ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠶᠢ ᠵᠦᠪᠰᠢᠶᠡᠷᠡᠬᠦ ᠳᠣᠭᠲᠠᠭᠠᠯ ᠤᠨ ᠪᠢᠴᠢᠭ
ᠨᠡᠶᠢᠲᠡᠯᠡᠭᠰᠡᠨ ᠴᠠᠭ᠄
2024/4/19
  ᠬᠡᠯᠬᠢᠶᠡᠰᠦᠨ ᠨᠣᠮᠧᠷ᠄ 000014348/2024-02995  ᠭᠤᠣᠯ ᠰᠡᠳᠦᠪ ᠤᠨ ᠠᠩᠭᠢᠯᠠᠯ᠄ ᠪᠤᠰᠤᠳ  ᠨᠡᠶᠢᠲᠡᠯᠡᠭᠰᠡᠨ ᠪᠠᠶᠢᠭᠤᠯᠤᠮᠵᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ  ᠪᠢᠴᠢᠭ ᠤᠨ ᠳ᠋ᠤᠭᠠᠷ᠄ ᠦᠪᠦᠷ ᠤᠰᠤ ᠬᠠᠮᠠᠭᠠᠯᠠᠬᠤ ᠵᠦᠪᠰᠢᠶᠡᠷᠡᠯ ᠲᠤᠭᠲᠠᠭᠠᠯ ﹇2024﹈ 10 ᠳ᠋ᠤᠭᠠᠷ ᠲᠣᠭᠠᠲᠤ  ᠪᠢᠴᠢᠭᠳᠡᠭᠰᠡᠨ ᠡᠳᠦᠷ ᠬᠤᠭᠤᠴᠠᠭ᠎ᠠ᠄ 2024 ᠣᠨ ᠤ 4 ᠳ᠋ᠦ᠋ᠭᠡᠷ ᠰᠠᠷ᠎ᠠ ᠶᠢᠨ 16 ᠤ ᠡᠳᠦᠷ  ᠠᠯᠪᠠᠨ ᠪᠢᠴᠢᠭ ᠤᠨ ᠬᠦᠴᠦᠨ ᠲᠠᠢ ᠬᠤᠭᠤᠴᠠᠭ᠎ᠠ᠄ ᠬᠦᠴᠦᠨ ᠲᠠᠢ ᠥᠪᠥᠷ ᠮᠣᠩᠭᠤᠯ ᠤᠨ ᠵᠥᠩ ᠭᠤᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠄  ︽ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠭᠠᠵᠠᠷ ᠣᠷᠣᠨ ᠳᠤ ᠤᠰᠤ ᠠᠪᠬᠤ ᠵᠥᠪᠰᠢᠶᠡᠷᠡᠯ ᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠤ ᠡᠬᠢ ᠪᠠᠶᠠᠯᠢᠭ ᠬᠠᠮᠢᠶᠠᠷᠤᠯᠲᠠ ﹇2020﹈ 280 ᠳ᠋ᠤᠭᠠᠷ ᠲᠣᠭᠠᠲᠤ︶᠂ ︽ᠬᠠᠲᠤᠨ ᠭᠤᠤᠯ ᠤᠨ ᠭᠤᠤᠯ ᠤᠷᠤᠰᠬᠠᠯ ᠤᠨ ᠤᠰᠤ ᠲᠠᠲᠠᠵᠤ ᠬᠡᠷᠡᠭᠯᠡᠬᠦ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢ ᠰᠢᠯᠵᠢᠭᠦᠯᠦᠨ ᠲᠤᠰᠢᠶᠠᠬᠤ ᠲᠤᠬᠠᠶ ᠬᠠᠲᠤᠨ ᠭᠤᠤᠯ ᠤᠨ ᠪᠥᠲᠥᠭᠡᠨ ᠪᠠᠶᠢᠭᠤᠯᠤᠯᠲᠠ ᠶᠢᠨ ᠤᠰᠤᠨ ᠤ ᠡᠬᠢ ᠪᠠᠶᠠᠯᠢᠭ ᠤᠨ ᠲᠣᠪᠴᠢᠶ᠎ᠠ ᠶᠢᠨ ᠵᠠᠬᠢᠳᠠᠯ︾ ︵ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ﹇2020﹈ 33 ᠳ᠋ᠤᠭᠠᠷ ᠲᠣᠭᠠᠲᠤ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠲᠠᠨ ᠤ ᠺᠣᠮᠫᠠᠨᠢ ᠶᠢᠨ ᠲᠠᠷᠢᠶᠠᠨ ᠡᠮ ᠤᠨ ᠵᠠᠪᠰᠠᠷ ᠤᠨ ᠴᠣᠭᠴᠠ ᠶᠢᠨ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠤᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠬᠢᠨᠠᠨ ᠪᠠᠶᠢᠴᠠᠭᠠᠭᠰᠠᠨ ᠢᠶᠠᠷ᠂ ᠲᠤᠰ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠶᠢᠨ ᠭᠤᠴᠢᠨ ᠨᠠᠢᠮᠠᠳᠤᠭᠠᠷ ᠵᠦᠢᠯ ᠤᠨ ᠨᠢᠭᠡᠳᠦᠭᠡᠷ ᠵᠤᠷᠪᠤᠰ᠂ ︽ᠤᠰᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭᠵᠢᠭᠦᠯᠬᠦ ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠤᠨ ︵ᠨᠢᠭᠡ︶ ᠵᠤᠷᠪᠤᠰ᠂ ︽ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ       ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠤᠰᠤ ᠲᠠᠲᠠᠬᠤ ᠵᠥᠪᠰᠢᠶᠡᠷᠡᠯ ᠤᠨ ᠭᠤᠶᠤᠴᠢᠯᠠᠯ ᠢ ᠵᠥᠪᠰᠢᠶᠡᠷᠡᠬᠦ ᠪᠠᠷ ᠲᠣᠭᠲᠠᠪᠠ᠃  ᠥᠪᠥᠷ ᠮᠣᠩᠭᠤᠯ ᠤᠨ ᠵᠥᠩ ᠭᠤᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠨ ᠡᠮ ᠤᠨ ᠵᠠᠪᠰᠠᠷ ᠤᠨ ᠴᠣᠭᠴᠠ ᠶᠢᠨ ᠲᠥᠷᠥᠯ ᠵᠦᠢᠯ ᠨᠢ ᠥᠪᠥᠷ ᠮᠣᠩᠭᠤᠯ ᠤᠨ ᠠᠯᠠᠱᠠ ᠠᠵᠤ ᠠᠬᠤᠶ ᠶᠢᠨ ᠨᠡᠭᠡᠭᠡᠯᠲᠡ ᠶᠢᠨ ᠣᠷᠣᠨ ᠤ ᠪᠠᠶ᠋ᠬᠤᠪᠤᠭ᠎ᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ ᠨᠡᠶᠢᠲᠡ 4 ᠲᠥᠷᠥᠯ ᠵᠦᠢᠯ ᠢ ᠪᠠᠭᠲᠠᠭᠠᠵᠤ᠂ ᠪᠦᠬᠦᠨ ᠢ ᠠᠯᠠᠱᠠ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠳᠠᠩᠰᠠᠯᠠᠭᠤᠯᠪᠠ᠃ ᠲᠥᠷᠥᠯ ᠵᠦᠢᠯ ᠢ ᠳᠠᠩᠰᠠᠯᠠᠭᠤᠯᠬᠤ ᠬᠡᠪᠴᠢᠶ᠎ᠡ ᠨᠢ ᠵᠢᠯ ᠳᠤ 10000 ᠲᠣᠨ ᠨᠢᠲᠷᠤ᠋ ᠬᠦᠬᠦᠷᠲᠦ ᠺᠧᠲ᠋ᠤᠨ ᠵᠡᠷᠭᠡ ᠤᠤᠯ ᠡᠮ ᠵᠢᠴᠢ ᠵᠠᠪᠰᠠᠷ ᠤᠨ ᠪᠡᠶ᠎ᠡ ᠶᠢᠨ ᠨᠢᠭᠡᠳᠦᠭᠡᠷ ᠬᠤᠭᠤᠴᠠᠭ᠎ᠠ᠂ ᠵᠢᠯ ᠳᠤ 15 000 ᠲᠣᠨ ᠲᠠᠷᠢᠶᠠᠨ ᠡᠮ ᠦᠢᠯᠡᠳᠪᠦᠷᠢᠯᠡᠬᠦ ︵2 — ᠨᠢᠲᠷᠤ᠋ — 4 — ᠮᠧᠲ᠋ᠢᠯ ᠹᠧᠨᠽᠧᠨ᠋ᠳᠤ ᠮᠧᠲ᠋ᠢᠯ ᠬᠦᠴᠢᠯ᠂ 1᠂ 3-ᠴᠠᠭᠠᠷᠢᠭ ᠬᠤᠶᠠᠷᠴᠢ ᠺᠧᠲ᠋ᠤᠨ︶᠂ ᠵᠢᠯ ᠳᠤ 1500 ᠲᠣᠨ K ᠬᠦᠴᠢᠯ ᠦᠢᠯᠡᠳᠪᠦᠷᠢᠯᠡᠬᠦ ᠪᠠ ᠵᠢᠯ ᠳᠤ 2000 ᠲᠣᠨ MEA ᠵᠢᠴᠢ ᠵᠠᠪᠰᠠᠷ ᠤᠨ ᠴᠣᠭᠴᠠ ᠦᠢᠯᠡᠳᠪᠦᠷᠢᠯᠡᠬᠦ ᠪᠣᠯᠣᠨ᠎ᠠ᠃ ᠲᠥᠷᠥᠯ ᠵᠦᠢᠯ ᠤᠨ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠭᠠᠷᠭᠠᠭᠰᠠᠨ ᠲᠤᠰ ᠲᠥᠷᠥᠯ ᠵᠦᠢᠯ ᠢ ᠪᠣᠳᠠᠲᠠᠶ ᠪᠠᠷ ᠪᠠᠶᠢᠭᠤᠯᠤᠨ ᠪᠦᠲᠦᠭᠡᠵᠦ ᠦᠢᠯᠡᠳᠪᠦᠷᠢᠯᠡᠬᠦ ᠶᠢ ᠵᠥᠪᠰᠢᠶᠡᠷᠡᠭᠰᠡᠨ ᠲᠣᠳᠣᠷᠬᠠᠶᠢᠯᠠᠯᠲᠠ ᠶᠢ       ᠦᠨᠳᠦᠰᠦᠯᠡᠨ᠂ ᠲᠥᠷᠥᠯ ᠵᠦᠢᠯ ᠢ ᠪᠦᠲᠦᠭᠡᠨ ᠪᠠᠶᠢᠭᠤᠯᠤᠭᠰᠠᠨ ᠬᠡᠪᠴᠢᠶ᠎ᠡ ᠨᠢ ᠵᠢᠯ ᠳᠤ 5000 ᠲᠣᠨ ᠠᠽᠣᠲ ᠬᠦᠬᠦᠷᠲᠦ ᠡᠪᠡᠰᠦᠨ ᠤ ᠺᠧᠲ᠋ᠣᠨ ᠦᠢᠯᠡᠳᠪᠦᠷᠢᠯᠡᠵᠦ᠂ ᠵᠢᠯ ᠳᠤ 1500 ᠲᠣᠨ ᠹᠧᠨᠽᠧᠨ᠋ᠽᠧᠨ ᠡᠪᠡᠰᠦᠨ ᠡᠮ ᠤᠨ ᠤᠤᠯ ᠡᠮ ᠦᠢᠯᠡᠳᠪᠦᠷᠢᠯᠡᠵᠦ᠂ ᠵᠢᠯ ᠳᠤ 15000 ᠲᠣᠨ ᠲᠠᠷᠢᠶᠠᠨ ᠡᠮ ᠤᠨ ᠵᠠᠪᠰᠠᠷ ᠤᠨ ᠴᠣᠭᠴᠠ᠂ ᠵᠢᠯ ᠳᠤ 1500 ᠲᠣᠨ K ᠬᠦᠴᠢᠯ ᠦᠢᠯᠡᠳᠪᠦᠷᠢᠯᠡᠬᠦ ᠪᠠ ᠵᠢᠯ ᠳᠤ 20000 ᠲᠣᠨ MEA ᠵᠢᠴᠢ ᠵᠠᠪᠰᠠᠷ ᠤᠨ ᠴᠣᠭᠴᠠ ᠦᠢᠯᠡᠳᠪᠦᠷᠢᠯᠡᠬᠦ ᠪᠣᠯᠤᠨ᠎ᠠ᠃  ᠲᠥᠷᠥᠯ ᠵᠦᠢᠯ ᠨᠢ ᠬᠠᠲᠤᠨ ᠭᠤᠤᠯ ᠤᠨ ᠭᠤᠤᠯ ᠤᠷᠤᠰᠬᠠᠯ ᠤᠨ ᠭᠠᠵᠠᠷ ᠳᠡᠭᠡᠷᠡᠬᠢ ᠤᠰᠤ ︵ᠠᠶᠢᠮᠠᠭ ᠬᠤᠲᠠ ᠠᠯᠤᠰᠯᠠᠭᠰᠠᠨ ᠨᠢᠭᠡᠳᠦᠭᠡᠷ ᠬᠤᠭᠤᠴᠠᠭᠠᠨ ᠤ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠬᠡᠬᠦ ᠲᠤᠭ᠎ᠠ ᠪᠠᠷ᠂ ᠠᠯᠠᠱᠠ ᠠᠶᠢᠮᠠᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠲᠤᠨ ᠭᠤᠤᠯ ᠤᠨ ᠤᠰᠤ ᠲᠠᠲᠠᠬᠤ ᠢᠨᠵᠧᠨᠧᠷᠢᠩ ᠢᠶᠠᠷ ᠤᠰᠤ ᠬᠠᠩᠭᠠᠵᠤ︶ ᠢᠶᠠᠷ ᠦᠢᠯᠡᠳᠪᠦᠷᠢᠯᠡᠯ ᠢᠶᠠᠷ ᠤᠰᠤ ᠲᠠᠲᠠᠬᠤ ᠤᠰᠤᠨ ᠰᠤᠷᠪᠤᠯᠵᠢ ᠪᠣᠯᠭᠠᠵᠤ᠂ ᠠᠯᠠᠱᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠪᠠᠶ᠋ᠬᠤᠪᠤᠭ᠎ᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠦᠭᠡᠭᠡᠯ ᠤᠰᠤ ᠪᠠᠷ ᠠᠮᠢᠳᠤᠷᠠᠯ ᠤᠨ ᠤᠰᠤ ᠲᠠᠲᠠᠬᠤ ᠤᠰᠤᠨ ᠰᠤᠷᠪᠤᠯᠵᠢ ᠪᠣᠯᠭᠠᠬᠤ ᠶᠢ ᠵᠥᠪᠰᠢᠶᠡᠷᠡᠨ᠎ᠡ᠃ ᠤᠰᠤ ᠳᠠᠮᠵᠢᠭᠤᠯᠬᠤ ᠪᠠ ᠴᠡᠪᠡᠷᠰᠢᠭᠦᠯᠦᠭᠰᠡᠨ ᠬᠤᠬᠢᠷᠠᠯ ᠢ ᠪᠣᠳᠣᠯᠬᠢᠯᠠᠭᠰᠠᠨ ᠤ ᠳᠠᠷᠠᠭ᠎ᠠ᠂ ᠲᠤᠰ ᠲᠥᠷᠥᠯ ᠵᠦᠢᠯ ᠤᠨ ᠶᠡᠷᠦᠩᠬᠡᠢ ᠤᠰᠤ ᠠᠪᠬᠤ ᠬᠡᠮᠵᠢᠶ᠎ᠡ 51.38 ᠲᠦᠮᠡᠨ m3/a ᠢ ᠬᠢᠨᠠᠨ ᠲᠣᠭᠲᠠᠭᠠᠵᠤ᠂ ᠡᠭᠦᠨ ᠳᠤ ᠦᠢᠯᠡᠳᠪᠦᠷᠢᠯᠡᠯ ᠤᠨ ᠤᠰᠤ ᠲᠠᠲᠠᠬᠤ ᠬᠡᠮᠵᠢᠶ᠎ᠡ 49.55 ᠲᠦᠮᠡᠨ m3/a ᠪᠠᠶᠢᠵᠦ᠂ ᠠᠮᠢᠳᠤᠷᠠᠯ ᠤᠨ ᠤᠰᠤ ᠲᠠᠲᠠᠬᠤ ᠬᠡᠮᠵᠢᠶ᠎ᠡ 1.83 ᠲᠦᠮᠡᠨ m3/a ᠪᠠᠶᠢᠨ᠎ᠠ᠃ ᠬᠢᠨᠠᠨ ᠲᠣᠭᠲᠠᠭᠠᠭᠰᠠᠨ ᠨᠢᠭᠡᠴᠢ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ ᠱᠡᠦ ᠰᠢᠷ᠎ᠠ ᠡᠪᠡᠰᠦᠨ ᠤ ᠺᠧᠲ᠋ᠤᠨ 18.40m3/t ᠬᠢᠭᠡᠳ ᠪᠧᠨᠽᠧᠨ ᠤ ᠴᠢᠳᠠᠯᠲᠤ ᠡᠪᠡᠰᠦᠨ ᠤ ᠡᠨᠧᠷᠭᠢ ᠶᠢᠨ ᠨᠢᠭᠡᠴᠢ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ 20.04m3/t᠂ 2 — ᠨᠢᠲᠷᠤ᠋ ᠪᠦᠯᠦᠭ — 4-ᠮᠧᠲ᠋ᠢᠯ ᠬᠦᠴᠢᠯ ᠤᠨ ᠨᠢᠭᠡᠴᠢ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ 13.11m3/t᠂ 1᠂ 3- ᠴᠠᠭᠠᠷᠢᠭ ᠬᠤᠶᠠᠷᠴᠢ ᠲᠦᠷᠦᠯ ᠤᠨ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ 14.62m3/t᠂ K ᠬᠦᠴᠢᠯ ᠤᠨ ᠨᠢᠭᠡᠴᠢ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ 29.63/t᠂ MEA ᠨᠢᠭᠡᠴᠢ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ 4.92m3/t᠂ MEA ᠨᠢᠭᠡᠴᠢ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ 4.92m3/t ᠪᠤᠯᠤᠨ᠎ᠠ᠃           2 — ᠨᠢᠲᠷᠤᠫᠢᠨ — 4 — ᠬᠥᠬᠡ ᠰᠦᠢᠯᠦ᠋ᠨ ᠹᠧᠨᠽᠧᠨ᠋ᠳᠤ ᠮᠧᠲ᠋ᠢᠯ ᠬᠦᠴᠢᠯ ᠪᠠ 1᠂ 3-ᠴᠠᠭᠠᠷᠢᠭ ᠬᠤᠶᠠᠷᠴᠢ ᠪᠣᠯ ᠨᠢᠲᠷᠤᠹᠦ᠋ ᠡᠪᠡᠰᠦᠨ ᠤ ᠦᠢᠯᠡᠳᠪᠦᠷᠢᠯᠡᠯ ᠤᠨ ᠵᠠᠪᠰᠠᠷ ᠤᠨ ᠴᠣᠭᠴᠠ ᠶᠢᠨ ᠲᠦᠭᠦᠬᠡᠶ ᠮᠠᠲ᠋ᠧᠷᠢᠶᠠᠯ ᠦᠢᠯᠡᠳᠪᠦᠷᠢᠯᠡᠬᠦ ᠠᠽᠣᠲ ᠰᠢᠷ᠎ᠠ ᠡᠪᠡᠰᠦᠨ ᠤ ᠺᠧᠲ᠋ᠤᠨ ᠦᠢᠯᠡᠳᠪᠦᠷᠢᠯᠡᠬᠦ ᠪᠦᠬᠦ ᠶᠠᠪᠤᠴᠠ ᠶᠢᠨ ᠨᠢᠭᠡᠴᠢ ᠦᠢᠯᠡᠳᠬᠦᠨ ᠤ ᠰᠢᠨ᠎ᠡ ᠤᠰᠤᠨ ᠤ ᠬᠡᠮᠵᠢᠶ᠎ᠡ 59.25m3/t ︵ᠦᠢᠯᠡᠳᠪᠦᠷᠢᠯᠡᠯ ᠤᠨ ᠵᠠᠪᠰᠠᠷ ᠤᠨ ᠴᠣᠭᠴᠠ ᠶᠢᠨ ᠤᠰᠤ ᠪᠠᠭᠲᠠᠨ᠎ᠠ︶ ᠳᠤ᠂ ᠱᠡᠦ ᠬᠦᠬᠦᠷᠲᠦ ᠡᠪᠡᠰᠦᠨ ᠤ ᠺᠧᠲ᠋ᠣᠨ ᠪᠠ ᠪᠧᠨᠽᠧᠨ᠋ᠳᠤ ᠪᠦᠲᠦᠭᠡᠭᠳᠡᠬᠦᠨ ᠤ ᠰᠢᠨ᠎ᠡ ᠤᠰᠤᠨ ᠤ ᠬᠡᠮᠵᠢᠶ᠎ᠡ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ︾ ︵DB15/T 385 — 2020︶ ᠳᠠᠬᠢ ᠡᠪᠡᠰᠦ ᠠᠷᠢᠯᠭᠠᠬᠤ ᠡᠮ ᠤᠨ ᠤᠰᠤ ᠬᠡᠷᠡᠭᠯᠡᠬᠦ ᠲᠣᠭᠲᠠᠭᠰᠠᠨ ᠬᠡᠮᠵᠢᠭᠳᠡᠯ ᠤᠨ ᠱᠠᠭᠠᠷᠳᠠᠯᠭ᠎ᠠ ᠪᠣᠯᠤᠨ᠎ᠠ︔ K ᠬᠦᠴᠢᠯ ᠵᠢᠴᠢ MEA ᠵᠢᠵᠢᠭ ᠤᠯᠡᠨ ᠤ ᠠᠵᠢᠯ ᠲᠥᠷᠥᠯ ᠳᠤ ᠬᠠᠷᠢᠶᠠᠯᠠᠭᠳᠠᠵᠤ᠂ ᠪᠥᠬᠦ ᠤᠯᠤᠰ ᠤᠨ ᠡᠯ᠎ᠡ ᠭᠠᠵᠠᠷ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠨᠢ ᠴᠥᠮ ᠬᠠᠮᠢᠶ᠎ᠠ ᠪᠥᠬᠦᠶ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠲᠣᠭᠲᠠᠭᠠᠯ ᠪᠠᠶᠢᠬᠤ ᠥᠬᠡᠶ᠂ ᠭᠠᠷ ᠤᠷᠠᠯᠠᠯ ᠤᠨ ᠵᠦᠶ ᠶᠣᠰᠣᠴᠢ ᠴᠢᠨᠠᠷ᠂ ᠭᠤᠤᠯ ᠪᠣᠯᠬᠤ ᠤᠰᠤ ᠬᠡᠷᠡᠭᠯᠡᠬᠦ ᠨᠢᠭᠡᠴᠢ ᠳᠤ ᠤᠰᠤ ᠬᠡᠷᠡᠭᠯᠡᠬᠦ ᠵᠦᠶ ᠶᠣᠰᠣᠴᠢ ᠴᠢᠨᠠᠷ ᠵᠢᠴᠢ ᠪᠣᠬᠢᠷ ᠤᠰᠤ ᠶᠢ ᠰᠢᠢᠳᠪᠦᠷᠢᠯᠡᠬᠦ ᠲᠥᠰᠦᠯ ᠤᠨ ᠵᠦᠶ ᠶᠣᠰᠣᠴᠢ ᠴᠢᠨᠠᠷ ᠵᠡᠷᠭᠡ ᠭᠤᠷᠪᠠᠨ ᠲᠠᠯ᠎ᠠ ᠪᠠᠷ ᠵᠠᠳᠠᠯᠤᠯᠲᠠ ᠬᠢᠬᠦ ᠪᠠᠷ ᠳᠠᠮᠵᠢᠭᠤᠯᠤᠨ᠂ ᠲᠣᠰ ᠲᠥᠷᠥᠯ ᠵᠦᠢᠯ ᠤᠨ K ᠬᠦᠴᠢᠯ ᠵᠢᠴᠢ MEA ᠨᠢᠭᠡᠴᠢ ᠦᠢᠯᠡᠳᠬᠦᠨ ᠤ ᠰᠢᠨ᠎ᠡ ᠤᠰᠤᠨ ᠤ ᠬᠡᠮᠵᠢᠶ᠎ᠡ ᠵᠦᠶ ᠵᠣᠬᠢᠰᠲᠠᠶ ᠪᠠᠶᠢᠨ᠎ᠠ᠃ ᠠᠵᠢᠯᠲᠠᠨ ᠠᠵᠢᠯᠴᠢᠨ ᠤ ᠶᠡᠷᠦᠩᠬᠡᠶᠢᠯᠡᠭᠰᠡᠨ ᠠᠮᠢᠳᠤᠷᠠᠯ ᠳᠤ ᠬᠡᠷᠡᠭᠯᠡᠬᠦ ᠤᠰᠤᠨ ᠤ ᠭᠦᠢᠴᠡᠳᠬᠡᠬᠦ ᠲᠤᠭ᠎ᠠ ᠨᠢ 125.00L/ ᠬᠥᠮᠦᠨ d ᠪᠠᠶᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠪᠠᠷᠢᠮᠵᠢᠶ᠎ᠠ︾ ︵DB15/T385—2020︶ ᠶᠢᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃ ᠲᠥᠷᠥᠯ ᠵᠦᠢᠯ ᠨᠢ ᠤᠰᠤ ᠲᠠᠲᠠᠵᠤ ᠬᠡᠷᠡᠭᠯᠡᠬᠦ ᠣᠷᠣᠨ ᠪᠦᠰᠡ ᠶᠢᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠵᠢᠴᠢ ︽ᠭᠤᠷᠪᠠᠨ ᠵᠤᠷᠪᠤᠰ ᠤᠯᠠᠭᠠᠨ ᠱᠤᠭᠤᠮ︾ ᠤᠨ ᠭᠦᠢᠴᠡᠳᠬᠡᠬᠦ ᠲᠤᠭ᠎ᠠ ᠶᠢᠨ ᠱᠠᠭᠠᠷᠳᠠᠯᠭ᠎ᠠ ᠳᠤ ᠨᠡᠶᠢᠴᠡᠨ᠎ᠡ᠃  ᠲᠥᠷᠥᠯ ᠵᠦᠢᠯ ᠳᠤ ᠳᠤᠷᠠᠳᠤᠭᠰᠠᠨ ᠤᠰᠤ ᠠᠷᠪᠢᠯᠠᠬᠤ ᠦᠨᠡᠯᠡᠯᠲᠡ ᠶᠢᠨ ᠬᠠᠮᠢᠶ᠎ᠠ ᠪᠦᠬᠦᠢ ᠠᠭᠤᠯᠭ᠎ᠠ ᠶᠢ ᠦᠨᠳᠦᠰᠦᠨ ᠳᠡᠭᠡᠨ ᠵᠥᠪᠰᠢᠶᠡᠷᠡᠨ᠎ᠡ᠃ ᠲᠠᠨ ᠤ ᠺᠣᠮᠫᠠᠨᠢ ᠬᠠᠮᠢᠶ᠎ᠠ ᠪᠦᠬᠦᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠲᠥᠬᠦᠭᠡᠷᠦᠮᠵᠢ ᠶᠢ ᠭᠤᠣᠯ ᠴᠣᠭᠴᠠ ᠶᠢᠨ ᠢᠨᠵᠧᠨᠧᠷᠢᠩ ᠲᠠᠢ ᠵᠡᠷᠭᠡ ᠪᠠᠷ ᠵᠢᠷᠤᠵᠤ ᠲᠥᠯᠥᠪᠯᠡᠨ᠂ ᠵᠡᠷᠭᠡ ᠪᠠᠷ ᠪᠠᠷᠢᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠬᠡᠷᠡᠭᠲᠡᠶ᠃  ᠲᠥᠷᠥᠯ ᠵᠦᠢᠯ ᠤᠨ ᠦᠢᠯᠡᠳᠪᠦᠷᠢᠯᠡᠯ᠂ ᠠᠮᠢᠳᠤᠷᠠᠯ ᠤᠨ ᠪᠣᠬᠢᠷ ᠤᠰᠤ ᠶᠢ ᠦᠢᠯᠡᠳᠪᠦᠷᠢ ᠶᠢᠨ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠥᠷᠲᠡᠭᠡ ᠪᠠᠷ ᠳᠠᠮᠵᠢᠭᠤᠯᠤᠨ ᠰᠢᠢᠳᠪᠦᠷᠢᠯᠡᠵᠦ ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠪᠦᠬᠦᠨ ᠢ ᠪᠤᠴᠠᠭᠠᠨ ᠬᠡᠷᠡᠭᠯᠡᠨ᠎ᠡ᠃  ᠲᠠᠨ ᠤ ᠺᠣᠮᠫᠠᠨᠢ ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠪᠣᠯᠤᠨ ︽ᠤᠰᠤ ᠠᠪᠬᠤ ᠬᠡᠮᠵᠢᠯᠲᠡ ᠶᠢᠨ ᠮᠡᠷᠭᠡᠵᠢᠯ ᠤᠨ ᠵᠢᠯᠣᠭᠤᠳᠬᠤ ᠳᠦᠷᠢᠮ︾ ︵GB/T28714 —2012︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠤᠰᠤ ᠠᠪᠬᠤ ᠬᠡᠮᠵᠢᠯᠲᠡ ᠶᠢᠨ ᠪᠡᠯᠡᠳᠬᠡᠮᠵᠢ ᠪᠣᠯᠤᠨ ᠰᠦᠯᠵᠢᠶᠡᠨ ᠳᠡᠭᠡᠷᠡᠬᠢ ᠬᠡᠮᠵᠢᠯᠲᠡ ᠶᠢᠨ ᠳᠠᠮᠵᠢᠭᠤᠯᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠲᠡᠭᠦᠨ ᠤ ᠬᠡᠪ ᠤᠨ ᠠᠵᠢᠯᠯᠠᠭᠠᠨ ᠢ ᠪᠠᠲᠤᠯᠠᠵᠤ᠂ ᠤᠰᠤᠨ ᠤ ᠬᠡᠮᠵᠢᠶ᠎ᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠣᠭᠲᠠᠭᠤᠨ ᠢᠶᠠᠷ ᠳᠠᠮᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠰᠤ ᠠᠪᠬᠤ ᠪᠠᠷᠢᠯᠭ᠎ᠠ ᠪᠤᠶᠤ ᠪᠡᠯᠡᠳᠬᠡᠮᠵᠢ ᠶᠢ ᠪᠠᠶᠢᠭᠤᠯᠵᠤ ᠳᠠᠭᠤᠰᠬᠠᠬᠤ ᠶᠢᠨ ᠬᠠᠮᠲᠤ ᠲᠤᠷᠰᠢᠨ ᠠᠵᠢᠯᠯᠠᠭᠤᠯᠤᠭᠠᠳ 30 ᠡᠳᠦᠷ ᠤᠨ ᠳᠠᠷᠠᠭ᠎ᠠ᠂ ︽ᠤᠰᠤ ᠠᠪᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠵᠠᠷᠤᠳᠠᠯ ᠲᠠᠲᠠᠪᠤᠷᠢᠯᠠᠬᠤ ᠬᠠᠮᠢᠶᠠᠷᠤᠯᠲᠠ ᠶᠢᠨ ᠳᠦᠷᠢᠮ︾ ᠪᠣᠯᠤᠨ ︽ᠤᠰᠤ ᠠᠪᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠮᠠᠨ ᠤ ᠲᠢᠩᠬᠢᠮ ᠳᠤ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠶᠢᠨ ᠬᠠᠮᠲᠤ ᠬᠢᠨᠠᠨ ᠰᠢᠯᠭᠠᠭᠤᠯᠬᠤ ᠪᠠᠷ ᠭᠤᠶᠤᠴᠢᠯᠠᠬᠤ ᠬᠡᠷᠡᠭᠲᠡᠶ᠃  ᠲᠤᠰ ᠲᠣᠭᠲᠠᠭᠠᠯ ᠤᠨ ᠬᠦᠴᠦᠨ ᠲᠠᠢ ᠬᠤᠭᠤᠴᠠᠭ᠎ᠠ ᠨᠢ 3 ᠵᠢᠯ ᠪᠣᠯᠣᠨ᠎ᠠ᠃ ᠬᠡᠷᠪᠡ ᠲᠤᠰ ᠲᠥᠷᠥᠯ ᠵᠦᠢᠯ ᠤᠨ ᠰᠢᠨᠵᠢ ᠴᠢᠨᠠᠷ᠂ ᠬᠡᠪᠴᠢᠶ᠎ᠡ᠂ ᠤᠰᠤ ᠲᠠᠲᠠᠬᠤ ᠭᠠᠵᠠᠷ᠂ ᠤᠰᠤᠨ ᠤ ᠡᠬᠢ ᠰᠤᠷᠪᠤᠯᠵᠢ᠂ ᠤᠰᠤ ᠲᠠᠲᠠᠬᠤ ᠬᠡᠮᠵᠢᠶ᠎ᠡ᠂ ᠤᠰᠤ ᠲᠠᠲᠠᠬᠤ ᠬᠡᠷᠡᠭᠴᠡᠭᠡ ᠵᠡᠷᠭᠡ ᠳᠤ ᠴᠢᠬᠤᠯᠠ ᠶᠡᠭᠡ ᠬᠤᠪᠢᠷᠠᠯᠲᠠ ᠭᠠᠷᠪᠠᠯ᠂ ᠤᠰᠤ ᠲᠠᠲᠠᠬᠤ ᠵᠥᠪᠰᠢᠶᠡᠷᠡᠯ ᠢ ᠳᠠᠬᠢᠵᠤ ᠭᠤᠶᠤᠴᠢᠯᠠᠬᠤ ᠬᠡᠷᠡᠭᠲᠡᠶ᠃  ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ︽ᠥᠪᠥᠷ ᠮᠣᠩᠭᠤᠯ ᠤᠨ ᠭᠤᠤ ᠵᠦᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠨ ᠡᠮ ᠤᠨ ᠵᠠᠪᠰᠠᠷ ᠤᠨ ᠴᠣᠭᠴᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ︾ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠮᠡᠳᠡᠭᠦᠯᠦᠯᠲᠡ  2024 ᠣᠨ ᠤ 4 ᠳ᠋ᠦ᠋ᠭᠡᠷ ᠰᠠᠷ᠎ᠠ ᠶᠢᠨ 16 ᠤ ᠡᠳᠦᠷ   ᠳᠠᠭᠠᠯᠳᠤᠭᠤᠯᠤᠯ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠮᠡᠷᠭᠡᠵᠢᠯ ᠤᠨ ᠬᠢᠨᠠᠯᠲᠠ ﹇2024﹈102 ᠳ᠋ᠤᠭᠠᠷ ᠲᠤᠭᠠᠲᠦ   ︽ᠥᠪᠥᠷ ᠮᠣᠩᠭᠤᠯ ᠤᠨ ᠭᠤᠤ ᠵᠦᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠲᠠᠷᠢᠶᠠᠨ ᠡᠮ ᠤᠨ ᠵᠠᠪᠰᠠᠷ ᠤᠨ ᠴᠣᠭᠴᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ︾ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠮᠡᠳᠡᠭᠦᠯᠦᠯᠲᠡ 4.19.pdf

 

 

 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠤᠰᠤᠨ ᠠᠰᠢᠬᠯᠠᠯᠳᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号