ᠭᠡᠵᠡᠢ᠃  ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠤᠯᠤᠰ ᠤᠨ ᠡᠨᠧᠷᠭᠢ ᠶᠢᠨ ᠲᠣᠪᠴᠢᠶᠠᠨ ᠤ ᠬᠤᠯᠪᠣᠭᠳᠠᠯ ᠪᠦᠬᠦᠢ ᠵᠤᠷᠭᠠᠨ ᠲᠣᠪᠴᠢᠶᠠᠨ ᠤ ᠬᠠᠷᠢᠭᠤᠴᠠᠯᠭᠠᠲᠠᠨ᠂ ᠤᠯᠤᠰ ᠤᠨ ᠴᠠᠬᠢᠯᠭᠠᠨ ᠲᠣᠣᠷ᠂ ᠳᠤᠮᠳᠠᠳᠤ ᠤᠯᠤᠰ ᠤᠨ ᠬᠤᠸᠠ ᠨᠧᠩ᠂ ᠳᠤᠮᠳᠠᠳᠤ ᠤᠯᠤᠰ ᠤᠨ ᠳ᠋ᠠ ᠲᠠᠩ᠂ ᠳᠤᠮᠳᠠᠳᠤ ᠤᠯᠤᠰ ᠤᠨ ᠬᠤᠸᠠ ᠳ᠋ᠢᠶᠠᠨ᠂ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ᠂ ᠤᠯᠤᠰ ᠤᠨ ᠡᠨᠧᠷᠭᠢ ᠶᠢᠨ ᠪᠦᠯᠦᠭᠯᠡᠯ ᠵᠡᠷᠭᠡ ᠨᠢᠭᠡᠴᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ᠃ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠤᠰᠤᠨ ᠠᠰᠢᠭᠯᠠᠯᠲᠠ ︵ᠤᠰᠤᠨ ᠤ ᠶᠠᠪᠤᠳᠠᠯ︶ ᠶᠢᠨ ᠲᠢᠩᠬᠢᠮ ︵ᠲᠣᠪᠴᠢᠶ᠎ᠠ︶᠂ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠰᠠᠪᠠ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠰᠢᠶᠤᠤ ᠯᠠᠩ ᠳ᠋ᠢ ᠤᠰᠤᠨ ᠠᠰᠢᠭᠯᠠᠯᠲᠠ ᠶᠢᠨ ᠬᠦᠢᠰᠦ ᠶᠢᠨ ᠬᠠᠮᠢᠶᠠᠷᠤᠯᠲᠠ ᠶᠢᠨ ᠲᠥᠪ ᠤᠨ ᠬᠠᠷᠢᠭᠤᠴᠠᠯᠭᠠᠲᠠᠨ ᠨᠥᠬᠦᠳ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠠᠵᠢᠯᠲᠠᠨ᠂ ᠳᠤᠮᠳᠠᠳᠤ ᠤᠯᠤᠰ ᠤᠨ ᠭᠤᠷᠪᠠᠨ ᠬᠠᠪᠴᠢᠯ ᠤᠨ ᠪᠦᠯᠦᠭᠯᠡᠯ᠂ ᠡᠮᠦᠨᠡᠲᠦ ᠣᠷᠣᠨ ᠤ ᠴᠠᠬᠢᠯᠭᠠᠨ ᠲᠣᠤᠷ ᠤᠨ ᠬᠠᠷᠢᠭᠤᠴᠠᠯᠭᠠᠲᠠᠨ ᠡᠯ᠎ᠡ ᠭᠠᠵᠠᠷ ᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ 
 
ᠢᠷᠡᠯᠲᠡ᠄ ᠰᠢᠨᠬᠤᠸᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号