4 ᠳ᠋ᠦ᠋ᠭᠡᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠤᠰᠤᠨ ᠠᠰᠢᠭᠯᠠᠯᠲᠠ ᠶᠢᠨ ᠲᠢᠩᠬᠢᠮ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ | ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠰᠢᠶᠣᠣ ᠶᠢᠥ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠪᠠ᠃ | | | | | | ᠬᠤᠷᠠᠯ ᠠᠴᠠ ︽ᠰᠢ ᠶᠢᠨ ᠫᠢᠩ᠄ ᠰᠠᠬᠢᠯᠭ᠎ᠠ ᠪᠠᠲᠤ ᠶᠢ ᠦᠨᠡᠨ ᠬᠦ ᠴᠠᠬᠢᠯᠭᠠᠨ ᠲᠠᠢ ᠥᠨᠳᠥᠷ ᠬᠦᠴᠦᠳᠡᠯᠲᠦ | ᠴᠠᠬᠢᠯᠭᠠᠨ ᠤᠲᠠᠰᠤ ᠪᠣᠯᠭᠠᠬᠤ︾᠂ ︽ᠼᠠᠢ ᠴᠢ᠂ ᠯᠢ ᠰᠢ ᠨᠥᠬᠦᠷ ᠤᠨ ᠲᠥᠪ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶ᠎ᠠ︾᠂ ︽ | ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠦᠬᠦᠢ ᠠᠰᠠᠭᠤᠳᠠᠯ ᠤᠨ ᠬᠠᠷᠢᠭᠤᠯᠲᠠ | ︵ᠨᠢᠭᠡ︶︾ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ | ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ | ᠤᠩᠰᠢᠬᠤ ᠠᠩᠬᠢ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠳᠥᠷᠪᠡᠳᠦᠭᠡᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ ᠂ ᠲᠤᠰ ᠤᠳᠠᠭ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ | ᠨᠠᠮ ᠤᠨ ᠭᠡᠰᠢᠭᠦᠨ ᠤ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠬᠦ᠂ ᠨᠠᠮ ᠤᠨ ᠲᠡᠷᠢᠭᠦᠨ ᠤ ᠴᠢᠨᠠᠷ ᠢ | ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠤᠰᠤᠨ ᠠᠰᠢᠬᠯᠠᠯᠳᠠ ᠶᠢᠨ ᠲᠢᠩᠬᠢᠮ ᠤᠨ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ | ᠥᠷᠨᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠤ᠂ ᠲᠤᠮᠤ ᠨᠠᠮ ᠳᠤ ᠣᠨᠴᠠ ᠪᠠᠶᠢᠬᠤ ᠬᠦᠴᠢᠷ | ᠠᠰᠠᠭᠤᠳᠠᠯ ᠢ ᠰᠢᠢᠳᠪᠦᠷᠢᠯᠡᠬᠦ ᠰᠡᠷᠭᠡᠭ ᠡᠷᠡᠰ ᠪᠠᠲᠤ ᠪᠠᠶᠢᠬᠤ ᠶᠢ ᠢᠮᠠᠭᠲᠠ ᠪᠠᠲᠤᠯᠠᠵᠤ᠂ ︽ᠮᠡᠳᠡᠭᠳᠡᠯ︾ ᠤᠨ | ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠢᠶᠠᠨ ᠨᠢᠭᠡᠳᠦᠯᠲᠡᠢ | ᠲᠥᠯᠥᠪᠵᠢᠭᠦᠯᠬᠦ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ | ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠰᠤᠷᠤᠯᠴᠠᠯᠭ᠎ᠠ ᠶᠢᠨ ᠭᠤᠣᠯᠳᠠᠯᠭ᠎ᠠ ᠶᠢ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠢᠳᠭᠡᠯ ᠥᠭᠬᠦ ᠲᠦᠷᠢᠮ︾ ᠳᠤ ᠲᠥᠪᠯᠡᠷᠡᠭᠦᠯᠵᠦ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ ᠶᠢᠨ ᠰᠢᠢᠳᠭᠡᠯ | ᠥᠭᠬᠦ ᠭᠤᠣᠯ ᠠᠭᠤᠯᠭ᠎ᠠ ᠪᠣᠯᠤᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠦᠷᠢᠮ | ᠲᠣᠭᠲᠠᠭᠠᠯ ᠳᠠᠷᠠᠭᠠᠯᠠᠨ ᠰᠤᠷᠤᠯᠴᠠᠬᠤ᠂ ᠪᠣᠳᠠᠲᠠᠢ ᠲᠠᠢ ᠤᠶᠠᠯᠳᠤᠭᠤᠯᠤᠨ ᠰᠤᠷᠤᠯᠴᠠᠬᠤ ᠶᠢ ᠪᠠᠷᠢᠮᠲᠠᠯᠠᠵᠤ᠂ | ᠬᠡᠷᠡᠭ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠭᠠᠯᠲᠠ ᠪᠠᠷ ᠰᠤᠷᠤᠯᠭ᠎ᠠ ᠶᠢ ᠲᠡᠳᠬᠦᠬᠦ ᠶᠢ ᠰᠠᠶᠢᠲᠤᠷ ᠠᠳᠬᠤᠬᠤ | ᠬᠡᠷᠡᠭᠲᠡᠢ᠃ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠠᠵᠢᠯ ᠤᠨ ᠲᠥᠰᠦᠯ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠠᠵᠢᠯ ᠤᠨ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠠᠳᠬᠤᠵᠤ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠ ᠵᠢᠯᠣᠭᠤᠳᠤᠨ ᠠᠬᠢᠭᠤᠯᠬᠤ ᠶᠢ ᠴᠢᠩᠭᠠᠳᠬᠠᠵᠤ᠂ ᠬᠢᠨᠠᠯᠲᠠ ᠲᠠᠯᠪᠢᠵᠤ | ᠪᠠᠶᠢᠴᠠᠭᠠᠬᠤ ᠶᠢ ᠴᠢᠩᠳᠠᠯᠠᠵᠤ᠂ ᠤᠰᠤᠨ ᠠᠰᠢᠭᠯᠠᠯᠲᠠ ᠶᠢᠨ ᠰᠢᠰᠲ᠋ᠧᠮ ᠤᠨ ᠨᠠᠮ ᠤᠨ ᠭᠡᠰᠢᠭᠦᠨ ᠤᠳᠤᠷᠢᠳᠬᠤ | ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ | ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ︽ᠨᠢᠭᠡᠳᠦᠭᠡᠷ ᠵᠥᠪᠯᠡᠬᠦ ᠰᠡᠳᠦᠪ︾ ᠤᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ | ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠲᠦᠷᠢᠮ ᠢ ᠪᠦᠷᠢᠨᠰᠢᠬᠦᠯᠵᠤ᠂ | ᠨᠠᠮ ᠤᠨ ᠲᠦᠷᠢᠮ ᠤᠨ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠠᠷ ᠪᠦᠲᠦᠮᠵᠢᠲᠡᠢ ᠥᠷᠨᠢᠭᠦᠯᠬᠦ ᠬᠡᠷᠡᠭᠲᠡᠢ᠃ ᠤᠯᠤᠰ | ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠰᠢᠰᠲ᠋ᠧᠮ ᠤᠨ ᠡᠯ᠎ᠡ | ᠱᠠᠲᠤᠨ ᠤ ᠤᠳᠤᠷᠢᠳᠬᠤ ᠪᠠᠭ ᠤᠨ ᠪᠦᠷᠢᠯᠳᠦᠬᠦᠨ ᠨᠡᠷ ᠰᠡᠳᠦᠪ ᠳᠠᠭᠠᠭᠤᠯᠤᠨ ᠪᠠᠶᠢᠴᠠᠭᠠᠨ ᠰᠤᠳᠤᠯᠤᠯᠲᠠ ᠬᠢᠬᠦ | ᠲᠦᠷᠢᠮ ᠢ ᠲᠡᠭᠦᠯᠳᠡᠷᠵᠢᠭᠦᠯᠵᠦ᠂ ︽ᠭᠦᠨᠵᠡᠭᠡᠶ᠂ ᠪᠣᠳᠠᠲᠠᠶ᠂ ᠨᠠᠷᠢᠯᠢᠭ᠂ ᠣᠨᠣᠪᠴᠢᠲᠠᠶ᠂ ᠪᠦᠲᠦᠮᠵᠢᠲᠠᠢ︾ ᠭᠡᠬᠦ | ᠲᠠᠪᠤᠨ ᠲᠠᠯ᠎ᠠ ᠶᠢ ᠰᠠᠶᠢᠲᠤᠷ ᠬᠡᠷᠡᠭᠯᠡᠵᠦ᠂ ︽ᠳᠥᠷᠪᠡᠨ ᠦᠭᠡᠢ ᠬᠤᠶᠠᠷ ᠰᠢᠭᠤᠳ︾ ᠠᠷᠭ᠎ᠠ ᠬᠡᠯᠪᠡᠷᠢ ᠶᠢ ᠠᠪᠬᠤ ᠶᠢ | ᠴᠢᠬᠤᠯᠠᠴᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠣᠶ | ᠪᠣᠯᠭᠠᠬᠤ ᠪᠠ ᠦᠢᠯᠡᠳᠦᠯᠭᠡᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠣᠶᠢᠯᠠᠭᠠᠬᠤ ᠲᠤᠰᠬᠠᠶ | ᠰᠡᠳᠦᠪᠲᠦ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ︽ᠬᠤᠶᠠᠷ ᠢ | ᠨᠡᠷ᠎ᠡ ᠮᠡᠳᠡᠭᠦᠯᠬᠦ᠂ ᠬᠤᠶᠠᠷ ᠢ ᠦᠢᠯᠡᠴᠢᠯᠡᠬᠦ᠂ ᠬᠤᠶᠠᠷ ᠢ ᠮᠡᠳᠡᠭᠦᠯᠬᠦ︾ ᠲᠦᠷᠢᠮ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ᠃ ᠡᠮᠦᠨ᠎ᠡ ᠨᠢ ᠶᠠᠪᠤᠵᠤ ᠦᠯᠢᠭᠡᠷ ᠳᠠᠭᠤᠷᠢᠶᠠᠯ ᠪᠤᠯᠵᠤ᠂ ᠺᠠᠳ᠋ᠷᠴᠤᠳ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠮᠠᠰᠢᠭᠤᠯᠤᠨ ᠵᠣᠷᠢᠭᠵᠢᠭᠤᠯᠬᠤ ᠠᠷᠭ᠎ᠠ | ᠬᠡᠮᠵᠢᠶ᠎ᠡ ᠨᠦᠭᠦᠳ ᠢ ᠨᠠᠶᠢᠳᠠᠪᠤᠷᠢᠵᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ | ᠴᠥᠬᠦᠷᠡᠰᠢ ᠦᠭᠡᠢ ᠪᠠᠷᠢᠮᠲᠠᠯᠠᠵᠤ᠂ ︽ᠰᠢᠨ᠎ᠡ ᠲᠦᠷᠢ ᠲᠥᠷᠬᠦ ᠶᠢᠨ ᠢᠨᠵᠧᠨᠧᠷᠢᠩ︾ ᠢ ᠦᠷᠭᠦᠯᠵᠢᠯᠡᠨ ᠰᠡᠷᠭᠡᠶᠢᠯᠡᠨ | ᠵᠠᠯᠠᠷᠠᠭᠤᠯᠵᠤ᠂ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠰᠠᠶᠢᠲᠤᠷ | ᠠᠳᠬᠤᠬᠤ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ | ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠢ ᠨᠢᠭᠲᠠ | ᠤᠶᠠᠯᠳᠤᠭᠤᠯᠵᠤ᠂ ᠤᠰᠤᠨ ᠠᠰᠢᠭᠯᠠᠯᠲᠠ ᠶᠢᠨ ᠰᠢᠰᠲ᠋ᠧᠮ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠡᠢ᠃ ᠭᠤᠤᠯ ᠰᠡᠳᠦᠪᠲᠦ | ᠬᠥᠮᠦᠵᠢᠯ ᠪᠣᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠬᠢᠵᠢᠭᠦᠯᠦᠨ ᠥᠷᠭᠡᠳᠬᠡᠬᠦ ᠶᠢ | ᠤᠶᠠᠯᠳᠤᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠨᠠᠶᠢᠳᠠᠪᠤᠷᠢᠵᠢᠭᠤᠯᠬᠤ ᠠᠷᠭ᠎ᠠ | ᠬᠡᠮᠵᠢᠶ᠎ᠡ ᠶᠢ ᠰᠤᠳᠤᠯᠤᠨ ᠲᠣᠭᠲᠠᠭᠠᠵᠤ᠂ ᠪᠣᠳᠠᠲᠠᠶ ᠡᠭᠦᠷᠭᠡ᠂ ᠠᠷᠭᠠᠴᠠᠬᠤ ᠠᠷᠭ᠎ᠠ ᠬᠡᠮᠵᠢᠶ᠎ᠡ᠂ | ᠬᠠᠷᠢᠭᠤᠴᠠᠯᠭ᠎ᠠ ᠨᠢᠬᠡᠪᠦᠷᠢ ᠶᠢ ᠦᠨᠡᠨ ᠬᠦ ᠲᠣᠳᠣᠷᠬᠠᠶ ᠪᠤᠯᠭᠠᠵᠤ᠂ ᠲᠣᠳᠣᠷᠬᠠᠶ ᠲᠣᠭᠲᠠᠭᠠᠵᠤ᠂ ᠰᠠᠶᠢᠲᠤᠷ | ᠨᠠᠶᠢᠳᠠᠪᠤᠷᠢᠵᠢᠭᠤᠯᠬᠤ ᠬᠡᠷᠡᠭᠲᠡᠶ᠃ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠢᠭᠤᠴᠠ ᠳᠤ ᠬᠤᠯᠪᠣᠭᠳᠠᠬᠤ ᠪᠤᠰᠤ ᠪᠢᠴᠢᠭ ᠮᠠᠲ᠋ᠧᠷᠢᠶᠠᠯ ᠤᠨ ᠮᠡᠳᠡᠭᠡ ᠵᠠᠩᠭᠢ ᠵᠡᠷᠭᠡ ᠠᠰᠠᠭᠤᠳᠠᠯ | ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠡᠢ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ︵ | ᠥᠷᠭᠡᠳᠬᠡᠭᠰᠡᠨ︶ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ︵ᠡᠬᠡ ᠪᠢᠴᠢᠭ ᠢ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠴᠠ ᠬᠠᠩᠭᠠᠪᠠ︶ | |