ᠬᠡᠯᠬᠢᠶᠡᠰᠦᠨ ᠨᠣᠮᠧᠷ᠄ 000014348/2024-02995 | ᠭᠤᠣᠯ ᠰᠡᠳᠦᠪ ᠤᠨ ᠠᠩᠭᠢᠯᠠᠯ᠄ ᠪᠤᠰᠤᠳ | ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ | ᠪᠢᠴᠢᠭ ᠤᠨ ᠳ᠋ᠤᠭᠠᠷ᠄ ᠦᠪᠦᠷ ᠤᠰᠤ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 10 ᠳ᠋ᠤᠭᠠᠷ | ᠲᠣᠭᠠᠲᠤ | ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 4 ᠳ᠋ᠦ᠋ᠭᠡᠷ ᠰᠠᠷ᠎ᠠ ᠶᠢᠨ 16 ᠤ ᠡᠳᠦᠷ | ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ | | ᠥᠪᠥᠷ ᠮᠣᠩᠭᠤᠯ ᠤᠨ ᠵᠥᠩ ᠭᠤᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠄ | ︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ | ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠶ | ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠤ ᠡᠬᠢ ᠪᠠᠶᠠᠯᠢᠭ ᠬᠠᠮᠢᠶᠠᠷᠤᠯᠲᠠ ﹇2020﹈ | 280 ᠳ᠋ᠤᠭᠠᠷ ᠲᠣᠭᠠᠲᠤ︶᠂ ︽ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠲᠠᠲᠠᠵᠤ ᠬᠡᠷᠡᠭᠯᠡᠬᠦ ᠲᠥᠷᠥᠯ | ᠵᠦᠢᠯ ᠤᠨ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢ ᠰᠢᠯᠵᠢᠭᠦᠯᠦᠨ ᠲᠤᠰᠢᠶᠠᠬᠤ ᠲᠤᠬᠠᠶ ᠬᠠᠲᠤᠨ | ᠭᠤᠤᠯ ᠤᠨ ᠪᠥᠲᠥᠭᠡᠨ ᠪᠠᠶᠢᠭᠤᠯᠤᠯᠲᠠ ᠶᠢᠨ ᠤᠰᠤᠨ ᠤ ᠡᠬᠢ ᠪᠠᠶᠠᠯᠢᠭ ᠤᠨ ᠲᠣᠪᠴᠢᠶ᠎ᠠ ᠶᠢᠨ ᠵᠠᠬᠢᠳᠠᠯ︾ ︵ | ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ﹇2020﹈ 33 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠲᠠᠨ ᠤ ᠺᠣᠮᠫᠠᠨᠢ ᠶᠢᠨ ᠲᠠᠷᠢᠶᠠᠨ ᠡᠮ ᠤᠨ ᠵᠠᠪᠰᠠᠷ ᠤᠨ | ᠴᠣᠭᠴᠠ ᠶᠢᠨ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ | ᠰᠢᠢᠳᠪᠦᠷᠢᠯᠡᠨ᠎ᠡ᠃ ᠬᠢᠨᠠᠨ ᠪᠠᠶᠢᠴᠠᠭᠠᠭᠰᠠᠨ ᠢᠶᠠᠷ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ | ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ | ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ | ︵ᠨᠢᠭᠡ︶ ᠵᠤᠷᠪᠤᠰ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ | ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ | ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ | ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠰᠤ ᠲᠠᠲᠠᠬᠤ ᠵᠥᠪᠰᠢᠶᠡᠷᠡᠯ ᠤᠨ | ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ᠃ | ᠥᠪᠥᠷ ᠮᠣᠩᠭᠤᠯ ᠤᠨ ᠵᠥᠩ ᠭᠤᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠨ | ᠡᠮ ᠤᠨ ᠵᠠᠪᠰᠠᠷ ᠤᠨ ᠴᠣᠭᠴᠠ ᠶᠢᠨ ᠲᠥᠷᠥᠯ ᠵᠦᠢᠯ ᠨᠢ ᠥᠪᠥᠷ ᠮᠣᠩᠭᠤᠯ ᠤᠨ ᠠᠯᠠᠱᠠ ᠠᠵᠤ ᠠᠬᠤᠶ ᠶᠢᠨ | ᠨᠡᠭᠡᠭᠡᠯᠲᠡ ᠶᠢᠨ ᠣᠷᠣᠨ ᠤ ᠪᠠᠶ᠋ᠬᠤᠪᠤᠭ᠎ᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ | ᠨᠡᠶᠢᠲᠡ 4 ᠲᠥᠷᠥᠯ ᠵᠦᠢᠯ ᠢ ᠪᠠᠭᠲᠠᠭᠠᠵᠤ᠂ ᠪᠦᠬᠦᠨ ᠢ ᠠᠯᠠᠱᠠ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ | ᠨᠡᠭᠡᠭᠡᠯᠲᠡ ᠶᠢᠨ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠳᠤ ᠳᠠᠩᠰᠠᠯᠠᠭᠤᠯᠪᠠ᠃ ᠲᠥᠷᠥᠯ ᠵᠦᠢᠯ ᠢ ᠳᠠᠩᠰᠠᠯᠠᠭᠤᠯᠬᠤ ᠬᠡᠪᠴᠢᠶ᠎ᠡ ᠨᠢ ᠵᠢᠯ ᠳᠤ | 10000 ᠲᠣᠨ ᠨᠢᠲᠷᠤ᠋ ᠬᠦᠬᠦᠷᠲᠦ ᠺᠧᠲ᠋ᠤᠨ ᠵᠡᠷᠭᠡ ᠤᠤᠯ ᠡᠮ ᠵᠢᠴᠢ ᠵᠠᠪᠰᠠᠷ ᠤᠨ ᠪᠡᠶ᠎ᠡ ᠶᠢᠨ ᠨᠢᠭᠡᠳᠦᠭᠡᠷ | ᠬᠤᠭᠤᠴᠠᠭ᠎ᠠ᠂ ᠵᠢᠯ ᠳᠤ 15 000 ᠲᠣᠨ ᠲᠠᠷᠢᠶᠠᠨ ᠡᠮ ᠦᠢᠯᠡᠳᠪᠦᠷᠢᠯᠡᠬᠦ ︵2 — ᠨᠢᠲᠷᠤ᠋ — 4 — ᠮᠧᠲ᠋ᠢᠯ | ᠹᠧᠨᠽᠧᠨ᠋ᠳᠤ ᠮᠧᠲ᠋ᠢᠯ ᠬᠦᠴᠢᠯ᠂ 1᠂ 3-ᠴᠠᠭᠠᠷᠢᠭ ᠬᠤᠶᠠᠷᠴᠢ ᠺᠧᠲ᠋ᠤᠨ︶᠂ ᠵᠢᠯ ᠳᠤ 1500 ᠲᠣᠨ K ᠬᠦᠴᠢᠯ | ᠦᠢᠯᠡᠳᠪᠦᠷᠢᠯᠡᠬᠦ ᠪᠠ ᠵᠢᠯ ᠳᠤ 2000 ᠲᠣᠨ MEA ᠵᠢᠴᠢ ᠵᠠᠪᠰᠠᠷ ᠤᠨ ᠴᠣᠭᠴᠠ ᠦᠢᠯᠡᠳᠪᠦᠷᠢᠯᠡᠬᠦ ᠪᠣᠯᠣᠨ᠎ᠠ᠃ | ᠲᠥᠷᠥᠯ ᠵᠦᠢᠯ ᠤᠨ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠭᠠᠷᠭᠠᠭᠰᠠᠨ ᠲᠤᠰ ᠲᠥᠷᠥᠯ ᠵᠦᠢᠯ ᠢ | ᠪᠣᠳᠠᠲᠠᠶ ᠪᠠᠷ ᠪᠠᠶᠢᠭᠤᠯᠤᠨ ᠪᠦᠲᠦᠭᠡᠵᠦ ᠦᠢᠯᠡᠳᠪᠦᠷᠢᠯᠡᠬᠦ ᠶᠢ ᠵᠥᠪᠰᠢᠶᠡᠷᠡᠭᠰᠡᠨ ᠲᠣᠳᠣᠷᠬᠠᠶᠢᠯᠠᠯᠲᠠ ᠶᠢ | ᠦᠨᠳᠦᠰᠦᠯᠡᠨ᠂ ᠲᠥᠷᠥᠯ ᠵᠦᠢᠯ ᠢ ᠪᠦᠲᠦᠭᠡᠨ ᠪᠠᠶᠢᠭᠤᠯᠤᠭᠰᠠᠨ ᠬᠡᠪᠴᠢᠶ᠎ᠡ ᠨᠢ ᠵᠢᠯ ᠳᠤ 5000 ᠲᠣᠨ ᠠᠽᠣᠲ | ᠬᠦᠬᠦᠷᠲᠦ ᠡᠪᠡᠰᠦᠨ ᠤ ᠺᠧᠲ᠋ᠣᠨ ᠦᠢᠯᠡᠳᠪᠦᠷᠢᠯᠡᠵᠦ᠂ ᠵᠢᠯ ᠳᠤ 1500 ᠲᠣᠨ ᠹᠧᠨᠽᠧᠨ᠋ᠽᠧᠨ ᠡᠪᠡᠰᠦᠨ ᠡᠮ ᠤᠨ | ᠤᠤᠯ ᠡᠮ ᠦᠢᠯᠡᠳᠪᠦᠷᠢᠯᠡᠵᠦ᠂ ᠵᠢᠯ ᠳᠤ 15000 ᠲᠣᠨ ᠲᠠᠷᠢᠶᠠᠨ ᠡᠮ ᠤᠨ ᠵᠠᠪᠰᠠᠷ ᠤᠨ ᠴᠣᠭᠴᠠ᠂ ᠵᠢᠯ ᠳᠤ | 1500 ᠲᠣᠨ K ᠬᠦᠴᠢᠯ ᠦᠢᠯᠡᠳᠪᠦᠷᠢᠯᠡᠬᠦ ᠪᠠ ᠵᠢᠯ ᠳᠤ 20000 ᠲᠣᠨ MEA ᠵᠢᠴᠢ ᠵᠠᠪᠰᠠᠷ ᠤᠨ ᠴᠣᠭᠴᠠ | ᠦᠢᠯᠡᠳᠪᠦᠷᠢᠯᠡᠬᠦ ᠪᠣᠯᠤᠨ᠎ᠠ᠃ | ᠲᠥᠷᠥᠯ ᠵᠦᠢᠯ ᠨᠢ ᠬᠠᠲᠤᠨ ᠭᠤᠤᠯ ᠤᠨ ᠭᠤᠤᠯ ᠤᠷᠤᠰᠬᠠᠯ ᠤᠨ ᠭᠠᠵᠠᠷ ᠳᠡᠭᠡᠷᠡᠬᠢ ᠤᠰᠤ ︵ᠠᠶᠢᠮᠠᠭ | ᠬᠤᠲᠠ ᠠᠯᠤᠰᠯᠠᠭᠰᠠᠨ ᠨᠢᠭᠡᠳᠦᠭᠡᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠬᠡᠬᠦ | ᠲᠤᠭ᠎ᠠ ᠪᠠᠷ᠂ ᠠᠯᠠᠱᠠ ᠠᠶᠢᠮᠠᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠲᠤᠨ ᠭᠤᠤᠯ ᠤᠨ ᠤᠰᠤ | ᠲᠠᠲᠠᠬᠤ ᠢᠨᠵᠧᠨᠧᠷᠢᠩ ᠢᠶᠠᠷ ᠤᠰᠤ ᠬᠠᠩᠭᠠᠵᠤ︶ ᠢᠶᠠᠷ ᠦᠢᠯᠡᠳᠪᠦᠷᠢᠯᠡᠯ ᠢᠶᠠᠷ ᠤᠰᠤ ᠲᠠᠲᠠᠬᠤ ᠤᠰᠤᠨ ᠰᠤᠷᠪᠤᠯᠵᠢ | ᠪᠣᠯᠭᠠᠵᠤ᠂ ᠠᠯᠠᠱᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠪᠠᠶ᠋ᠬᠤᠪᠤᠭ᠎ᠠ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠦᠭᠡᠭᠡᠯ ᠤᠰᠤ ᠪᠠᠷ ᠠᠮᠢᠳᠤᠷᠠᠯ ᠤᠨ ᠤᠰᠤ ᠲᠠᠲᠠᠬᠤ ᠤᠰᠤᠨ | ᠰᠤᠷᠪᠤᠯᠵᠢ ᠪᠣᠯᠭᠠᠬᠤ ᠶᠢ ᠵᠥᠪᠰᠢᠶᠡᠷᠡᠨ᠎ᠡ᠃ ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ ᠢ | ᠪᠣᠳᠣᠯᠬᠢᠯᠠᠭᠰᠠᠨ ᠤ ᠳᠠᠷᠠᠭ᠎ᠠ᠂ ᠲᠤᠰ ᠲᠥᠷᠥᠯ ᠵᠦᠢᠯ ᠤᠨ ᠶᠡᠷᠦᠩᠬᠡᠢ ᠤᠰᠤ ᠠᠪᠬᠤ ᠬᠡᠮᠵᠢᠶ᠎ᠡ 51.38 ᠲᠦᠮᠡᠨ | m3/a ᠢ ᠬᠢᠨᠠᠨ ᠲᠣᠭᠲᠠᠭᠠᠵᠤ᠂ ᠡᠭᠦᠨ ᠳᠤ ᠦᠢᠯᠡᠳᠪᠦᠷᠢᠯᠡᠯ ᠤᠨ ᠤᠰᠤ ᠲᠠᠲᠠᠬᠤ ᠬᠡᠮᠵᠢᠶ᠎ᠡ 49.55 ᠲᠦᠮᠡᠨ | m3/a ᠪᠠᠶᠢᠵᠦ᠂ ᠠᠮᠢᠳᠤᠷᠠᠯ ᠤᠨ ᠤᠰᠤ ᠲᠠᠲᠠᠬᠤ ᠬᠡᠮᠵᠢᠶ᠎ᠡ 1.83 ᠲᠦᠮᠡᠨ m3/a ᠪᠠᠶᠢᠨ᠎ᠠ᠃ ᠬᠢᠨᠠᠨ | ᠲᠣᠭᠲᠠᠭᠠᠭᠰᠠᠨ ᠨᠢᠭᠡᠴᠢ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ ᠱᠡᠦ ᠰᠢᠷ᠎ᠠ ᠡᠪᠡᠰᠦᠨ ᠤ ᠺᠧᠲ᠋ᠤᠨ 18. | 40m3/t ᠬᠢᠭᠡᠳ ᠪᠧᠨᠽᠧᠨ ᠤ ᠴᠢᠳᠠᠯᠲᠤ ᠡᠪᠡᠰᠦᠨ ᠤ ᠡᠨᠧᠷᠭᠢ ᠶᠢᠨ ᠨᠢᠭᠡᠴᠢ ᠪᠦᠲᠦᠭᠡᠭᠳᠡᠬᠦᠨ ᠤ ᠰᠢᠨ᠎ᠡ | ᠤᠰᠤᠨ ᠤ ᠬᠡᠮᠵᠢᠶ᠎ᠡ 20.04m3/t᠂ 2 — ᠨᠢᠲᠷᠤ᠋ ᠪᠦᠯᠦᠭ — 4-ᠮᠧᠲ᠋ᠢᠯ ᠬᠦᠴᠢᠯ ᠤᠨ ᠨᠢᠭᠡᠴᠢ | ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ 13.11m3/t᠂ 1᠂ 3- ᠴᠠᠭᠠᠷᠢᠭ ᠬᠤᠶᠠᠷᠴᠢ ᠲᠦᠷᠦᠯ ᠤᠨ | ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ 14.62m3/t᠂ K ᠬᠦᠴᠢᠯ ᠤᠨ ᠨᠢᠭᠡᠴᠢ ᠪᠦᠲᠦᠭᠡᠭᠳᠡᠬᠦᠨ ᠤ | ᠰᠢᠨ᠎ᠡ ᠤᠰᠤᠨ ᠤ ᠬᠡᠮᠵᠢᠶ᠎ᠡ 29.63/t᠂ MEA ᠨᠢᠭᠡᠴᠢ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ 4. | 92m3/t᠂ MEA ᠨᠢᠭᠡᠴᠢ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ 4.92m3/t ᠪᠤᠯᠤᠨ᠎ᠠ᠃ | 2 — ᠨᠢᠲᠷᠤᠫᠢᠨ — 4 — ᠬᠥᠬᠡ ᠰᠦᠢᠯᠦ᠋ᠨ ᠹᠧᠨᠽᠧᠨ᠋ᠳᠤ ᠮᠧᠲ᠋ᠢᠯ ᠬᠦᠴᠢᠯ ᠪᠠ 1᠂ 3-ᠴᠠᠭᠠᠷᠢᠭ | ᠬᠤᠶᠠᠷᠴᠢ ᠪᠣᠯ ᠨᠢᠲᠷᠤᠹᠦ᠋ ᠡᠪᠡᠰᠦᠨ ᠤ ᠦᠢᠯᠡᠳᠪᠦᠷᠢᠯᠡᠯ ᠤᠨ ᠵᠠᠪᠰᠠᠷ ᠤᠨ ᠴᠣᠭᠴᠠ ᠶᠢᠨ ᠲᠦᠭᠦᠬᠡᠶ ᠮᠠᠲ᠋ᠧᠷᠢᠶᠠᠯ | ᠦᠢᠯᠡᠳᠪᠦᠷᠢᠯᠡᠬᠦ ᠠᠽᠣᠲ ᠰᠢᠷ᠎ᠠ ᠡᠪᠡᠰᠦᠨ ᠤ ᠺᠧᠲ᠋ᠤᠨ ᠦᠢᠯᠡᠳᠪᠦᠷᠢᠯᠡᠬᠦ ᠪᠦᠬᠦ ᠶᠠᠪᠤᠴᠠ ᠶᠢᠨ ᠨᠢᠭᠡᠴᠢ | ᠦᠢᠯᠡᠳᠬᠦᠨ ᠤ ᠰᠢᠨ᠎ᠡ ᠤᠰᠤᠨ ᠤ ᠬᠡᠮᠵᠢᠶ᠎ᠡ 59.25m3/t ︵ᠦᠢᠯᠡᠳᠪᠦᠷᠢᠯᠡᠯ ᠤᠨ ᠵᠠᠪᠰᠠᠷ ᠤᠨ ᠴᠣᠭᠴᠠ ᠶᠢᠨ | ᠤᠰᠤ ᠪᠠᠭᠲᠠᠨ᠎ᠠ︶ ᠳᠤ᠂ ᠱᠡᠦ ᠬᠦᠬᠦᠷᠲᠦ ᠡᠪᠡᠰᠦᠨ ᠤ ᠺᠧᠲ᠋ᠣᠨ ᠪᠠ ᠪᠧᠨᠽᠧᠨ᠋ᠳᠤ ᠪᠦᠲᠦᠭᠡᠭᠳᠡᠬᠦᠨ ᠤ ᠰᠢᠨ᠎ᠡ | ᠤᠰᠤᠨ ᠤ ᠬᠡᠮᠵᠢᠶ᠎ᠡ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠪᠠᠷᠢᠮᠵᠢᠶ᠎ᠠ ᠶᠢᠨ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ︾ ︵DB15/T 385 — | 2020︶ ᠳᠠᠬᠢ ᠡᠪᠡᠰᠦ ᠠᠷᠢᠯᠭᠠᠬᠤ ᠡᠮ ᠤᠨ ᠤᠰᠤ ᠬᠡᠷᠡᠭᠯᠡᠬᠦ ᠲᠣᠭᠲᠠᠭᠰᠠᠨ ᠬᠡᠮᠵᠢᠭᠳᠡᠯ ᠤᠨ ᠱᠠᠭᠠᠷᠳᠠᠯᠭ᠎ᠠ | ᠪᠣᠯᠤᠨ᠎ᠠ︔ K ᠬᠦᠴᠢᠯ ᠵᠢᠴᠢ MEA ᠵᠢᠵᠢᠭ ᠤᠯᠡᠨ ᠤ ᠠᠵᠢᠯ ᠲᠥᠷᠥᠯ ᠳᠤ ᠬᠠᠷᠢᠶᠠᠯᠠᠭᠳᠠᠵᠤ᠂ ᠪᠥᠬᠦ | ᠤᠯᠤᠰ ᠤᠨ ᠡᠯ᠎ᠡ ᠭᠠᠵᠠᠷ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠨᠢ ᠴᠥᠮ | ᠬᠠᠮᠢᠶ᠎ᠠ ᠪᠥᠬᠦᠶ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠲᠣᠭᠲᠠᠭᠠᠯ ᠪᠠᠶᠢᠬᠤ ᠥᠬᠡᠶ᠂ ᠭᠠᠷ ᠤᠷᠠᠯᠠᠯ ᠤᠨ ᠵᠦᠶ | ᠶᠣᠰᠣᠴᠢ ᠴᠢᠨᠠᠷ᠂ ᠭᠤᠤᠯ ᠪᠣᠯᠬᠤ ᠤᠰᠤ ᠬᠡᠷᠡᠭᠯᠡᠬᠦ ᠨᠢᠭᠡᠴᠢ ᠳᠤ ᠤᠰᠤ ᠬᠡᠷᠡᠭᠯᠡᠬᠦ ᠵᠦᠶ ᠶᠣᠰᠣᠴᠢ ᠴᠢᠨᠠᠷ ᠵᠢᠴᠢ | ᠪᠣᠬᠢᠷ ᠤᠰᠤ ᠶᠢ ᠰᠢᠢᠳᠪᠦᠷᠢᠯᠡᠬᠦ ᠲᠥᠰᠦᠯ ᠤᠨ ᠵᠦᠶ ᠶᠣᠰᠣᠴᠢ ᠴᠢᠨᠠᠷ ᠵᠡᠷᠭᠡ ᠭᠤᠷᠪᠠᠨ ᠲᠠᠯ᠎ᠠ ᠪᠠᠷ ᠵᠠᠳᠠᠯᠤᠯᠲᠠ | ᠬᠢᠬᠦ ᠪᠠᠷ ᠳᠠᠮᠵᠢᠭᠤᠯᠤᠨ᠂ ᠲᠣᠰ ᠲᠥᠷᠥᠯ ᠵᠦᠢᠯ ᠤᠨ K ᠬᠦᠴᠢᠯ ᠵᠢᠴᠢ MEA ᠨᠢᠭᠡᠴᠢ ᠦᠢᠯᠡᠳᠬᠦᠨ ᠤ ᠰᠢᠨ᠎ᠡ | ᠤᠰᠤᠨ ᠤ ᠬᠡᠮᠵᠢᠶ᠎ᠡ ᠵᠦᠶ ᠵᠣᠬᠢᠰᠲᠠᠶ ᠪᠠᠶᠢᠨ᠎ᠠ᠃ ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠠᠮᠢᠳᠤᠷᠠᠯ ᠳᠤ | ᠬᠡᠷᠡᠭᠯᠡᠬᠦ ᠤᠰᠤᠨ ᠤ ᠭᠦᠢᠴᠡᠳᠬᠡᠬᠦ ᠲᠤᠭ᠎ᠠ ᠨᠢ 125.00L/ ᠬᠥᠮᠦᠨ d ᠪᠠᠶᠢᠵᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ︾ ︵ | DB15/T385—2020︶ ᠶᠢᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃ | ᠲᠥᠷᠥᠯ ᠵᠦᠢᠯ ᠨᠢ ᠤᠰᠤ ᠲᠠᠲᠠᠵᠤ ᠬᠡᠷᠡᠭᠯᠡᠬᠦ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠵᠢᠴᠢ ︽ᠭᠤᠷᠪᠠᠨ ᠵᠤᠷᠪᠤᠰ ᠤᠯᠠᠭᠠᠨ ᠱᠤᠭᠤᠮ︾ ᠤᠨ ᠭᠦᠢᠴᠡᠳᠬᠡᠬᠦ ᠲᠤᠭ᠎ᠠ ᠶᠢᠨ | ᠱᠠᠭᠠᠷᠳᠠᠯᠭ᠎ᠠ ᠳᠤ ᠨᠡᠶᠢᠴᠡᠨ᠎ᠡ᠃ | ᠲᠥᠷᠥᠯ ᠵᠦᠢᠯ ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ | ᠦᠨᠳᠦᠰᠦᠨ ᠳᠡᠭᠡᠨ ᠵᠥᠪᠰᠢᠶᠡᠷᠡᠨ᠎ᠡ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠲᠥᠬᠦᠭᠡᠷᠦᠮᠵᠢ ᠶᠢ ᠭᠤᠣᠯ ᠴᠣᠭᠴᠠ ᠶᠢᠨ ᠢᠨᠵᠧᠨᠧᠷᠢᠩ ᠲᠠᠢ ᠵᠡᠷᠭᠡ ᠪᠠᠷ | ᠵᠢᠷᠤᠵᠤ ᠲᠥᠯᠥᠪᠯᠡᠨ᠂ ᠵᠡᠷᠭᠡ ᠪᠠᠷ ᠪᠠᠷᠢᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃ | ᠲᠥᠷᠥᠯ ᠵᠦᠢᠯ ᠤᠨ ᠦᠢᠯᠡᠳᠪᠦᠷᠢᠯᠡᠯ᠂ ᠠᠮᠢᠳᠤᠷᠠᠯ ᠤᠨ ᠪᠣᠬᠢᠷ ᠤᠰᠤ ᠶᠢ ᠦᠢᠯᠡᠳᠪᠦᠷᠢ ᠶᠢᠨ ᠲᠣᠭᠤᠷᠢᠭ ᠤᠨ | ᠪᠣᠬᠢᠷ ᠤᠰᠤ ᠶᠢ ᠰᠢᠢᠳᠪᠦᠷᠢᠯᠡᠬᠦ ᠥᠷᠲᠡᠭᠡ ᠪᠠᠷ ᠳᠠᠮᠵᠢᠭᠤᠯᠤᠨ ᠰᠢᠢᠳᠪᠦᠷᠢᠯᠡᠵᠦ ᠪᠠᠷᠢᠮᠵᠢᠶ᠎ᠠ ᠳᠤ ᠬᠦᠷᠦᠭᠰᠡᠨ ᠤ | ᠳᠠᠷᠠᠭ᠎ᠠ ᠪᠦᠬᠦᠨ ᠢ ᠪᠤᠴᠠᠭᠠᠨ ᠬᠡᠷᠡᠭᠯᠡᠨ᠎ᠡ᠃ | ᠲᠠᠨ ᠤ ᠺᠣᠮᠫᠠᠨᠢ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ | ᠪᠣᠯᠤᠨ ︽ᠤᠰᠤ ᠠᠪᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠳᠦᠷᠢᠮ︾ ︵GB/T28714 | —2012︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠤᠰᠤ ᠠᠪᠬᠤ ᠬᠡᠮᠵᠢᠯᠲᠡ ᠶᠢᠨ ᠪᠡᠯᠡᠳᠬᠡᠮᠵᠢ ᠪᠣᠯᠤᠨ | ᠰᠦᠯᠵᠢᠶᠡᠨ ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠡᠭᠦᠨ ᠤ | ᠬᠡᠪ ᠤᠨ ᠠᠵᠢᠯᠯᠠᠭᠠᠨ ᠢ ᠪᠠᠲᠤᠯᠠᠵᠤ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ | ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ | ᠲᠣᠭᠲᠠᠭᠤᠨ ᠢᠶᠠᠷ ᠳᠠᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠰᠤ ᠠᠪᠬᠤ ᠪᠠᠷᠢᠯᠭ᠎ᠠ ᠪᠤᠶᠤ | ᠪᠡᠯᠡᠳᠬᠡᠮᠵᠢ ᠶᠢ ᠪᠠᠶᠢᠭᠤᠯᠵᠤ ᠳᠠᠭᠤᠰᠬᠠᠬᠤ ᠶᠢᠨ ᠬᠠᠮᠲᠤ ᠲᠤᠷᠰᠢᠨ ᠠᠵᠢᠯᠯᠠᠭᠤᠯᠤᠭᠠᠳ 30 ᠡᠳᠦᠷ ᠤᠨ ᠳᠠᠷᠠᠭ᠎ᠠ᠂ | ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ | ᠳᠦᠷᠢᠮ︾ ᠪᠣᠯᠤᠨ ︽ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠮᠠᠨ ᠤ ᠲᠢᠩᠬᠢᠮ ᠳᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ | ᠬᠠᠮᠲᠤ ᠬᠢᠨᠠᠨ ᠰᠢᠯᠭᠠᠭᠤᠯᠬᠤ ᠪᠠᠷ ᠭᠤᠶᠤᠴᠢᠯᠠᠬᠤ ᠬᠡᠷᠡᠭᠲᠡᠶ᠃ | ᠲᠤᠰ ᠲᠣᠭᠲᠠᠭᠠᠯ ᠤᠨ ᠬᠦᠴᠦᠨ ᠲᠠᠢ ᠬᠤᠭᠤᠴᠠᠭ᠎ᠠ ᠨᠢ 3 ᠵᠢᠯ ᠪᠣᠯᠣᠨ᠎ᠠ᠃ ᠬᠡᠷᠪᠡ ᠲᠤᠰ ᠲᠥᠷᠥᠯ | ᠵᠦᠢᠯ ᠤᠨ ᠰᠢᠨᠵᠢ ᠴᠢᠨᠠᠷ᠂ ᠬᠡᠪᠴᠢᠶ᠎ᠡ᠂ ᠤᠰᠤ ᠲᠠᠲᠠᠬᠤ ᠭᠠᠵᠠᠷ᠂ ᠤᠰᠤᠨ ᠤ ᠡᠬᠢ ᠰᠤᠷᠪᠤᠯᠵᠢ᠂ ᠤᠰᠤ ᠲᠠᠲᠠᠬᠤ | ᠬᠡᠮᠵᠢᠶ᠎ᠡ᠂ ᠤᠰᠤ ᠲᠠᠲᠠᠬᠤ ᠬᠡᠷᠡᠭᠴᠡᠭᠡ ᠵᠡᠷᠭᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠤᠰᠤ ᠲᠠᠲᠠᠬᠤ | ᠵᠥᠪᠰᠢᠶᠡᠷᠡᠯ ᠢ ᠳᠠᠬᠢᠵᠤ ᠭᠤᠶᠤᠴᠢᠯᠠᠬᠤ ᠬᠡᠷᠡᠭᠲᠡᠶ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠦᠢᠯᠡᠰ ᠤᠨ ᠬᠥᠭᠵᠢᠯᠲᠡ ᠶᠢᠨ ᠲᠥᠪ ᠤᠨ ︽ᠥᠪᠥᠷ ᠮᠣᠩᠭᠤᠯ ᠤᠨ ᠭᠤᠤ ᠵᠦᠩ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠨ ᠡᠮ ᠤᠨ ᠵᠠᠪᠰᠠᠷ ᠤᠨ ᠴᠣᠭᠴᠠ ᠶᠢᠨ ᠲᠥᠷᠥᠯ ᠵᠦᠢᠯ ᠤᠨ | ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ︾ ᠢ ᠬᠢᠨᠠᠨ ᠪᠠᠶᠢᠴᠠᠭᠠᠭᠰᠠᠨ | ᠰᠠᠨᠠᠯ ᠤᠨ ᠲᠤᠬᠠᠶ ᠮᠡᠳᠡᠭᠦᠯᠦᠯᠲᠡ | | 2024 ᠣᠨ ᠤ 4 ᠳ᠋ᠦ᠋ᠭᠡᠷ ᠰᠠᠷ᠎ᠠ ᠶᠢᠨ 16 ᠤ ᠡᠳᠦᠷ | ᠳᠠᠭᠠᠯᠳᠤᠭᠤᠯᠤᠯ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ | ᠬᠥᠭᠵᠢᠯᠲᠡ ᠶᠢᠨ ᠲᠥᠪ ᠤᠨ ᠮᠡᠷᠭᠡᠵᠢᠯ ᠤᠨ ᠬᠢᠨᠠᠯᠲᠠ ﹇2024﹈102 ᠳ᠋ᠤᠭᠠᠷ ᠲᠤᠭᠠᠲᠦ ︽ᠥᠪᠥᠷ | ᠮᠣᠩᠭᠤᠯ ᠤᠨ ᠭᠤᠤ ᠵᠦᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠨ ᠡᠮ ᠤᠨ | ᠵᠠᠪᠰᠠᠷ ᠤᠨ ᠴᠣᠭᠴᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ | ᠮᠡᠳᠡᠭᠦᠯᠦᠯᠲᠡ ᠶᠢᠨ ᠪᠢᠴᠢᠭ︾ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠮᠡᠳᠡᠭᠦᠯᠦᠯᠲᠡ 4.19.pdf | | |